3 ᠳ᠋ᠤᠭᠠᠷ ᠰᠠᠷ᠎ᠠ ᠶᠢᠨ 3 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 93 | ᠳ᠋ᠤᠭᠠᠷ ᠬᠤᠷᠠᠯ ᠬᠤᠷᠠᠯᠳᠤᠵᠤ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠳ᠋ᠦᠩ ᠱᠧᠩ ᠬᠤᠷᠠᠯ ᠡᠷᠭᠢᠯᠡᠪᠡ᠃ | | ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ | ᠱᠦᠵᠢ ᠰᠢ ᠶᠢᠨ ᠫᠢᠩ ᠬᠤᠷᠢᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠭᠤᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷ᠎ᠡ | ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠯᠧᠢ ᠹᠧᠩ ᠠᠴᠠ | ᠰᠤᠷᠤᠯᠴᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ | ᠶᠡᠷᠦᠩᠬᠡᠢ ᠱᠦᠵᠢ ᠰᠢ ᠶᠢᠨ ᠫᠢᠩ ᠲᠥᠪ ᠤᠨ ᠨᠠᠮ ᠤᠨ ᠰᠤᠷᠭᠠᠭᠤᠯᠢ ᠪᠠᠶᠢᠭᠤᠯᠤᠭᠳᠠᠭᠰᠠᠨ 90 ᠵᠢᠯ ᠤᠨ ᠣᠶ ᠶᠢ | ᠪᠡᠯᠭᠡᠯᠡᠬᠦ ᠶᠡᠭᠡ ᠬᠤᠷᠠᠯ ᠵᠢᠴᠢ 2023 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ | ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠤᠯᠠᠮᠵᠢᠯᠠᠨ | ᠰᠤᠷᠤᠯᠴᠠᠪᠠ᠃ | ᠬᠤᠷᠠᠯ ᠠᠴᠠ᠂ ︽ᠬᠤᠶᠠᠷ ᠢ ᠲᠤᠭᠳᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠨᠡᠩ | ᠭᠦᠨᠵᠡᠭᠡᠢ ᠣᠶᠢᠯᠠᠭᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠬᠦᠳᠡ | ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠨ ᠤᠬᠠᠭᠤᠯᠵᠤ ᠲᠤᠤᠱᠯᠠᠭᠤᠯᠬᠤ ᠠᠵᠢᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠠᠵᠤ ᠠᠬᠤᠢ | ᠨᠡᠶᠢᠭᠡᠮ ᠤᠨ ᠬᠥᠭᠵᠢᠯᠲᠡ ᠪᠣᠯᠣᠨ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠡᠭᠦᠷᠭᠡ ᠶᠢ ᠪᠦᠬᠦ | ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ ᠯᠧᠢ ᠹᠧᠩ ᠠᠴᠠ ᠰᠤᠷᠤᠯᠴᠠᠬᠤ ᠠᠵᠢᠯᠯᠠᠭ᠎ᠠ ᠶᠢ ᠭᠦᠨᠵᠡᠭᠡᠢ | ᠥᠷᠨᠢᠭᠦᠯᠬᠦ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠲᠠᠯᠪᠢᠭᠰᠠᠨ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠯᠧᠢ ᠹᠧᠩ ᠤᠨ ᠵᠣᠷᠢᠭ ᠰᠠᠨᠠᠭᠠᠨ ᠤ ᠴᠠᠭ ᠦᠶ᠎ᠡ ᠶᠢᠨ | ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠡᠵᠡᠮᠳᠡᠵᠦ᠂ ᠤᠬᠠᠭᠤᠯᠤᠨ ᠬᠥᠲᠥᠯᠥᠨ | ᠵᠢᠯᠤᠭᠤᠳᠬᠤ᠂ ᠨᠡᠶᠢᠲᠡᠯᠢᠭ ᠵᠢᠱᠢᠶ᠎ᠡ ᠪᠠᠷ ᠬᠥᠲᠥᠯᠥᠨ ᠳᠠᠭᠠᠭᠤᠯᠬᠤ ᠪᠠ ᠤᠯᠠᠨ ᠲᠦᠮᠡᠨᠴᠢ ᠴᠢᠨᠠᠷᠲᠠᠢ ᠤᠶᠤᠨ ᠤ | ᠪᠣᠯᠪᠠᠰᠤᠨ ᠢ ᠡᠭᠦᠳᠦᠨ ᠪᠠᠶᠢᠭᠤᠯᠬᠤ ᠶᠢ ᠴᠢᠩᠭᠠᠳᠬᠠᠵᠤ᠂ ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ | ᠦᠢᠯᠡᠴᠢᠯᠡᠭᠡᠨ ᠤ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠦᠨ ᠥᠷᠭᠡᠳᠬᠡᠵᠦ᠂ ᠲᠠᠪᠴᠠᠩ ᠤᠨ | ᠠᠴᠢᠶᠠᠯᠠᠪᠤᠷᠢ ᠶᠢ ᠪᠠᠶᠠᠯᠢᠭᠵᠢᠭᠤᠯᠤᠨ᠂ ᠬᠡᠯᠪᠡᠷᠢ ᠶᠢ ᠰᠢᠨ᠎ᠡ ᠪᠠᠷ ᠡᠭᠦᠳᠴᠦ᠂ ᠯᠧᠢ ᠹᠧᠩ ᠠᠴᠠ ᠰᠤᠷᠤᠯᠴᠠᠬᠤ | ᠠᠵᠢᠯᠯᠠᠭ᠎ᠠ ᠶᠢ ᠪᠠᠶᠢᠩᠭᠤᠵᠢᠭᠤᠯᠬᠤ᠂ ᠤᠷᠳᠤ ᠬᠤᠭᠤᠴᠠᠭᠠᠨ ᠤ ᠪᠦᠲᠦᠮᠵᠢᠲᠡᠶ ᠪᠣᠯᠭᠠᠬᠤ ᠶᠢ ᠲᠦᠯᠬᠢᠨ ᠠᠬᠢᠭᠤᠯᠤᠨ᠎ᠠ | ᠃ ᠨᠠᠮ ᠤᠨ ᠰᠤᠷᠭᠠᠭᠤᠯᠢ ᠶᠢ ᠨᠠᠮ ᠤᠨ ᠬᠢ ᠪᠣᠯᠭᠠᠬᠤ ᠶᠢ ᠠᠵᠢᠯ ᠤᠨ ᠡᠬᠢᠨ ᠠᠴᠠ ᠨᠢ ᠳᠠᠭᠤᠰᠲᠠᠯ᠎ᠠ ᠪᠦᠬᠦ | ᠲᠠᠯ᠎ᠠ ᠪᠠᠷ ᠲᠤᠤᠱᠯᠠᠭᠤᠯᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢᠨ᠎ᠡ ᠠᠶᠠᠨ ᠵᠠᠮ ᠳᠤ ᠨᠠᠮ ᠤᠨ ᠰᠤᠷᠭᠠᠭᠤᠯᠢ ᠶᠢᠨ | ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠴᠦ᠂ ᠨᠠᠮ ᠤᠨ ᠰᠤᠷᠭᠠᠭᠤᠯᠢ ᠶᠢ ᠦᠨᠡᠨᠬᠦ ᠦᠵᠡᠯ ᠰᠠᠨᠠᠭ᠎ᠠ | ᠪᠤᠢ ᠪᠣᠯᠬᠤ᠂ ᠦᠷ᠎ᠡ ᠪᠦᠲᠦᠭᠡᠯ ᠪᠤᠢ ᠪᠣᠯᠬᠤ᠂ ᠴᠢᠳᠠᠪᠤᠷᠢᠲᠠᠨ ᠪᠤᠢ ᠪᠣᠯᠬᠤ ᠴᠢᠬᠤᠯᠠ ᠵᠢᠭᠰᠠᠭᠠᠯ ᠤᠨ ᠭᠠᠵᠠᠷ | ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ︽ᠳ᠋ᠠ ᠲᠠᠩ ᠤᠨ ᠬᠥᠬᠡ ᠵᠢᠵᠢᠭ ᠪᠠᠯᠭᠠᠰᠤ︾ ᠶᠢᠨ ᠪᠦᠲᠦᠭᠡᠨ ᠪᠠᠶᠢᠭᠤᠯᠤᠯᠲᠠ ᠶᠢᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠷᠴᠢᠨ ᠲᠣᠭᠤᠷᠢᠨ ᠢ ᠰᠠᠶᠢᠵᠢᠷᠠᠭᠤᠯᠬᠤ᠂ ᠠᠷᠠᠳ ᠤᠨ | ᠠᠮᠢᠳᠤᠷᠠᠯ ᠢ ᠰᠠᠶᠢᠵᠢᠷᠠᠭᠤᠯᠬᠤ ᠪᠠᠷ ᠭᠠᠷᠳᠠᠴᠠ ᠪᠣᠯᠭᠠᠵᠤ᠂ ᠤᠳᠤ ᠶᠢᠨ ᠪᠠᠶᠢᠭ᠎ᠠ ᠡᠬᠢ ᠪᠠᠶᠠᠯᠢᠭ ᠢ ᠵᠣᠬᠢᠰᠲᠠᠢ | ᠪᠦᠲᠦᠮᠵᠢᠲᠡᠢ ᠠᠰᠢᠭᠯᠠᠵᠤ᠂ ᠡᠯ᠎ᠡ ᠲᠠᠯ᠎ᠠ ᠶᠢᠨ ᠠᠰᠢᠭ ᠲᠤᠰᠠ ᠶᠢ ᠬᠠᠮᠲᠤ ᠳᠤᠨᠢ ᠬᠠᠷᠠᠭᠠᠯᠵᠠᠵᠤ᠂ ᠰᠢᠰᠲ᠋ᠧᠮᠲᠦ | ᠰᠡᠳᠬᠢᠬᠦᠢ ᠶᠢ ᠴᠢᠩᠭᠠᠳᠬᠠᠵᠤ᠂ ᠡᠯ᠎ᠡ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠳᠠᠯ ᠤᠨ | ᠨᠠᠶᠢᠳᠠᠪᠤᠷᠢᠵᠢᠭᠤᠯᠤᠯᠲᠠ ᠶᠢ ᠥᠨᠳᠥᠷ ᠪᠦᠲᠦᠮᠵᠢᠲᠡᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ᠂ ︽ᠲᠣᠭᠲᠠᠬᠤ ᠰᠢᠶᠠᠨ ᠤ ᠡᠪ ᠬᠠᠮᠲᠤ ᠵᠠᠯᠠᠭᠤᠴᠤᠳ ᠤᠨ ᠡᠪᠯᠡᠯ ᠤᠨ ᠦᠨᠳᠦᠰᠦᠨ | ᠱᠠᠲᠤᠨ ᠤ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ︾ ᠢ ᠰᠤᠳᠤᠯᠤᠨ | ᠶᠠᠷᠢᠯᠴᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠤᠨ ᠶᠠᠷᠢᠯᠴᠠᠪᠠ᠃ |