ᠲᠤᠭᠳᠠᠬᠤ ᠰᠢᠶᠠᠨ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2023/3/4
      ᠠᠶᠤᠯᠭᠦᠢ ᠦᠢᠯᠡᠳᠪᠦᠷᠢᠯᠡᠯ ᠤᠨ ᠠᠵᠢᠯ ᠢ ᠦᠨᠡᠨᠬᠦ ᠰᠠᠶᠢᠲᠤᠷ ᠬᠢᠵᠦ᠂ ᠮᠠᠨ ᠤ ᠰᠢᠶᠠᠨ ᠤ ᠠᠶᠤᠯᠭᠦᠢ ᠦᠢᠯᠡᠳᠪᠦᠷᠢᠯᠡᠯ ᠤᠨ ᠲᠣᠭᠲᠠᠭᠤᠨ ᠪᠠᠶᠢᠳᠠᠯ ᠢ ᠪᠠᠳᠤᠯᠠᠬᠤ ᠶᠢᠨ ᠲᠦᠯᠦᠭᠡ᠂ ᠣᠶᠢᠷ᠎ᠠ ᠶᠢᠨ ᠡᠳᠦᠷ ᠤᠳ ᠲᠤ᠂ ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠯ᠎ᠡ ᠪᠦᠷᠢᠯᠳᠦᠭᠦᠨ ᠨᠢᠭᠡᠴᠡ ᠨᠦᠭᠦᠳ ᠠᠶᠤᠯᠲᠠᠢ ᠬᠢᠮᠢ ᠶᠢᠨ ᠪᠣᠳᠠᠰ ᠤᠨ ᠦᠢᠯᠡᠳᠪᠦᠷᠢᠯᠡᠯ ᠡᠵᠡᠩᠨᠡᠯᠲᠡ᠂ ᠲᠡᠮᠦᠷᠯᠢᠭ ᠪᠣᠯᠪᠠᠰᠤᠷᠠᠭᠤᠯᠬᠤ ᠠᠵᠤ ᠦᠢᠯᠡᠳᠪᠦᠷᠢ ᠠᠷᠠᠯᠵᠢᠶ᠎ᠠ᠂ ᠡᠮ ᠡᠮᠨᠡᠯᠭᠡ ᠶᠢᠨ ᠡᠮ ᠦᠶᠯᠡᠳᠬᠦ᠂ ᠵᠠᠮ ᠬᠠᠷᠢᠯᠴᠠᠭ᠎ᠠ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ᠂ ᠭᠠᠯ ᠤᠨᠲᠠᠷᠠᠭᠠᠬᠤ ᠠᠮᠤᠷ ᠲᠦᠪᠰᠢᠨ᠂ ᠬᠥᠮᠥᠨ ᠬᠠᠷ᠎ᠠ ᠨᠢᠭᠲᠠᠷᠠᠭᠰᠠᠨ ᠲᠠᠯᠠᠪᠤᠷ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠤ ︽ᠲᠤᠰᠬᠠᠢ ᠵᠦᠢᠯ ᠢᠶᠠᠷ ᠬᠠᠤᠯᠢ ᠬᠡᠷᠡᠭᠵᠢᠭᠦᠯᠵᠦ ᠴᠡᠭᠴᠡᠯᠡᠨ ᠵᠠᠰᠠᠬᠤ︾᠂ ︽ᠠᠮᠤᠷ ᠲᠦᠪᠰᠢᠨ ᠤ ᠲᠤᠰᠬᠠᠢ ᠮᠡᠷᠭᠡᠵᠢᠯᠲᠡᠨ ᠰᠤᠳᠠᠯ ᠪᠠᠷᠢᠵᠤ ᠬᠠᠮᠲᠤᠷᠠᠨ ᠣᠨᠣᠰᠢᠯᠠᠬᠤ︾᠂ ︽ᠲᠤᠰᠬᠠᠢ ᠮᠡᠷᠭᠡᠵᠢᠯᠲᠡᠨ + ᠬᠠᠤᠯᠢ ᠬᠡᠷᠡᠭᠵᠢᠭᠦᠯᠬᠦ + ᠦᠢᠯᠡᠴᠢᠯᠡᠭᠡ︾ ᠵᠡᠷᠭᠡ ᠠᠷᠭ᠎ᠠ ᠮᠠᠶ᠋ᠢᠭ ᠢᠶᠠᠷ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠡᠭᠡ ᠪᠠᠶᠢᠴᠠᠭᠠᠯᠲᠠ ᠶᠢ ᠪᠥᠬᠦ ᠲᠠᠯ᠎ᠠ ᠪᠠᠷ ᠥᠷᠨᠢᠭᠦᠯᠪᠡ᠃
     3 ᠳ᠋ᠤᠭᠠᠷ ᠰᠠᠷ᠎ᠠ ᠶᠢᠨ 3 ᠤ ᠡᠳᠦᠷ ᠪᠣᠯᠲᠠᠯ᠎ᠠ᠂ ᠡᠯ᠎ᠡ ᠰᠠᠯᠠᠭ᠎ᠠ ᠮᠥᠴᠢᠷ ᠨᠡᠶᠢᠲᠡ 128 ᠤᠳᠠᠭ᠎ᠠ ᠪᠠᠶᠢᠴᠠᠭᠠᠵᠤ᠂ ᠬᠠᠤᠯᠢ ᠬᠡᠷᠡᠭᠵᠢᠭᠦᠯᠬᠦ ᠠᠵᠢᠯᠲᠠᠨ ᠢ 523 ᠭᠠᠷᠤᠢ ᠬᠥᠮᠥᠨ ᠤᠳᠠᠭ᠎ᠠ ᠬᠥᠳᠡᠯᠭᠡᠵᠦ᠂ 150 ᠠᠵᠤ ᠠᠬᠤᠶᠢᠯᠠᠯ ᠢ ᠵᠢᠭᠰᠠᠭᠠᠨ ᠪᠠᠶᠢᠴᠠᠭᠠᠵᠤ᠂ 329 ᠠᠰᠠᠭᠤᠳᠠᠯ ᠤᠨ ᠳᠠᠯᠳᠠ ᠬᠡᠮ ᠢ ᠢᠯᠡᠷᠡᠭᠦᠯᠵᠦ᠂ 118 ᠭᠠᠵᠠᠷ ᠢ ᠴᠡᠭᠴᠡᠯᠡᠨ ᠵᠠᠰᠠᠪᠠ᠃      ᠳᠠᠷᠠᠭᠠᠴᠢ ᠶᠢᠨ ᠠᠯᠬᠤᠮ ᠳᠤ᠂ ᠮᠠᠨ ᠤ ᠰᠢᠶᠠᠨ ᠦᠷᠭᠦᠯᠵᠢᠯᠡᠨ ᠭᠤᠣᠯᠳᠠᠯᠭ᠎ᠠ ᠲᠠᠢ ᠬᠦᠷᠢᠶᠡᠨ ᠤ ᠬᠢᠨᠠᠯᠲᠠ ᠬᠠᠮᠢᠶᠠᠷᠤᠯᠲᠠ ᠶᠢ ᠴᠢᠩᠭ᠎ᠠ ᠠᠩᠬᠠᠷᠴᠤ᠂ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯ ᠢ ᠭᠦᠨᠵᠡᠭᠡᠢ ᠥᠷᠨᠢᠭᠦᠯᠵᠦ᠂ ᠬᠠᠤᠯᠢ ᠶᠢ ᠴᠢᠩᠭ᠎ᠠ ᠬᠡᠷᠡᠭᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠪᠠᠲᠤᠯᠠᠨ᠎ᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1