ᠲᠣᠭᠲᠠᠬᠤ ᠰᠢᠶᠠᠨ ᠬᠡᠪᠯᠡᠬᠦ ᠲᠠᠷᠬᠠᠭᠠᠬᠤ ᠠᠵᠢᠯ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠬᠠᠮᠲᠤᠷᠠᠭᠰᠠᠨ ᠪᠠᠶᠢᠴᠠᠭᠠᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2023/3/6
      ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠲᠤᠬᠠᠢ ᠥᠪᠡᠷᠲᠡᠭᠡᠨ ᠵᠠᠰᠠᠬᠤ ᠣᠷᠣᠨ ᠤ ᠰᠣᠨᠢᠨ ᠮᠡᠳᠡᠭᠡ ᠬᠡᠪᠯᠡᠯ ᠤᠨ ᠲᠣᠪᠴᠢᠶ᠎ᠠ ᠶᠢᠨ ᠪᠠᠶᠢᠷᠢᠯᠠᠭᠤᠯᠤᠯᠲᠠ ᠲᠣᠬᠢᠷᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 3 ᠳ᠋ᠤᠭᠠᠷ ᠰᠠᠷ᠎ᠠ ᠶᠢᠨ 2  ᠤᠨ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠠᠴᠠ ᠰᠢᠶᠠᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠲᠠᠢ ᠬᠠᠮᠲᠤᠷᠠᠨ ᠪᠦᠬᠦ ᠰᠢᠶᠠᠨ ᠤ ᠨᠣᠮ ᠤᠨ ᠳᠡᠯᠭᠡᠭᠦᠷ᠂ ᠬᠡᠪᠯᠡᠯ ᠤᠨ ᠦᠢᠯᠡᠳᠪᠦᠷᠢ᠂ ᠺᠢᠨᠣ᠋ ᠶᠢᠨ ᠣᠷᠳᠣᠨ ᠵᠡᠷᠭᠡ ᠰᠣᠶᠣᠯ ᠤᠨ ᠦᠢᠯᠡᠴᠢᠯᠡᠭᠡᠨ ᠤ ᠲᠠᠯᠠᠪᠤᠷ ᠲᠤ ᠠᠶᠤᠯᠭᠦᠢ ᠦᠢᠯᠡᠳᠪᠦᠷᠢᠯᠡᠯ ᠤᠨ ᠬᠢᠨᠠᠨ ᠵᠢᠯᠤᠭᠤᠳᠴᠤ ᠪᠠᠶᠢᠴᠠᠭᠠᠯᠲᠠ ᠬᠢᠵᠡᠢ᠃      ᠪᠠᠶᠢᠴᠠᠭᠠᠬᠤ ᠶᠠᠪᠤᠴᠠ ᠳᠤ᠂ ᠠᠵᠢᠯᠲᠠᠳ ᠬᠤᠯᠪᠣᠭᠳᠠᠯ ᠪᠦᠬᠦᠢ ᠡᠵᠡᠩᠨᠡᠯᠲᠡ ᠶᠢᠨ ᠨᠢᠭᠡᠴᠡ ᠶᠢᠨ ᠦᠨᠡᠮᠯᠡᠯ ᠨᠢ ᠪᠦᠷᠢᠨ ᠭᠦᠢᠴᠡᠳ ᠪᠠᠶᠢᠬᠤ ᠡᠰᠡᠬᠦ᠂ ᠬᠠᠤᠯᠢ ᠪᠤᠰᠤ ᠬᠡᠪᠯᠡᠭᠳᠡᠬᠦᠨ ᠢ ᠲᠣᠭᠲᠠᠭᠠᠯ ᠠᠴᠠ ᠵᠥᠷᠢᠴᠡᠨ ᠬᠡᠪᠯᠡᠭᠰᠡᠨ ᠡᠰᠡᠬᠦ ᠂ ᠡᠵᠡᠩᠨᠡᠯᠲᠡ ᠶᠢᠨ ᠲᠠᠯᠠᠪᠤᠷ ᠭᠠᠵᠠᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠳᠠᠯ ᠵᠡᠷᠭᠡ ᠪᠠᠶᠢᠳᠠᠯ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠪᠡ᠃ ᠪᠠᠶᠢᠴᠠᠭᠠᠯᠲᠠ ᠶᠢᠨ ᠳᠤᠮᠳᠠ᠂ ᠪᠠᠶᠢᠴᠠᠭᠠᠬᠤ ᠳᠤᠭᠤᠶᠢᠯᠠᠩ ᠤᠨ ᠬᠢᠨ ᠬᠡᠰᠡᠭ ᠠᠵᠤ ᠠᠬᠤᠶᠢᠯᠠᠯ ᠳᠤ ᠣᠷᠣᠰᠢᠵᠤ ᠪᠠᠶᠢᠭ᠎ᠠ ᠠᠮᠤᠷ ᠲᠦᠪᠰᠢᠨ ᠢᠶᠠᠷ ᠲᠠᠷᠬᠠᠭᠠᠬᠤ ᠲᠡᠮᠳᠡᠭ ᠤᠨ ᠪᠠᠶᠢᠷᠢᠯᠠᠭᠤᠯᠤᠯᠲᠠ ᠨᠢ ᠵᠢᠷᠤᠮᠵᠢᠯ ᠦᠭᠡᠢ᠂ ᠭᠠᠯ ᠤᠨᠲᠠᠷᠠᠭᠠᠭᠤᠷ ᠤᠨ ᠳᠠᠷᠤᠯᠲᠠ ᠨᠢ ᠬᠡᠪ ᠤᠨ ᠪᠤᠰᠤ᠂ ᠪᠠᠴᠢᠮ ᠪᠠᠶᠢᠳᠠᠯ ᠢ ᠠᠷᠭᠠᠴᠠᠬᠤ ᠭᠡᠷᠡᠯᠲᠦᠭᠦᠯᠭᠡ ᠶᠢᠨ ᠲᠥᠬᠦᠭᠡᠷᠦᠮᠵᠢ ᠶᠢᠨ ᠪᠠᠶᠢᠷᠢᠯᠠᠭᠤᠯᠤᠯᠲᠠ ᠨᠢ ᠵᠢᠷᠤᠮᠵᠢᠯ ᠦᠭᠡᠢ ᠵᠡᠷᠭᠡ ᠠᠰᠠᠭᠤᠳᠠᠯ ᠳᠤ ᠨᠢᠭᠡᠳ ᠨᠢᠭᠡ ᠪᠠᠷ ᠴᠡᠭᠴᠡᠯᠡᠨ ᠥᠭᠡᠷᠡᠴᠢᠯᠡᠬᠦ ᠰᠠᠨᠠᠯ ᠳᠤᠷᠠᠳᠤᠭᠰᠠᠨ ᠪᠥᠭᠡᠳ ᠡᠯ᠎ᠡ ᠡᠵᠡᠩᠨᠡᠭᠴᠢᠳ ᠢ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ ᠥᠭᠡᠷᠡᠴᠢᠯᠡᠨ ᠰᠠᠶᠢᠵᠢᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠪᠥᠬᠦ ᠰᠢᠶᠠᠨ ᠤ ᠰᠣᠶᠣᠯ ᠤᠨ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠡᠵᠡᠩᠨᠡᠯᠲᠡ ᠶᠢᠨ ᠡᠮᠬᠢ ᠳᠢᠭᠯᠢᠮ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃      ᠪᠠᠶᠢᠴᠠᠭᠠᠯᠲᠠ ᠪᠠᠷ ᠲᠠᠮᠵᠢᠨ᠂ ᠮᠠᠨ ᠤ ᠰᠢᠶᠠᠨ ᠤ ᠬᠡᠪᠯᠡᠯ ᠬᠡᠪᠯᠡᠬᠦ ᠲᠠᠷᠬᠠᠭᠠᠬᠤ ᠠᠵᠢᠯ ᠲᠦᠷᠦᠯ ᠢ ᠨᠡᠩ ᠳᠦᠷᠢᠮᠵᠢᠭᠦᠯᠵᠦ᠂ ᠳᠦᠷᠢᠮ ᠠᠷᠭ᠎ᠠ ᠬᠡᠮᠵᠢᠶ᠎ᠡ ᠶᠢ ᠨᠡᠩ ᠲᠡᠭᠦᠯᠳᠡᠷᠵᠢᠭᠦᠯᠵᠦ᠂ ᠡᠵᠡᠩᠨᠡᠭᠴᠢ ᠶᠢᠨ ᠬᠠᠤᠯᠢ ᠶᠢ ᠰᠠᠬᠢᠵᠤ ᠡᠵᠡᠩᠨᠡᠬᠦ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠠᠨ ᠤ ᠰᠢᠶᠠᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠰᠠᠶᠢᠨ ᠰᠠᠶᠢᠬᠠᠨ ᠪᠠᠲᠤ ᠪᠠᠬᠢ ᠰᠠᠭᠤᠷᠢ ᠶᠢ ᠲᠠᠯᠪᠢᠵᠤ ᠥᠭᠴᠡᠢ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1