ᠲᠣᠭᠲᠠᠬᠤ ᠰᠢᠶᠠᠨ 2023 ᠣᠨ ᠤ ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡ ᠶᠢᠨ ᠲᠥᠪᠯᠡᠷᠡᠩᠭᠦᠢ ᠵᠢᠱᠢᠶ᠎ᠡ ᠦᠵᠡᠭᠦᠯᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/3/6
     2023 ᠣᠨ ᠪᠣᠯ ᠮᠠᠤ ᠽᠧ ᠳ᠋ᠦᠩ ᠵᠡᠷᠭᠡ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠯᠧᠢ ᠹᠧᠩ ᠨᠥᠬᠦᠷ ᠲᠤ ᠪᠢᠴᠢᠭᠡᠰᠦ ᠪᠢᠴᠢᠵᠦ ᠥᠭᠭᠦᠭᠰᠡᠨ 60 ᠵᠢᠯ ᠤᠨ ᠣᠶ ᠮᠥᠨ᠂ ᠲᠡᠷᠡ ᠨᠢ ᠶᠡᠷᠦᠩᠬᠡᠢ ᠱᠦᠵᠢ  ᠰᠢ ᠶᠢᠨ ᠫᠢᠩ ᠤᠨ ᠯᠧᠢ ᠹᠧᠩ ᠤᠨ ᠰᠠᠶᠢᠨ ᠳᠤᠷ᠎ᠠ ᠶᠢᠨ ᠦᠢᠯᠡᠴᠢᠯᠡᠭᠡ ᠠᠴᠠ ᠰᠤᠷᠤᠯᠴᠠᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠯᠧᠢ ᠹᠧᠩ ᠤᠨ ᠵᠣᠷᠢᠭ ᠰᠠᠨᠠᠭᠠᠨ ᠤ ᠴᠠᠭ ᠦᠶ᠎ᠡ ᠶᠢᠨ ᠠᠭᠤᠯᠤᠭᠳᠠᠬᠤᠨ ᠢ ᠭᠦᠨᠵᠡᠭᠡᠢ ᠡᠵᠡᠮᠰᠢᠬᠦ ᠶᠢᠨ ᠲᠥᠯᠥᠭᠡ᠂ ᠯᠧᠢ ᠹᠧᠩ ᠤᠨ ᠵᠣᠷᠢᠭ ᠰᠠᠨᠠᠭ᠎ᠠ ᠶᠢ ᠰᠢᠨ᠎ᠡ ᠴᠠᠭ ᠦᠶ᠎ᠡ ᠳᠤ ᠨᠠᠩ ᠬᠡᠷᠡᠯ ᠰᠠᠴᠤᠷᠠᠩᠭᠤᠢ ᠬᠡᠷᠡᠯ ᠭᠢᠯᠪᠠᠭ᠎ᠠ ᠪᠠᠨ ᠰᠠᠴᠤᠷᠠᠭᠤᠯᠬᠤ ᠪᠣᠯᠣᠨ᠎ᠠ᠃ 3 ᠳ᠋ᠤᠭᠠᠷ ᠰᠠᠷ᠎ᠠ ᠶᠢᠨ 2 ᠤᠨ ᠡᠳᠦᠷ᠂ ᠲᠣᠭᠲᠠᠬᠤ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠢᠶᠠᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠠᠴᠠ ᠭᠤᠣᠯᠯᠠᠨ ᠡᠷᠭᠢᠯᠡᠵᠦ᠂ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ᠂ ᠰᠢᠶᠠᠨ ᠤ ᠰᠣᠶᠣᠯ ᠵᠤᠭᠠᠴᠠᠯ ᠤᠨ ᠪᠡᠶ᠎ᠡ ᠶᠢᠨ ᠲᠠᠮᠢᠷ ᠤᠨ ᠲᠣᠪᠴᠢᠶ᠎ᠠ᠂ ᠰᠢᠶᠠᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠰᠢᠶᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ᠂ ᠰᠢᠶᠠᠨ ᠤ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠲᠥᠪ ᠵᠡᠷᠭᠡ ᠰᠠᠯᠠᠭ᠎ᠠ ᠮᠥᠴᠢᠷ ᠤᠨ ᠣᠷᠣᠯᠴᠠᠭᠰᠠᠨ ︽ᠯᠧᠢ ᠹᠥ᠋ᠩ ᠤᠨ ᠵᠣᠷᠢᠭ ᠰᠠᠨᠠᠭ᠎ᠠ ᠶᠢ ᠪᠠᠳᠠᠷᠠᠭᠤᠯᠵᠤ ᠴᠠᠭ ᠦᠶ᠎ᠡ ᠶᠢᠨ ᠰᠢᠨ᠎ᠡ ᠬᠥᠮᠥᠨ ᠢ ᠬᠥᠮᠥᠵᠢᠭᠦᠯᠬᠦ︾︱ ᠲᠣᠭᠲᠠᠬᠤ ᠰᠢᠶᠠᠨ ᠤ 2023 ᠣᠨ ᠤ ᠯᠧᠢ ᠹᠥ᠋ᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠪᠯᠡᠷᠡᠩᠭᠦᠢ ᠵᠢᠱᠢᠶ᠎ᠡ ᠦᠵᠡᠭᠦᠯᠬᠦ ᠠᠵᠢᠯᠯᠠᠭ᠎ᠠ ᠲᠣᠭᠲᠠᠬᠤ ᠰᠢᠶᠠᠨ ᠤ ᠭᠦ᠋ ᠴᠧᠩ ᠪᠠᠯᠭᠠᠰᠤᠨ ᠤ ᠰᠢᠷᠡᠭᠡᠳᠦ ᠲᠣᠰᠬᠤᠨ ᠳᠤ ᠶᠠᠪᠤᠳᠠᠭᠤᠯᠪᠠ᠃
     ᠠᠵᠢᠯᠯᠠᠭ᠎ᠠ ᠶᠢᠨ ᠳᠤᠮᠳᠠ᠂ ︽ᠰᠢᠨ᠎ᠡ ᠴᠠᠭ ᠦᠶ᠎ᠡ ᠶᠢᠨ ᠯᠧᠢ ᠹᠧᠩ ᠤᠨ ᠤᠯᠠᠮᠵᠢᠯᠠᠭᠴᠢ ᠪᠣᠯᠬᠤ ᠪᠠᠷ ᠴᠢᠷᠮᠠᠶᠢᠬᠤ︾ ᠰᠠᠨᠠᠭᠠᠴᠢᠯᠠᠭ᠎ᠠ ᠶᠢᠨ ᠪᠢᠴᠢᠭ ᠢ ᠤᠩᠰᠢᠨ ᠨᠡᠶᠢᠲᠡᠯᠡᠵᠦ᠂ ᠣᠯᠠᠨ ᠰᠠᠯᠠᠭ᠎ᠠ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠬᠠᠤᠯᠢ ᠴᠠᠭᠠᠵᠠ ᠶᠢᠨ ᠲᠤᠰᠠᠯᠠᠮᠵᠢ᠂ ᠰᠣᠶᠣᠯ ᠪᠡᠶ᠎ᠡ ᠶᠢᠨ ᠲᠠᠮᠢᠷ᠂ ᠠᠮᠤᠷ ᠲᠦᠪᠰᠢᠨ ᠤ ᠬᠥᠮᠦᠵᠢᠯ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠪᠣᠯᠪᠠᠰᠤᠨ ᠢᠶᠠᠷ ᠰᠦᠯᠵᠢᠶᠡᠨ ᠳᠤ ᠭᠠᠷᠬᠤ᠂ ᠵᠠᠩ ᠳᠠᠳᠬᠠᠯ ᠢ ᠥᠭᠡᠷᠡᠴᠢᠯᠡᠬᠦ ᠵᠡᠷᠭᠡ ᠠᠭᠤᠯᠭ᠎ᠠ ᠶᠢᠨ ᠲᠣᠭᠤᠷᠢᠨ ᠳᠤ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠶᠢ ᠡᠯᠭᠦᠬᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠠᠮᠪᠠᠷ᠎ᠠ ᠶᠢ ᠳᠡᠯᠭᠡᠨ ᠦᠵᠡᠭᠦᠯᠬᠦ᠂ ᠲᠤᠬᠠᠢ ᠶᠢᠨ ᠲᠠᠯᠠᠪᠤᠷ ᠲᠤ ᠠᠰᠠᠭᠤᠨ ᠲᠠᠶᠢᠯᠪᠤᠷᠢᠯᠠᠬᠤ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠲᠤᠬᠠᠢ ᠶᠢᠨ ᠲᠠᠯᠠᠪᠤᠷ ᠤᠨ ᠠᠭᠤᠷ ᠠᠮᠢᠰᠬᠤᠯ ᠭᠦᠨ ᠵᠤᠵᠠᠭᠠᠨ ᠪᠠᠶᠢᠨ᠎ᠠ︔ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠳᠦᠷᠢᠮ︾ ᠢ ᠳᠡᠯᠭᠡᠨ ᠦᠵᠡᠭᠦᠯᠬᠦ ᠠᠴᠠ ᠡᠮᠦᠨ᠎ᠡ᠂ ᠰᠠᠶᠢᠨ ᠳᠤᠷ᠎ᠠ ᠶᠢᠨ ᠠᠵᠢᠯᠯᠠᠭᠴᠢᠳ ᠣᠯᠠᠨ ᠲᠦᠮᠡᠨ ᠳᠤ ᠳᠦᠷᠢᠮ ᠤᠨ ᠠᠭᠤᠯᠭ᠎ᠠ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠠᠴᠢ ᠬᠤᠯᠪᠣᠭᠳᠠᠯ ᠢ ᠨᠠᠷᠢᠨ ᠲᠠᠶᠢᠯᠪᠤᠷᠢᠯᠠᠨ ᠥᠭᠴᠦ᠂ ᠥᠷᠭᠡᠨ ᠣᠯᠠᠨ ᠨᠠᠶᠢᠵᠠ ᠨᠠᠷ ᠤᠨ ᠰᠠᠶᠢᠨ ᠳᠤᠷ᠎ᠠ ᠶᠢᠨ ᠠᠵᠢᠯᠯᠠᠭ᠎ᠠ ᠳᠤ ᠢᠳᠡᠪᠬᠢᠲᠡᠢ ᠣᠷᠤᠯᠴᠠᠬᠤ ᠶᠢ ᠵᠣᠷᠢᠭᠵᠢᠭᠤᠯᠪᠠ᠃ ︽ᠯᠧᠢ ᠹᠧᠩ ᠤᠨ ᠰᠠᠶᠢᠨ ᠳᠠᠭᠤᠷᠢᠶᠠᠯ ᠠᠴᠠ ᠰᠤᠷᠤᠯᠴᠠᠵᠤ᠂ ᠬᠤᠪᠢᠰᠬᠠᠯ ᠳᠤ ᠦᠨᠡᠨᠴᠢ ᠨᠠᠮ ᠳᠠᠭᠠᠨ ᠦᠨᠡᠨᠴᠢ᠂ ᠬᠠᠶᠢᠷ᠎ᠠ ᠬᠤᠷᠣᠰᠤᠯ ᠲᠣᠳᠣᠷᠬᠠᠢ᠂ ᠤᠭ ᠢᠶᠠᠨ ᠮᠠᠷᠲᠠᠬᠤ ᠦᠭᠡᠢ ᠁︾ ᠤᠯᠠᠭᠠᠨᠮᠥ᠋ᠴᠢᠷ ᠤᠨ ᠭᠡᠰᠢᠭᠦᠳ ᠤᠨ ᠬᠠᠩᠭᠢᠨᠠᠮ᠎ᠠ ᠲᠠᠭᠤᠨ ᠤ ᠠᠶᠠᠰ ᠲᠤᠬᠠᠢ ᠶᠢᠨ ᠲᠠᠯᠠᠪᠤᠷ ᠲᠤ ᠳᠠᠭᠤᠷᠢᠰᠴᠤ᠂ ᠣᠯᠠᠨ ᠢᠶᠠᠷ ᠢᠶᠠᠨ ᠴᠥᠮ ᠬᠥᠷ ᠬᠥᠭᠵᠢᠶᠡᠨ ᠲᠠᠢ ᠠᠭᠤᠷ ᠠᠮᠢᠰᠬᠤᠯ ᠳᠤ ᠨᠥᠯᠥᠭᠡᠯᠡᠭᠳᠡᠵᠦ᠂ ᠯᠧᠢ ᠹᠧᠩ ᠤᠨ ᠵᠣᠷᠢᠭ ᠰᠠᠨᠠᠭᠠᠨ ᠤ ᠲᠤᠬᠠᠢ ᠲᠠᠨᠢᠯᠲᠠ ᠪᠠᠨ ᠤᠯᠠᠮ ᠭᠦᠨᠵᠡᠭᠡᠶᠢᠷᠡᠭᠦᠯᠪᠡ᠃
     ︽ᠳᠠᠷᠠᠭᠠᠴᠢ ᠶᠢᠨ ᠠᠯᠬᠤᠮ ᠳᠤ᠂ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠰᠢᠶᠠᠨ ᠤ 142 ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ᠂ ᠵᠣᠭᠰᠣᠭᠠᠯ ᠳᠤ ᠭᠦᠢᠴᠡᠳ ᠲᠦᠰᠢᠭᠯᠡᠵᠦ᠂ ︽ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠵᠤ ᠴᠠᠭ ᠦᠶ᠎ᠡ ᠶᠢᠨ ᠰᠢᠨ᠎ᠡ ᠬᠥᠮᠥᠨ ᠢ ᠬᠦᠮᠦᠵᠢᠭᠦᠯᠦᠶ᠎ᠡ︾ ᠪᠠᠷ ᠭᠤᠣᠯ ᠰᠡᠳᠦᠪ ᠪᠣᠯᠭᠠᠨ᠂ ︽ᠨᠥᠬᠦᠷᠰᠡᠭ ᠬᠠᠶᠢᠷ᠎ᠠ ᠪᠠᠨ ᠡᠷᠭᠦᠵᠦ ᠬᠠᠷᠢᠯᠴᠠᠨ ᠬᠠᠪᠰᠤᠷᠤᠯᠴᠠᠨ ᠳᠠᠪᠰᠢᠬᠤ︾ ᠰᠠᠶᠢᠨ ᠳᠤᠷ᠎ᠠ ᠶᠢᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠥᠷᠭᠡᠨ ᠣᠯᠠᠨ ᠺᠠᠳ᠋ᠷ ᠣᠯᠠᠨ ᠲᠦᠮᠡᠨ᠂ ᠰᠠᠶᠢᠨ ᠳᠤᠷ᠎ᠠ ᠶᠢᠨ ᠠᠵᠢᠯᠯᠠᠭᠴᠢ  ᠶᠢ ᠵᠣᠬᠢᠶᠠᠨ ᠪᠠᠶᠢᠭᠤᠯᠤᠨ ᠳᠠᠶᠢᠴᠢᠯᠠᠵᠤ᠂ ᠨᠠᠰᠤᠲᠠᠶᠢᠴᠤᠳ ᠢ ᠬᠠᠪᠰᠤᠷᠤᠨ ᠵᠡᠮᠳᠡᠭᠴᠦᠳ ᠢ ᠬᠠᠪᠰᠤᠷᠬᠤ᠂ ᠬᠦᠴᠢᠷᠳᠡᠯᠲᠡᠢ ᠶᠢ ᠬᠠᠪᠰᠤᠷᠤᠨ ᠬᠦᠴᠢᠷᠳᠡᠯ ᠢ ᠰᠢᠢᠳᠪᠦᠷᠢᠯᠡᠵᠦ ᠥᠭᠬᠦ᠂ ᠠᠷᠠᠳ ᠲᠤ ᠳᠥᠭᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠵᠡᠷᠭᠡ ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡ ᠶᠢ ᠥᠷᠭᠡᠨ ᠳᠡᠯᠭᠡᠷ ᠥᠷᠨᠢᠭᠦᠯᠵᠦ᠂ ᠣᠯᠠᠨ ᠲᠦᠮᠡᠨ ᠳᠤ ᠦᠨᠡᠨ ᠬᠦ ᠪᠣᠳᠠᠲᠤ ᠶᠠᠪᠤᠳᠠᠯ᠂ ᠰᠠᠶᠢᠨ ᠶᠠᠪᠤᠳᠠᠯ ᠬᠢᠵᠦ᠂ ︽ᠬᠥᠮᠥᠨ ᠪᠦᠬᠦᠨ ᠯᠧᠢ ᠹᠧᠩ ᠠᠴᠠ ᠰᠤᠷᠤᠯᠴᠠᠬᠤ᠂ ᠬᠥᠮᠥᠨ ᠪᠦᠬᠦᠨ ᠬᠦᠬᠡᠬᠤᠳᠠ ᠪᠠᠨ ᠬᠠᠶᠢᠷᠠᠯᠠᠬᠤ︾ ᠠᠭᠤᠷ ᠠᠮᠢᠰᠬᠤᠯ ᠢ ᠪᠤᠶ ᠪᠤᠯᠭᠠᠨ᠎ᠠ ᠭᠡᠵᠦ ᠰᠢᠶᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠢᠯᠡᠴᠢᠯᠡᠭᠡᠨ ᠤ ᠲᠥᠪ ᠤᠨ ᠡᠷᠬᠢᠯᠡᠭᠴᠢ ᠴᠧᠩ  ᠵᠢᠶᠧ ᠬᠡᠯᠡᠪᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1