ᠲᠣᠭᠲᠠᠬᠤ ᠰᠢᠶᠠᠨ ᠤ ᠲᠠᠪᠢᠨ ᠭᠡᠷ ᠪᠠᠯᠭᠠᠰᠤ᠄ ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠵᠤ ᠴᠠᠭ ᠦᠶ᠎ᠡ  ᠶᠢᠨ ᠦᠯᠢᠭᠡᠷ ᠳᠠᠭᠤᠷᠢᠶᠠᠯ ᠪᠣᠯᠬᠤ ᠪᠠᠷ ᠴᠢᠷᠮᠠᠶᠢᠶ᠎ᠠ
ᠨᠡᠶᠢᠲᠡᠯᠡᠭᠰᠡᠨ ᠴᠠᠭ᠄
2023/3/6
      ᠪᠦᠬᠦ ᠤᠯᠤᠰ ᠤᠨ 60 ᠳ᠋ᠤᠭᠠᠷ ︽ᠯᠧᠢ ᠹᠧᠩ ᠠᠴᠠ ᠰᠤᠷᠤᠯᠴᠠᠬᠤ ᠡᠳᠦᠷ︾ ᠬᠦᠷᠴᠦ ᠢᠷᠡᠬᠦ ᠭᠡᠵᠦ ᠪᠠᠶᠢᠭ᠎ᠠ ᠦᠶ᠎ᠡ ᠳᠤ᠂ ᠯᠧᠢ ᠹᠧᠩ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠪᠠᠳᠠᠷᠠᠭᠤᠯᠵᠤ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ᠂ ᠲᠡᠰᠪᠦᠷᠢ ᠬᠠᠲᠠᠭᠤᠵᠢᠯᠲᠠᠢ ᠪᠠᠷ ᠲᠡᠮᠡᠴᠡᠬᠦ᠂ ᠳᠤᠷᠠᠲᠠᠶ᠎ᠠ ᠬᠤᠪᠢ ᠨᠡᠮᠡᠷᠢ ᠦᠵᠡᠭᠦᠯᠬᠦ᠂ ᠠᠵᠢᠯ ᠤᠨ ᠪᠠᠶᠢᠷᠢ ᠪᠠᠨ ᠬᠠᠶᠢᠷᠠᠯᠠᠵᠤ ᠦᠢᠯᠡᠰ ᠢᠶᠠᠨ ᠳᠡᠭᠡᠳᠦᠯᠡᠬᠦ᠂ ᠪᠦᠯᠬᠦᠮᠳᠡᠨ ᠬᠠᠪᠰᠤᠷᠤᠯᠴᠠᠬᠤ ᠰᠢᠯᠢᠳᠡᠭ ᠰᠠᠶᠢᠨ ᠰᠠᠶᠢᠬᠠᠨ ᠵᠠᠩ ᠰᠤᠷᠲᠠᠯ ᠢ ᠤᠯᠠᠮᠵᠢᠯᠠᠨ ᠵᠠᠯᠭᠠᠮᠵᠢᠯᠠᠬᠤ ᠶᠢᠨ ᠲᠥᠯᠥᠭᠡ᠂ ᠲᠣᠭᠲᠠᠬᠤ ᠰᠢᠶᠠᠨ ᠤ ᠲᠠᠪᠢᠨ ᠭᠡᠷ ᠪᠠᠯᠭᠠᠰᠤᠨ ᠳᠤ ︽ᠯᠧᠢ ᠹᠧᠩ ᠤᠨ ᠵᠣᠷᠢᠭ ᠰᠠᠨᠠᠭ᠎ᠠ ᠶᠢ ᠰᠤᠷᠤᠯᠴᠠᠵᠤ ᠴᠠᠭ ᠦᠶ᠎ᠡ ᠶᠢᠨ ᠰᠢᠨ᠎ᠡ ᠬᠡᠪ ᠰᠤᠷᠲᠠᠯ ᠢ ᠪᠠᠳᠠᠷᠠᠭᠤᠯᠤᠶ᠎ᠠ︾ ᠠᠯᠢ ᠣᠯᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠦᠭᠰᠡᠨ ᠪᠥᠭᠡᠳ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠤᠶᠠᠷ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠰᠢᠨ᠎ᠡ ᠴᠠᠭ ᠦᠶ᠎ᠡ ᠶᠢᠨ ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠵᠠᠢ᠃      ᠬᠥᠳᠡᠭᠡ ᠲᠣᠰᠬᠤᠨ ᠤ ᠠᠷᠢᠭᠤᠨ ᠴᠡᠪᠡᠷ ᠣᠷᠴᠢᠨ ᠨᠥᠬᠦᠴᠡᠯ ᠢ ᠪᠤᠶ ᠪᠣᠯᠭᠠᠬᠤ ᠶᠢᠨ ᠲᠥᠯᠥᠭᠡ᠂ ᠯᠧᠢ ᠹᠧᠩ ᠠᠴᠠ ᠰᠤᠷᠤᠯᠴᠠᠭᠰᠠᠨ ᠳᠤᠷᠠᠰᠬᠠᠯ ᠤᠨ ᠡᠳᠦᠷ ᠲᠠᠢ ᠤᠶᠠᠯᠳᠤᠭᠤᠯᠤᠨ᠂ ᠯᠢᠦ ᠵᠢᠶᠠ ᠶᠣᠣ ᠲᠣᠰᠬᠤᠨ᠂ ᠱᠦ ᠯᠢᠨ ᠲᠣᠰᠬᠤᠨ ᠵᠢᠴᠢ ᠰᠢᠷ᠎ᠠ ᠭᠤᠤᠯ ᠲᠣᠰᠬᠤᠨ ᠤ ᠰᠠᠶᠢᠨ ᠳᠤᠷ᠎ᠠ   ᠶᠢᠨ ᠦᠢᠯᠡᠴᠢᠯᠡᠭᠴᠢᠳ ᠴᠡᠪᠡᠷᠯᠡᠭᠡ ᠶᠢᠨ ᠪᠠᠭᠠᠵᠢ ᠬᠡᠷᠡᠭᠰᠡᠯ ᠢᠶᠠᠨ ᠠᠪᠴᠤ᠂ ᠲᠣᠰᠬᠤᠨ ᠤ ᠭᠠᠭᠴᠠᠭᠠᠷ ᠰᠠᠭᠤᠭ᠎ᠠ ᠨᠠᠰᠤᠲᠠᠨ ᠤ ᠳᠤ ᠬᠦᠷᠴᠦ᠂ ᠭᠠᠭᠴᠠᠭᠠᠷ ᠰᠠᠭᠤᠭ᠎ᠠ ᠨᠠᠰᠤᠲᠠᠨ ᠤ ᠭᠡᠷ ᠪᠠᠶᠢᠰᠢᠩ ᠢ ᠨᠢ ᠴᠡᠪᠡᠷᠯᠡᠵᠡᠢ᠃ ᠰᠠᠶᠢᠨ ᠳᠤᠷ᠎ᠠ ᠶᠢᠨ ᠦᠢᠯᠡᠴᠢᠯᠡᠭᠴᠢᠳ ᠤᠨ ᠵᠠᠷᠢᠮ ᠨᠢ ᠭᠡᠷ ᠤᠨ ᠬᠡᠷᠡᠭᠰᠡᠯ ᠢ ᠵᠦᠯᠭᠦᠵᠦ᠂ ᠵᠠᠷᠢᠮ ᠨᠢ ᠶᠠᠭᠤᠮ᠎ᠠ ᠬᠡᠦᠮ᠎ᠡ ᠪᠠᠨ ᠲᠡᠭᠰᠢᠯᠡᠵᠦ᠂ ᠵᠠᠷᠢᠮ ᠨᠢ ᠬᠦᠷᠢᠶ᠎ᠡ ᠬᠠᠰᠢᠶ᠎ᠠ ᠶᠢ ᠴᠡᠪᠡᠷᠯᠡᠬᠦ ᠶᠢᠨ ᠬᠠᠮᠲᠤ ᠨᠠᠰᠤᠲᠠᠶᠢᠴᠤᠳ ᠲᠠᠢ ᠳᠣᠲᠣᠨᠣᠰᠤᠭ ᠢᠶᠠᠷ ᠶᠠᠷᠢᠯᠴᠠᠵᠤ᠂ ᠨᠠᠰᠤᠲᠠᠶᠢᠴᠤᠳ ᠤᠨ ᠠᠮᠢᠳᠤᠷᠠᠯ ᠪᠣᠯᠣᠨ ᠪᠡᠶ᠎ᠡ ᠮᠠᠬᠠᠪᠤᠳ ᠤᠨ ᠪᠠᠶᠢᠳᠠᠯ ᠢ ᠬᠠᠯᠠᠮᠵᠢᠯᠠᠵᠤ᠂ ᠨᠠᠰᠤᠲᠠᠶᠢᠴᠤᠳ ᠢ ᠪᠡᠶ᠎ᠡ ᠪᠠᠨ ᠭᠠᠮᠨᠠᠭᠠᠷᠠᠢ᠂ ᠰᠠᠶᠢᠨ ᠳᠤᠷ᠎ᠠ ᠶᠢᠨ ᠠᠵᠢᠯᠯᠠᠭᠰᠠᠳ ᠲᠠᠢ ᠴᠠᠭ ᠲᠤᠬᠠᠢ ᠳᠤᠨᠢ ᠬᠠᠷᠢᠯᠴᠠᠭᠠᠷᠠᠢ ᠭᠡᠵᠦ ᠵᠠᠬᠢᠵᠤ᠂ ᠨᠠᠰᠤᠲᠠᠶᠢᠴᠤᠳ ᠴᠤ ᠰᠠᠶᠢᠨ ᠳᠤᠷ᠎ᠠ ᠶᠢᠨ ᠠᠵᠢᠯᠯᠠᠭᠰᠠᠳ ᠲᠤ ᠭᠦᠨ ᠲᠠᠯᠠᠷᠬᠠᠯ ᠢᠶᠠᠨ ᠢᠯᠡᠳᠭᠡᠭᠰᠡᠨ ᠪᠠᠶᠢᠨ᠎ᠠ᠃      ᠭᠠᠭᠴᠠᠭᠠᠷ ᠰᠠᠭᠤᠭ᠎ᠠ ᠨᠠᠰᠤᠲᠠᠶᠢᠴᠤᠳ ᠤᠨ ᠠᠷᠢᠭᠤᠨ ᠴᠡᠪᠡᠷ ᠢ ᠴᠡᠪᠡᠷᠯᠡᠵᠦ ᠪᠠᠷᠠᠭᠰᠠᠨ ᠤ ᠲᠠᠷᠠᠭ᠎ᠠ᠂ ᠰᠠᠶᠢᠨ ᠳᠤᠷ᠎ᠠ ᠶᠢᠨ ᠦᠢᠯᠡᠴᠢᠯᠡᠭᠴᠢᠳ ᠲᠣᠰᠬᠤᠨ ᠤ ᠭᠤᠣᠯ ᠵᠠᠮ ᠢᠶᠠᠷ ᠶᠠᠪᠤᠵᠤ᠂ ᠵᠠᠮ ᠤᠨ ᠬᠠᠵᠠᠭᠤ ᠶᠢᠨ ᠬᠤᠭ ᠨᠣᠪᠰᠢ ᠪᠣᠯᠣᠨ ᠬᠠᠶᠠᠭᠳᠠᠮᠠᠯ ᠪᠣᠳᠠᠰ ᠢ ᠴᠡᠪᠡᠷᠯᠡᠵᠦ᠂ ᠲᠥᠪᠯᠡᠷᠡᠭᠦᠯᠦᠨ ᠰᠢᠢᠳᠪᠦᠷᠢᠯᠡᠬᠦ ᠭᠠᠵᠠᠷ ᠲᠤ ᠬᠦᠷᠭᠡᠵᠦ᠂ ᠴᠠᠭ ᠭᠠᠷᠤᠢ ᠶᠢᠨ ᠴᠡᠪᠡᠷᠯᠡᠯᠲᠡ ᠪᠠᠷ ᠲᠠᠮᠵᠢᠨ ᠲᠣᠰᠬᠤᠨ ᠤ ᠭᠤᠣᠯ ᠵᠠᠮ ᠤᠨ ᠬᠠᠭᠤᠴᠢᠨ ᠳᠦᠷᠰᠦ ᠪᠠᠶᠢᠳᠠᠯ ᠰᠢᠨ᠎ᠡ ᠳᠦᠷᠰᠦ ᠪᠠᠶᠢᠳᠠᠯ ᠲᠠᠢ ᠪᠣᠯᠵᠤ᠂ ᠰᠠᠶᠢᠨ ᠳᠤᠷ᠎ᠠ ᠶᠢᠨ ᠦᠢᠯᠡᠴᠢᠯᠡᠭᠴᠢᠳ ᠴᠦ ᠰᠡᠳᠬᠢᠯ ᠬᠠᠨᠤᠮᠵᠢᠲᠠᠢ ᠢᠨᠢᠶᠡᠮᠰᠦᠭᠯᠡᠪᠡ᠃      ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠵᠤ᠂ ᠵᠠᠯᠠᠭᠤᠴᠤᠳ ᠪᠠᠭᠠᠴᠤᠳ ᠤᠨ ᠠᠷᠪᠢᠯᠠᠨ ᠭᠠᠮᠨᠠᠬᠤ ᠤᠬᠠᠮᠰᠠᠷ ᠢ ᠬᠥᠮᠥᠵᠢᠭᠦᠯᠬᠦ ᠶᠢᠨ ᠲᠥᠯᠥᠭᠡ ᠲᠠᠪᠢᠨ ᠭᠡᠷ  ᠲᠤᠰᠬᠤᠨ ᠪᠠᠭ᠎ᠠ ᠰᠤᠷᠭᠠᠭᠤᠯᠢ ᠶᠢᠨ ᠬᠢᠨ ᠰᠤᠷᠤᠭᠴᠢᠳ ᠢ ᠴᠤᠭᠯᠠᠭᠤᠯᠤᠨ ᠨᠢᠭᠡᠨ ᠤᠳᠠᠭᠠᠨ ᠤ ᠶᠡᠷᠦ ᠪᠤᠰᠤ ᠶᠢᠨ ᠤᠳᠬ᠎ᠠ ᠠᠭᠤᠯᠭ᠎ᠠ  ᠲᠠᠢ ᠭᠤᠣᠯ ᠰᠡᠳᠦᠪᠲᠦ ᠰᠤᠷᠭᠠᠨ ᠬᠥᠮᠦᠵᠢᠯ ᠤᠨ ᠠᠵᠢᠯᠯᠠᠭ᠎ᠠ ᠥᠷᠨᠢᠭᠦᠯᠵᠡᠢ᠃ ᠠᠵᠢᠯᠯᠠᠭ᠎ᠠ ᠶᠢᠨ ᠳᠤᠮᠳᠠ᠂ ᠪᠠᠭᠰᠢ ᠨᠠᠷ ᠪᠦᠬᠦ ᠪᠥᠮᠪᠥᠷᠴᠡᠭ ᠤᠨ ᠠᠮᠤ ᠪᠤᠳᠠᠭᠠᠨ ᠤ ᠡᠬᠢ ᠪᠠᠶᠠᠯᠢᠭ ᠲᠤᠲᠠᠭᠳᠠᠵᠤ ᠪᠠᠶᠢᠭ᠎ᠠ ᠪᠠᠶᠢᠳᠠᠯ ᠠᠴᠠ ᠮᠠᠨ ᠤ ᠤᠯᠤᠰ ᠤᠨ ᠠᠮᠤ ᠪᠤᠳᠠᠭ᠎ᠠ ᠪᠠᠨ ᠬᠠᠳᠠᠭᠠᠯᠠᠬᠤ ᠦᠨᠳᠦᠰᠦᠨ ᠪᠣᠳᠣᠯᠭ᠎ᠠ ᠴᠢᠭᠯᠡᠯᠲᠡ ᠶᠢ ᠶᠠᠷᠢᠪᠠ᠃ ᠠᠮᠤ ᠪᠤᠳᠠᠭ᠎ᠠ ᠶᠢ ᠪᠦᠷᠢᠯᠭᠡᠭᠰᠡᠨ ᠬᠦᠨᠳᠦ ᠨᠣᠴᠢᠲᠠᠢ ᠦᠷ᠎ᠡ ᠳ᠋ᠦᠩ ᠢ ᠶᠠᠷᠢᠵᠦ᠂ ᠰᠤᠷᠤᠭᠴᠢᠳ ᠲᠤ ᠠᠮᠤ ᠪᠤᠳᠠᠭ᠎ᠠ ᠪᠠᠨ ᠨᠠᠨᠳᠢᠩᠨᠠᠬᠤ ᠶᠢᠨ ᠴᠢᠬᠤᠯᠠ ᠴᠢᠨᠠᠷ ᠢ ᠦᠨᠡᠨ ᠬᠦ ᠣᠶᠢᠯᠠᠭᠠᠭᠤᠯᠵᠤ᠂ ᠰᠤᠷᠤᠭᠴᠢᠳ ᠢ ᠠᠮᠤ ᠪᠤᠳᠠᠭ᠎ᠠ ᠪᠠᠨ ᠨᠠᠨᠳᠢᠩᠨᠠᠨ᠂ ᠪᠦᠷᠢᠯᠭᠡᠨ ᠰᠦᠢᠳᠬᠡᠬᠦ ᠶᠢ ᠪᠠᠭᠠᠰᠬᠠᠬᠤ ᠪᠠᠷ ᠰᠤᠷᠭᠠᠨ ᠬᠥᠮᠥᠵᠢᠭᠦᠯᠵᠦ ᠬᠥᠲᠥᠯᠥᠨ ᠵᠢᠯᠣᠭᠤᠳᠪᠠ᠂ ᠰᠤᠷᠤᠭᠴᠢᠳ ᠭᠠᠷ ᠡᠷᠭᠦᠨ ᠥᠪᠡᠷ ᠤᠨ ᠦᠵᠡᠯᠲᠡ ᠪᠠ  ᠲᠠᠨᠢᠯᠳᠠ ᠪᠠᠨ ᠶᠠᠷᠢᠵᠤ᠂ ᠥᠪᠡᠷ ᠢᠶᠠᠨ ᠠᠮᠤ ᠪᠤᠳᠠᠭ᠎ᠠ ᠪᠠᠨ ᠨᠠᠨᠳᠢᠩᠨᠠᠳᠠᠭ ᠰᠠᠶᠢᠨ ᠰᠤᠷᠤᠭᠴᠢ ᠪᠣᠯᠵᠤ᠂ ᠡᠳᠦᠷ ᠪᠦᠷᠢ ᠶᠢᠨ ᠬᠤᠭᠤᠯᠠᠨ ᠳᠠᠭᠠᠨ ᠬᠡᠳᠦᠢ ᠢᠳᠡᠪᠡᠯ ᠲᠡᠳᠦᠢ ᠨᠡᠮᠡᠵᠦ᠂ ᠬᠤᠭᠤᠰᠤᠯᠠᠬᠤ ᠠᠵᠢᠯᠯᠠᠭ᠎ᠠ ᠠᠪᠴᠤ᠂ ᠪᠦᠷᠢᠯᠭᠡᠨ ᠰᠦᠢᠳᠬᠡᠬᠦ ᠶᠢ ᠲᠡᠪᠴᠢᠨ᠎ᠡ ᠬᠡᠷᠡᠭᠲᠡᠢ ᠭᠡᠵᠦ ᠬᠤᠶᠢᠨ᠎ᠠ ᠬᠤᠶᠢᠨ᠎ᠠ   ᠠᠴᠠ ᠪᠠᠨ ᠢᠯᠡᠷᠬᠡᠶᠢᠯᠡᠵᠡᠢ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1