ᠲᠣᠭᠲᠠᠬᠤ ᠰᠢᠶᠠᠨ ︽ᠰᠦᠯᠵᠢᠶᠡᠨ ᠤ ᠳᠠᠮᠵᠢᠭᠤᠯᠭ᠎ᠠ ᠶᠢᠨ ᠡᠮᠬᠢ ᠳᠢᠭᠯᠢᠮ ᠢ ᠵᠢᠷᠤᠮᠵᠢᠭᠤᠯᠵᠤ ᠰᠦᠯᠵᠢᠶᠡᠨ ᠤ ᠪᠣᠯᠪᠠᠰᠤᠨ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠶ᠎ᠡ︾ ᠰᠦᠯᠵᠢᠶᠡᠨ ᠭᠠᠳᠠᠨᠠᠬᠢ ᠤᠬᠠᠭᠤᠯᠭ᠎ᠠ ᠶᠢ ᠨᠡᠶᠢᠭᠡᠮ ᠲᠣᠭᠤᠷᠢᠭ ᠲᠤ ᠣᠷᠣᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/3/30
      3 ᠳ᠋ᠤᠭᠠᠷ ᠰᠠᠷ᠎ᠠ ᠶᠢᠨ 29 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠲᠠᠬᠤ ᠰᠢᠶᠠᠨ ᠤ ᠬᠤᠷᠢᠶᠠᠨ ᠤ ᠤᠬᠠᠭᠤᠯᠬᠤ ᠬᠡᠯᠲᠡᠰ᠂ ᠰᠢᠶᠠᠨ ᠤ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠲᠥᠪ᠂ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠴᠠ ᠭᠤᠣᠯᠯᠠᠨ ᠡᠷᠭᠢᠯᠡᠭᠰᠡᠨ ︽ᠰᠦᠯᠵᠢᠶᠡᠨ ᠤ ᠳᠠᠮᠵᠢᠭᠤᠯᠭ᠎ᠠ ᠶᠢᠨ ᠡᠮᠬᠢ ᠵᠢᠷᠤᠮ ᠢ ᠵᠢᠷᠤᠮᠵᠢᠭᠤᠯᠵᠤ ᠰᠦᠯᠵᠢᠶᠡᠨ ᠤ ᠪᠣᠯᠪᠠᠰᠤᠨ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠶ᠎ᠡ︾ ᠰᠦᠯᠵᠢᠶᠡᠨ ᠭᠠᠳᠠᠨᠠᠬᠢ ᠤᠬᠠᠭᠤᠯᠭ᠎ᠠ ᠶᠢ ᠨᠡᠶᠢᠭᠡᠮ ᠲᠣᠭᠤᠷᠢᠭ ᠲᠤ ᠥᠷᠨᠢᠭᠦᠯᠬᠦ ᠠᠵᠢᠯᠯᠠᠭ᠎ᠠ ᠱᠤᠸᠠᠩ ᠾᠧ ᠪᠠᠯᠭᠠᠰᠤᠨ ᠤ ᠱᠤᠸᠠᠩ ᠾᠧ ᠨᠡᠶᠢᠭᠡᠮ ᠲᠣᠭᠤᠷᠢᠭ ᠲᠤ ᠶᠠᠪᠤᠭᠳᠠᠪᠠ᠃
     ᠠᠵᠢᠯᠯᠠᠭ᠎ᠠ ᠶᠢᠨ ᠳᠤᠮᠳᠠ᠂ ᠬᠤᠯᠪᠣᠭᠳᠠᠯ ᠪᠦᠬᠦᠢ ᠬᠥᠮᠥᠰ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠲᠥᠯᠥᠭᠡᠯᠡᠭᠴᠢᠳ ᠲᠤ ︽ᠰᠦᠯᠵᠢᠶᠡᠨ ᠤ ᠮᠡᠳᠡᠭᠡ ᠵᠠᠩᠭᠢ ᠶᠢᠨ ᠠᠭᠤᠯᠭ᠎ᠠ ᠶᠢᠨ ᠠᠮᠢ ᠠᠬᠤᠢ ᠶᠢᠨ ᠵᠠᠰᠠᠯᠲᠠ ᠶᠢᠨ ᠲᠣᠭᠲᠠᠭᠠᠯ︾ ︽ᠢᠨᠲ᠋ᠧᠷ ᠰᠦᠯᠵᠢᠶᠡᠨ ᠤ ᠬᠡᠷᠡᠭᠯᠡᠭᠴᠢ ᠶᠢᠨ ᠳᠠᠩᠰᠠᠨ ᠨᠣᠮᠧᠷ ᠤᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠣᠭᠲᠠᠭᠠᠯ︾ ︽ᠢᠨᠲ᠋ᠧᠷ ᠰᠦᠯᠵᠢᠶᠡᠨ ᠤ ᠪᠦᠯᠦᠭᠯᠡᠯ ᠳᠤᠭᠤᠶᠢᠯᠠᠩ ᠤᠨ ᠮᠡᠳᠡᠭᠡ ᠵᠠᠩᠭᠢ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠣᠭᠲᠠᠭᠠᠯ︾ ᠵᠡᠷᠭᠡ ᠠᠭᠤᠯᠭ᠎ᠠ ᠶᠢ ᠲᠦᠭᠡᠮᠡᠯᠵᠢᠭᠦᠯᠵᠡᠢ᠃ ᠡᠭᠦᠨ ᠤ ᠬᠠᠮᠲᠤ ︽ᠪᠣᠯᠪᠠᠰᠤᠨ ᠢᠶᠠᠷ ᠰᠦᠯᠵᠢᠶᠡᠨ ᠳᠤ ᠭᠠᠷᠬᠤ ᠰᠠᠨᠠᠭᠠᠴᠢᠯᠠᠭ᠎ᠠ ᠶᠢᠨ ᠪᠢᠴᠢᠭ︾ ᠢ ᠤᠩᠰᠢᠨ ᠨᠡᠶᠢᠲᠡᠯᠡᠵᠦ᠂ ᠰᠦᠯᠵᠢᠶᠡᠨ ᠤ ᠠᠮᠤᠷ ᠲᠦᠪᠰᠢᠨ ᠢ ᠰᠡᠷᠭᠡᠶᠢᠯᠡᠨ ᠬᠠᠮᠠᠭᠠᠯᠠᠬᠤ᠂ ᠰᠦᠯᠵᠢᠶᠡᠨ ᠤ ᠮᠡᠬᠡᠯᠡᠯ ᠢ ᠰᠡᠷᠭᠡᠶᠢᠯᠡᠬᠦ᠂ ᠰᠦᠯᠵᠢᠶᠡᠨ ᠤ ᠴᠤᠤᠷᠬᠠᠯ ᠢ ᠬᠤᠷᠢᠭᠯᠠᠬᠤ ᠵᠡᠷᠭᠡ ᠠᠭᠤᠯᠭ᠎ᠠ ᠶᠢᠨ ᠲᠣᠭᠤᠷᠢᠨ ᠳᠤ ᠲᠤᠬᠠᠢ ᠶᠢᠨ ᠲᠠᠯᠠᠪᠤᠷ ᠲᠤ ᠭᠤᠣᠯᠳᠠᠯᠭ᠎ᠠ ᠲᠠᠢ ᠲᠠᠶᠢᠯᠤᠮᠵᠢ ᠬᠢᠪᠡ᠃      ᠠᠵᠢᠯᠯᠠᠭ᠎ᠠ ᠶᠢ ᠥᠷᠨᠢᠭᠦᠯᠦᠭᠰᠡᠨ ᠨᠢ ᠥᠷᠭᠡᠨ ᠤᠯᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢ ᠰᠤᠷᠤᠯᠴᠠᠬᠤ ᠡᠷᠬᠢᠮ ᠨᠠᠨᠳᠢᠨ ᠠᠵᠠ ᠲᠣᠬᠢᠶᠠᠯ ᠬᠠᠩᠭᠠᠵᠤ᠂ ᠨᠡᠶᠢᠭᠡᠮ ᠲᠣᠭᠤᠷᠢᠭ ᠤᠨ ᠤᠯᠠᠨ ᠲᠦᠮᠡᠨ ᠤ ᠰᠦᠯᠵᠢᠶᠡᠨ ᠤ ᠬᠡᠪ ᠪᠣᠯᠪᠠᠰᠤᠷᠠᠯ ᠪᠣᠯᠣᠨ ᠰᠦᠯᠵᠢᠶᠡᠨ ᠤ ᠮᠡᠳᠡᠭᠡ ᠵᠠᠩᠭᠢ ᠶᠢ ᠢᠯᠭᠠᠨ ᠲᠠᠨᠢᠬᠤ ᠴᠢᠳᠠᠪᠤᠷᠢ ᠶᠢ ᠳᠡᠭᠡᠭᠰᠢᠯᠡᠭᠦᠯᠵᠦ᠂ ᠤᠯᠠᠨ ᠲᠦᠮᠡᠨ ᠤ ᠬᠠᠤᠯᠢ ᠶᠢ ᠰᠤᠷᠴᠤ ᠬᠠᠤᠯᠢ ᠶᠢ ᠮᠡᠳᠡᠵᠦ ᠬᠠᠤᠯᠢ ᠶᠢ ᠰᠠᠬᠢᠬᠤ ᠶᠢ ᠬᠥᠲᠥᠯᠥᠨ ᠳᠠᠭᠠᠭᠤᠯᠵᠤ᠂ ᠪᠦᠬᠦ ᠰᠢᠶᠠᠨ ᠤ ᠰᠤᠷᠲᠠᠯ ᠴᠢᠬᠡᠴᠢ ᠣᠪᠣᠷ ᠲᠥᠪ ᠰᠦᠯᠵᠢᠶᠡᠨ ᠤ ᠣᠷᠣᠨ ᠵᠠᠢ ᠶᠢ ᠪᠤᠢ ᠪᠤᠯᠭᠠᠬᠤ ᠶᠢ ᠠᠬᠢᠭᠤᠯᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1