ᠮᠠᠨ ᠤ ᠬᠤᠳᠠ ᠣᠷᠣᠨ ᠤ ᠲᠥᠪ ᠤᠨ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮᠵᠢ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠶᠡᠭᠡ ᠬᠤᠷᠠᠯ ᠬᠤᠷᠠᠯᠳᠤᠭᠤᠯᠵᠤ᠂ ᠪᠤᠤ ᠭᠠᠩ ᠬᠤᠷᠠᠯ ᠳᠤ ᠤᠷᠤᠯᠴᠠᠵᠦ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2023/3/30
      3 ᠳ᠋ᠤᠭᠠᠷ ᠰᠠᠷ᠎ᠠ ᠶᠢᠨ 28 ᠤ ᠡᠳᠦᠷ᠂ ᠮᠠᠨ ᠤ ᠬᠤᠲᠠ ᠣᠷᠣᠨ ᠤ ᠲᠥᠪ ᠤᠨ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠶᠡᠭᠡ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠨ ᠱᠠᠲᠤᠨ ᠤ ᠵᠠᠰᠠᠯᠲᠠ ᠶᠢᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠷᠣᠨ ᠤ ᠲᠥᠪ ᠤᠨ ᠦᠨᠳᠦᠰᠦᠨ ᠱᠠᠲᠤᠨ ᠤ ᠵᠠᠰᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃
     ᠬᠤᠷᠠᠯ ᠠᠴᠠ ᠵᠢᠭᠠᠵᠤ ᠭᠠᠷᠭᠠᠭᠰᠠᠨ ᠨᠢ᠂ ᠮᠠᠨ ᠤ ᠬᠤᠳᠠ ᠶᠢᠨ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮᠵᠢ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ᠂ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠳᠠ ᠶᠢ ᠪᠦᠲᠦᠭᠡᠨ ᠪᠠᠶᠢᠭᠤᠯᠬᠤ ᠪᠣᠳᠠᠲᠠᠢ ᠠᠵᠢᠯᠯᠠᠭ᠎ᠠ ᠪᠣᠯᠣᠨ᠎ᠠ᠃ ᠡᠭᠦᠷᠭᠡ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠵᠣᠷᠢᠭᠲᠠᠢ ᠪᠠᠷ ᠬᠢᠵᠦ ᠵᠣᠷᠢᠭᠲᠠᠢ ᠪᠠᠷ ᠲᠤᠷᠰᠢᠵᠤ᠂ ᠵᠣᠷᠢᠭᠲᠠᠢ ᠪᠠᠷ ᠦᠢᠯᠡᠳᠦᠯᠭᠡᠵᠢᠭᠦᠯᠵᠦ᠂ ᠪᠦᠬᠦ ᠣᠷᠣᠨ ᠤ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮᠵᠢ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤᠮᠳᠠ ᠤᠷᠢᠳᠠᠪᠠᠷ ᠰᠠᠶᠢᠨ ᠵᠢᠱᠢᠶ᠎ᠡ ᠦᠵᠡᠭᠦᠯᠬᠦ ᠬᠡᠷᠡᠭᠲᠡᠢ ᠭᠡᠵᠡᠢ᠃
     ᠬᠤᠷᠠᠯ ᠠᠴᠠ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠲᠦᠷᠪᠡᠨ ᠰᠢᠰᠲ᠋ᠧᠮᠵᠢ︾ ᠶᠢ ᠲᠠᠬᠢᠨ ᠪᠠᠶᠢᠭᠤᠯᠬᠤ ᠪᠠᠷ ᠭᠤᠣᠯᠳᠠᠭᠤᠯᠵᠤ᠂ ︽ᠲᠦᠷᠪᠡᠨ ᠳᠤᠲᠠᠭᠤᠳᠠᠯ︾ ᠢ ᠨᠥᠬᠦᠪᠦᠷᠢᠯᠡᠵᠦ᠂ ᠣᠶᠢᠷ᠎ᠠ ᠶᠢᠨ ᠬᠤᠭᠤᠴᠠᠭᠠᠨ ᠳᠤ ᠮᠠᠨ ᠤ ᠬᠤᠳᠠ ᠶᠢᠨ ᠨᠡᠶᠢᠲᠡᠯᠡᠭᠰᠡᠨ ︽ᠣᠷᠣᠨ ᠤ ᠲᠥᠪ ᠬᠤᠳᠠ ᠶᠢᠨ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠪᠣᠯᠣᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠲᠤᠬᠠᠢ ᠬᠡᠷᠡᠭᠵᠢᠭᠦᠯᠬᠦ ᠰᠠᠨᠠᠯ ︾ ᠵᠢᠴᠢ ᠬᠠᠮᠢᠶ᠎ᠠ ᠪᠦᠬᠦᠢ ᠢᠵᠢ ᠪᠦᠷᠢᠳᠦᠭᠰᠡᠨ ᠪᠢᠴᠢᠭ ᠮᠠᠲᠧᠷᠢᠶᠠᠯ ᠢ ᠰᠠᠶᠢᠲᠤᠷ ᠨᠠᠶᠢᠳᠠᠪᠤᠷᠢᠵᠢᠭᠤᠯᠵᠤ᠂ ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠪᠠ ᠰᠢᠨ᠎ᠡ ᠶᠢ ᠡᠭᠦᠳᠴᠦ᠂ ᠬᠤᠳᠠ ᠶᠢᠨ ᠵᠠᠰᠠᠯᠲᠠ ᠶᠢᠨ ᠴᠢᠳᠠᠪᠤᠷᠢ ᠶᠢᠨ ᠲᠡᠰ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠡᠨᠡ ᠬᠦ ᠵᠠᠩᠭᠢᠯᠠᠭ᠎ᠠ ᠶᠢ ᠪᠠᠲᠤ ᠠᠳᠬᠤᠵᠤ᠂ ᠦᠨᠳᠦᠰᠦᠨ ᠱᠠᠲᠤᠨ ᠤ ᠲᠤᠷᠤᠢ ᠪᠠᠭᠤᠷᠠᠢ ᠰᠤᠯᠠ ᠵᠠᠳᠠᠭᠠᠢ ᠨᠠᠮ ᠤᠨ ᠵᠣᠬᠢᠶᠠᠨ ᠪᠠᠶᠢᠭᠤᠯᠤᠯᠲᠠ ᠶᠢ ᠶᠡᠭᠡ ᠪᠠᠷ ᠴᠡᠭᠴᠡᠯᠡᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢᠭᠡᠪᠦᠷᠢ ᠶᠢ ᠦᠨᠡᠨ ᠬᠦ ᠬᠥᠭᠵᠢᠯᠲᠡ ᠶᠢ ᠠᠬᠢᠭᠤᠯᠬᠤ᠂ ᠤᠯᠠᠨ ᠲᠦᠮᠡᠨ ᠳᠤ ᠦᠢᠯᠡᠴᠢᠯᠡᠬᠦ᠂ ᠬᠥᠮᠥᠰ ᠤᠨ ᠰᠡᠳᠬᠢᠯ ᠢ ᠨᠢᠭᠲᠠᠷᠠᠭᠤᠯᠬᠤ᠂ ᠡᠶ᠎ᠡ ᠵᠣᠬᠢᠴᠠᠯ ᠢ ᠠᠬᠢᠭᠤᠯᠬᠤ ᠪᠠᠲᠤ ᠴᠢᠩᠭ᠎ᠠ ᠲᠠᠶᠢᠴᠢᠨ ᠪᠠᠬᠢᠯᠡᠯᠲᠡ ᠪᠣᠯᠭᠠᠨ ᠪᠠᠶᠢᠭᠤᠯᠬᠤ ᠬᠡᠷᠡᠭᠲᠡᠢ᠃ ᠬᠡᠪ ᠤᠨ ᠤᠷᠳᠤ ᠬᠤᠭᠤᠴᠠᠭᠠᠨ ᠤ ᠪᠦᠲᠦᠮᠵᠢᠲᠡᠢ ᠳᠠᠭᠠᠭᠠᠴᠢᠯᠠᠨ ᠬᠤᠯᠪᠣᠭᠠᠯᠠᠬᠤ ᠠᠵᠢᠯ ᠤᠨ ᠲᠣᠭᠲᠠᠴᠠ ᠶᠢ ᠰᠠᠶᠢᠲᠤᠷ ᠨᠠᠶᠢᠳᠠᠪᠤᠷᠢᠵᠢᠭᠤᠯᠵᠤ᠂ ᠳᠠᠭᠠᠭᠠᠴᠢᠯᠠᠨ ᠬᠤᠯᠪᠣᠭᠠᠯᠠᠬᠤ ᠭᠠᠵᠠᠷ ᠣᠷᠣᠨ ᠤ ᠬᠦᠴᠢᠷᠳᠡᠯ ᠲᠠᠢ ᠠᠰᠠᠭᠤᠳᠠᠯ ᠢ ᠦᠨᠡᠨ ᠰᠡᠳᠬᠢᠯ ᠠᠴᠠ ᠪᠠᠨ ᠰᠢᠢᠳᠪᠦᠷᠢᠯᠡᠵᠦ ᠥᠭᠬᠦ ᠬᠡᠷᠡᠭᠲᠡᠢ᠃ ᠡᠷᠬᠡ ᠬᠠᠷᠢᠭᠤᠴᠠᠯᠭ᠎ᠠ ᠶᠢ ᠨᠢᠭᠡᠳᠬᠡᠬᠦ ᠶᠢ ᠴᠢᠩᠭᠠᠳᠬᠠᠵᠤ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠷᠠᠳᠢᠦ᠋ᠰ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠨᠡᠶᠢᠭᠡᠮ ᠲᠣᠭᠤᠷᠢᠭ ᠤᠨ ᠬᠡᠪᠴᠢᠶ᠎ᠡ ᠶᠢ ᠲᠣᠬᠢᠷᠠᠮᠵᠢᠲᠠᠢ ᠪᠠᠶᠢᠯᠭᠠᠬᠤ᠂ ᠬᠥᠮᠥᠨ ᠠᠮᠠ ᠶᠢ ᠲᠣᠬᠢᠷᠠᠮᠵᠢᠲᠠᠢ ᠪᠠᠶᠢᠯᠭᠠᠬᠤ᠂ ᠬᠠᠮᠢᠶᠠᠷᠤᠯᠲᠠ ᠶᠢ ᠲᠦᠭᠦᠮ ᠪᠠᠶᠢᠯᠭᠠᠬᠤ᠂ ᠬᠠᠪᠲᠠᠭᠠᠢ ᠶᠢ ᠵᠠᠰᠠᠬᠤ ᠶᠢ ᠠᠬᠢᠭᠤᠯᠬᠤ ᠬᠡᠷᠡᠭᠲᠡᠢ᠃ ︽ᠵᠡᠭᠡᠯᠢ ᠭᠤᠳᠤᠮᠵᠢ ᠳᠤ ᠱᠦᠭᠯᠦ ᠦᠯᠢᠶᠡᠬᠦ᠂ ᠰᠠᠯᠠᠭ᠎ᠠ ᠮᠥᠴᠢᠷ ᠨᠡᠷ᠎ᠡ ᠮᠡᠳᠡᠭᠦᠯᠬᠦ︾ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ︽ᠨᠡᠶᠢᠭᠡᠮ ᠲᠣᠭᠤᠷᠢᠭ ᠲᠤ ᠬᠡᠷᠡᠭᠴᠡᠭᠡ ᠲᠠᠢ᠂ ᠰᠠᠯᠠᠭ᠎ᠠ ᠮᠥᠴᠢᠷ ᠬᠠᠷᠢᠭᠤ ᠲᠤᠰᠬᠠᠯ ᠲᠠᠢ︾ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠳᠠᠷᠤᠭᠠᠰᠤ ᠶᠢ ᠬᠥᠩᠭᠡᠯᠡᠵᠦ ᠦᠷ᠎ᠡ ᠠᠰᠢᠭ ᠢ ᠨᠡᠮᠡᠭᠳᠡᠭᠦᠯᠦᠨ ᠡᠨᠧᠷᠭᠢ ᠣᠯᠭᠤᠬᠤ ᠶᠢ ᠴᠢᠩᠭᠠᠳᠬᠠᠵᠤ᠂ ᠪᠢᠴᠢᠭ ᠶᠢ ᠬᠠᠰᠤᠵᠤ᠂ ᠬᠤᠷᠠᠯ ᠤᠨ ᠳᠠᠯᠠᠢ ᠶᠢ ᠳᠦᠭᠦᠷᠭᠡᠵᠦ᠂ ᠬᠦᠰᠦᠨᠦᠭ ᠲᠠᠭᠯᠠᠵᠤ ᠲᠤᠭ᠎ᠠ ᠮᠡᠳᠡᠭᠦᠯᠬᠦ ᠶᠢ ᠪᠠᠭᠠᠰᠬᠠᠵᠤ᠂ ᠵᠢᠷᠭᠢᠶ᠎ᠡ ᠶᠢᠨ ᠪᠦᠯᠦᠭᠯᠡᠯ ᠢ ᠴᠡᠪᠡᠷᠯᠡᠨ ᠵᠢᠷᠤᠮᠵᠢᠭᠤᠯᠵᠤ᠂ ︽ᠬᠤᠷᠤᠭᠤᠨ ᠦᠵᠦᠭᠦᠷ ᠲᠠᠬᠢ ᠬᠡᠯᠪᠡᠷᠢᠴᠢ ᠦᠵᠡᠯ︾ ᠢ ᠠᠷᠢᠯᠭᠠᠬᠤ ᠬᠡᠷᠡᠭᠲᠡᠢ᠃ ᠨᠡᠶᠢᠭᠡᠮ ᠲᠣᠭᠤᠷᠢᠭ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠨᠡᠶᠢᠭᠡᠮ ᠲᠣᠭᠤᠷᠢᠭ ᠤᠨ ᠡᠯ᠎ᠡ ᠲᠥᠷᠥᠯ ᠤᠨ ᠴᠢᠬᠤᠯᠠ ᠪᠤᠰᠤ ᠠᠵᠢᠯ ᠤᠨ ᠵᠦᠢᠯᠡᠰ ᠢ ᠬᠦᠴᠦᠨ ᠦᠭᠡᠢ ᠪᠣᠯᠭᠠᠵᠤ᠂ ᠨᠡᠶᠢᠭᠡᠮ ᠲᠣᠭᠤᠷᠢᠭ ᠤᠨ ᠳᠠᠷᠤᠭᠠᠰᠤ ᠶᠢ ᠬᠠᠮᠤᠭ ᠤᠨ ᠶᠡᠭᠡ ᠬᠡᠮᠵᠢᠶ᠎ᠡ ᠪᠠᠷ ᠬᠥᠩᠭᠡᠯᠡᠨ ᠥᠭᠴᠦ᠂ ᠦᠨᠳᠦᠰᠦᠨ ᠱᠠᠲᠤ ᠶᠢ ᠨᠠᠩ ᠣᠯᠠᠨ ᠴᠠᠭ ᠪᠠ ᠣᠶᠤᠨ ᠴᠢᠳᠠᠯ ᠢᠶᠠᠨ ᠣᠯᠠᠨ ᠲᠦᠮᠡᠨ ᠳᠤ ᠦᠢᠯᠡᠴᠢᠯᠡᠬᠦ ᠳᠡᠭᠡᠷ᠎ᠡ ᠬᠡᠷᠡᠭᠯᠡᠭᠦᠯᠬᠦ ᠬᠡᠷᠡᠭᠲᠡᠢ᠃ ᠠᠳᠠᠯ ᠠᠬᠤᠢ ᠦᠭᠡᠢ ᠬᠤᠷᠢᠶᠠᠯᠠᠯ ᠢ ᠬᠥᠳᠡᠯᠦᠩᠭᠦᠢ ᠪᠠᠷ ᠲᠡᠭ ᠪᠣᠯᠭᠠᠬᠤ ᠲᠤᠰᠬᠠᠢ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠬᠤᠷᠢᠶᠠᠯᠠᠯ ᠤᠨ ᠠᠳᠠᠯ ᠠᠬᠤᠢ ᠶᠢ ᠪᠦᠬᠦᠨ ᠢ ᠬᠠᠮᠤᠷᠬᠤ ᠶᠢ ᠲᠦᠯᠬᠢᠨ ᠠᠬᠢᠭᠤᠯᠬᠤ ᠬᠡᠷᠡᠭᠲᠡᠢ᠃ ᠦᠨᠳᠦᠰᠦᠨ ᠱᠠᠲᠤᠨ ᠤ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠪᠠᠷ ᠭᠠᠷᠳᠠᠴᠠ ᠪᠣᠯᠭᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠲᠣᠣᠷᠵᠢᠯᠲᠠ᠂ ᠠᠳᠠᠯ ᠠᠬᠤᠢ ᠶᠢᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢ ᠤᠶᠤᠨᠵᠢᠭᠤᠯᠬᠤ᠂ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠲᠤᠰᠬᠠᠶᠢᠵᠢᠭᠤᠯᠬᠤ ᠶᠢ ᠠᠬᠢᠭᠤᠯᠵᠤ᠂ ᠠᠷᠠᠳ ᠤᠯᠠᠨ ᠳᠤ ᠭᠡᠷ ᠤᠨ ᠡᠭᠦᠳᠡᠨ ᠳᠠᠬᠢ ᠰᠢᠯᠢᠳᠡᠭ ᠦᠢᠯᠡᠴᠢᠯᠡᠭᠡ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ᠂ ᠨᠡᠶᠢᠭᠡᠮ ᠲᠣᠭᠤᠷᠢᠭ ᠤᠨ ᠠᠵᠢᠯᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠡᠶᠢᠭᠡᠮ ᠲᠣᠭᠤᠷᠢᠭ ᠤᠨ ᠠᠵᠢᠯᠲᠠᠨ ᠢ ᠰᠣᠩᠭᠤᠨ ᠤᠷᠢᠬᠤ ᠪᠠ ᠪᠣᠯᠪᠠᠰᠤᠷᠠᠭᠤᠯᠬᠤ ᠡᠷᠴᠢᠮ ᠢ ᠴᠢᠩᠭᠠᠷᠠᠭᠤᠯᠵᠤ᠂ ᠨᠡᠶᠢᠭᠡᠮ ᠲᠣᠭᠤᠷᠢᠭ ᠤᠨ ᠠᠵᠢᠯᠲᠠᠨ ᠤ ︽ᠭᠤᠷᠪᠠᠨ ᠠᠵᠢᠯ ᠤᠨ ᠪᠠᠶᠢᠷᠢ ᠠᠷᠪᠠᠨ ᠨᠠᠢᠮᠠᠨ ᠳᠡᠰ︾ ᠤᠨ ᠴᠠᠯᠢᠩ ᠬᠥᠯᠥᠰᠦ ᠶᠢᠨ ᠳᠦᠷᠢᠮ ᠢ ᠲᠡᠭᠦᠯᠳᠡᠷᠵᠢᠭᠦᠯᠬᠦ ᠬᠡᠷᠡᠭᠲᠡᠢ᠃ ᠨᠡᠶᠢᠭᠡᠮ ᠲᠣᠭᠤᠷᠢᠭ ᠤᠨ ᠲᠤᠰᠬᠠᠢ ᠲᠤᠰᠢᠶᠠᠯᠲᠤ ᠰᠦᠯᠵᠢᠶᠡᠨ ᠤ ᠠᠵᠢᠯᠲᠠᠨ ᠤ ᠣᠷᠣᠯᠭ᠎ᠠ ᠶᠢ ᠳᠡᠭᠡᠭᠰᠢᠯᠡᠭᠦᠯᠵᠦ᠂ ︽ᠲᠠᠪᠤᠨ ᠳᠠᠭᠠᠳᠬᠠᠯ︾ ᠤᠨ ᠣᠯᠭᠤᠮᠵᠢ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠨᠡᠶᠢᠭᠡᠮ ᠲᠣᠭᠤᠷᠢᠭ ᠤᠨ ᠠᠵᠢᠯᠲᠠᠳ ᠤᠨ ᠲᠠᠪᠰᠢᠬᠤ ᠵᠠᠮ ᠢ ᠨᠠᠪᠲᠠᠷᠡᠭᠦᠯᠵᠦ᠂ ᠦᠨᠳᠦᠰᠦᠨ ᠱᠠᠲᠤᠨ ᠤ ᠠᠵᠢᠯᠲᠠᠳ ᠢ ᠡᠷᠡᠮᠡᠯᠵᠡᠯ ᠲᠠᠢ ᠪᠣᠯᠭᠠᠨ᠎ᠠ᠃ ᠨᠡᠶᠢᠭᠡᠮ ᠲᠣᠭᠤᠷᠢᠭ ᠤᠨ ᠠᠵᠢᠯᠲᠠᠳ ᠢ ᠬᠠᠯᠠᠮᠵᠢᠯᠠᠨ ᠵᠣᠷᠢᠭᠵᠢᠭᠤᠯᠬᠤ ᠶᠢ ᠴᠢᠩᠭᠠᠳᠬᠠᠵᠤ᠂ ᠨᠡᠶᠢᠭᠡᠮ ᠲᠣᠭᠤᠷᠢᠭ ᠤᠨ ᠠᠵᠢᠯᠲᠠᠳ ᠤᠨ ᠡᠩᠨᠡᠭᠡᠨ ᠤ ᠠᠵᠢᠯ ᠮᠡᠷᠭᠡᠵᠢᠯ ᠤᠨ ᠢᠷᠠᠭᠤ ᠠᠯᠳᠠᠷ ᠤᠨ ᠰᠡᠳᠬᠢᠯᠭᠡ ᠪᠠ ᠬᠠᠷᠢᠶᠠᠯᠠᠭᠳᠠᠬᠤ ᠰᠡᠳᠬᠢᠯᠭᠡ ᠶᠢ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠠᠵᠢᠯᠲᠠᠳ ᠢ ᠰᠢᠯᠢᠳᠡᠭ ᠢ ᠨᠢ ᠰᠣᠩᠭᠤᠵᠤ᠂ ᠰᠠᠶᠢᠨ ᠠᠵᠢᠯᠯᠠᠵᠤ᠂ ᠦᠯᠡᠳᠡᠭᠡᠵᠦ ᠳᠡᠶᠢᠯᠬᠦ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠳᠡᠭᠡᠷ᠎ᠡ᠂ ᠬᠡᠰᠡᠭ ᠬᠤᠳᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ᠂ ᠬᠤᠰᠢᠭᠤ ᠰᠢᠶᠠᠨ ᠲᠣᠭᠤᠷᠢᠭ᠂ ᠵᠡᠭᠡᠯᠢ ᠭᠤᠳᠤᠮᠵᠢ ᠶᠢᠨ ᠭᠤᠣᠯ ᠬᠠᠷᠢᠭᠤᠴᠠᠯᠭᠠᠲᠠᠨ ᠨᠥᠬᠦᠳ ᠪᠣᠯᠣᠨ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ᠤ ᠲᠥᠯᠥᠭᠡᠯᠡᠭᠴᠢ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠠᠢ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1