ᠲᠣᠭᠲᠠᠬᠤ ᠰᠢᠶᠠᠨ ︽ᠰᠦᠯᠵᠢᠶᠡᠨ ᠤ ᠳᠠᠮᠵᠢᠭᠤᠯᠭ᠎ᠠ ᠶᠢᠨ ᠡᠮᠬᠢ ᠳᠢᠭᠯᠢᠮ ᠢ ᠵᠢᠷᠤᠮᠵᠢᠭᠤᠯᠵᠤ ᠰᠦᠯᠵᠢᠶᠡᠨ ᠤ ᠪᠣᠯᠪᠠᠰᠤᠨ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ︾ ᠲᠤᠰᠬᠠᠢ ᠠᠵᠢᠯᠯᠠᠭ᠎ᠠ ᠥᠷᠨᠢᠭᠦᠯᠵᠦ ᠬᠥᠳᠡᠭᠡ ᠲᠣᠰᠬᠤᠨ ᠳᠤ ᠣᠷᠣᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/3/6
      3 ᠳ᠋ᠤᠭᠠᠷ ᠰᠠᠷ᠎ᠠ ᠶᠢᠨ 2 ᠤᠨ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠲᠠᠬᠤ ᠰᠢᠶᠠᠨ ᠤ ᠬᠤᠷᠢᠶ᠎ᠠ ᠶᠢᠨ ᠤᠬᠠᠭᠤᠯᠬᠤ ᠬᠡᠯᠲᠡᠰ᠂ ᠰᠢᠶᠠᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ᠂ ᠰᠢᠶᠠᠨ ᠤ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠲᠥᠪ ᠠᠴᠠ ᠭᠤᠣᠯᠯᠠᠨ ᠡᠷᠬᠢᠯᠡᠭᠰᠡᠨ ︽ᠰᠦᠯᠵᠢᠶᠡᠨ ᠤ ᠳᠠᠮᠵᠢᠭᠤᠯᠭ᠎ᠠ ᠶᠢᠨ ᠡᠮᠬᠢ ᠳᠢᠭᠯᠢᠮ ᠢ ᠵᠢᠷᠤᠮᠵᠢᠭᠤᠯᠵᠤ ᠰᠦᠯᠵᠢᠶᠡᠨ ᠤ ᠪᠣᠯᠪᠠᠰᠤᠨ ᠢ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ︾ ᠬᠥᠳᠡᠭᠡ ᠲᠣᠰᠬᠤᠨ ᠳᠤ ᠣᠷᠣᠬᠤ ᠠᠵᠢᠯᠯᠠᠭ᠎ᠠ ᠲᠣᠭᠲᠠᠬᠤ ᠰᠢᠶᠠᠨ ᠤ ᠭᠦ᠋ ᠴᠧᠩ ᠪᠠᠯᠭᠠᠰᠤ ᠶᠢᠨ ᠰᠢᠷᠡᠭᠡᠳᠦ ᠲᠣᠰᠬᠤᠨ ᠳᠤ ᠶᠠᠪᠤᠭᠳᠠᠵᠤ᠂ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ ᠵᠡᠷᠭᠡ ᠬᠤᠯᠪᠣᠭᠳᠠᠯ ᠪᠦᠬᠦᠢ ᠨᠢᠭᠡᠴᠡ ᠳᠤ ᠣᠷᠣᠯᠴᠠᠪᠠ᠃
     ᠠᠵᠢᠯᠯᠠᠭ᠎ᠠ ᠶᠢᠨ ᠲᠤᠬᠠᠢ ᠶᠢᠨ ᠲᠠᠯᠠᠪᠠᠶ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠬᠠᠤᠯᠢ︾ ︽ᠢᠨᠲ᠋ᠧᠷ ᠰᠦᠯᠵᠢᠶᠡᠨ ᠤ ᠬᠡᠷᠡᠭᠯᠡᠭᠴᠢ ᠶᠢᠨ ᠲᠠᠩᠰᠠᠨ ᠨᠣᠮᠧᠷ ᠤᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠣᠭᠲᠠᠭᠠᠯ︾ ︽ᠰᠦᠯᠵᠢᠶᠡᠨ ᠤ ᠮᠡᠳᠡᠭᠡ ᠵᠠᠩᠭᠢ ᠶᠢᠨ ᠠᠭᠤᠯᠭ᠎ᠠ ᠶᠢᠨ ᠠᠮᠢ ᠠᠬᠤᠢ ᠶᠢᠨ ᠵᠠᠰᠠᠯᠲᠠ ᠶᠢᠨ ᠲᠣᠭᠲᠠᠭᠠᠯ︾ ︽ᠢᠨᠲ᠋ᠧᠷ ᠰᠦᠯᠵᠢᠶᠡᠨ ᠤ ᠪᠦᠯᠦᠭᠯᠡᠯ ᠤᠨ ᠮᠡᠳᠡᠭᠡ ᠵᠠᠩᠭᠢ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠣᠭᠲᠠᠭᠠᠯ︾ ︽ᠰᠦᠯᠵᠢᠶᠡᠨ ᠤ ᠳᠠᠮᠵᠢᠭᠤᠯᠭ᠎ᠠ ᠶᠢᠨ ᠪᠣᠯᠪᠠᠰᠤᠨ ᠰᠦᠯᠵᠢᠶᠡᠨ ᠤ ᠤᠬᠠᠭᠤᠯᠭ᠎ᠠ ᠶᠢᠨ ᠭᠠᠷ ᠳᠡᠪᠲᠡᠷ︾ ᠵᠡᠷᠭᠡ ᠢᠨᠲ᠋ᠧᠷ ᠰᠦᠯᠵᠢᠶᠡᠨ ᠤ ᠬᠠᠤᠯᠢ ᠴᠠᠭᠠᠵᠠ ᠬᠠᠤᠯᠢ ᠲᠣᠭᠲᠠᠭᠠᠯ᠂ ᠮᠡᠬᠡᠯᠡᠬᠦ ᠶᠢ ᠰᠡᠷᠭᠡᠶᠢᠯᠡᠬᠦ ᠮᠡᠬᠡᠯᠡᠬᠦ ᠶᠢ ᠡᠰᠡᠷᠭᠦᠴᠡᠬᠦ ᠮᠡᠳᠡᠯᠭᠡ ᠪᠠᠷ ᠭᠤᠣᠯ ᠠᠭᠤᠯᠭ᠎ᠠ ᠪᠣᠯᠭᠠᠭᠰᠠᠨ ᠲᠤᠬᠠᠢ ᠶᠢᠨ ᠲᠠᠯᠠᠪᠤᠷ ᠤᠨ ᠦᠵᠡᠭᠦᠯᠦᠯᠭᠡ ᠶᠢᠨ ᠲᠣᠭᠤᠷᠢᠭ᠂ ᠣᠯᠠᠨ ᠲᠦᠮᠡᠨ ᠤ ᠠᠩᠬᠠᠷᠤᠯ ᠢ ᠲᠠᠲᠠᠵᠤ ᠠᠰᠠᠭᠤᠨ ᠯᠠᠪᠯᠠᠭᠤᠯᠪᠠ᠃ ᠠᠵᠢᠯᠲᠠᠳ ᠵᠢᠴᠢ ᠰᠠᠶᠢᠨ ᠲᠤᠷᠠᠴᠤᠳ ᠤᠯᠠᠨ ᠲᠦᠮᠡᠨ ᠳᠤ ᠪᠣᠯᠪᠠᠰᠤᠨ ᠢᠶᠠᠷ ᠰᠦᠯᠵᠢᠶᠡᠨ ᠳᠤ ᠭᠠᠷᠬᠤ᠂ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠳᠡᠭᠡᠭᠰᠢᠯᠡᠭᠦᠯᠬᠦ ᠶᠢᠨ ᠴᠢᠬᠤᠯᠠ ᠴᠢᠨᠠᠷ᠂ ᠰᠦᠯᠵᠢᠶᠡᠨ ᠤ ᠠᠮᠤᠷ ᠲᠦᠪᠰᠢᠨ ᠤ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠵᠡᠷᠭᠡ ᠠᠭᠤᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠰᠢᠶᠠᠨ ᠤ ᠤᠯᠠᠭᠠᠨᠮᠥ᠋ᠴᠢᠷ ᠤᠨ ᠬᠢᠨ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠶᠢ ᠠᠪᠴᠢᠷᠠᠭᠰᠠᠨ ᠪᠠᠶᠢᠨ᠎ᠠ᠃       ︽ᠲᠤᠰ ᠤᠳᠠᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠨᠢ ᠮᠠᠨ ᠤ ᠡᠭᠡᠯ ᠠᠷᠠᠳ ᠤᠨ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠪᠡ᠂ ᠠᠮᠢᠳᠤᠷᠠᠯ ᠤᠨ ᠳᠤᠮᠳᠠ ᠬᠤᠪᠢ ᠬᠥᠮᠥᠨ ᠤ ᠨᠢᠭᠤᠴᠠ ᠪᠠᠨ ᠰᠠᠶᠢᠲᠤᠷ ᠬᠠᠮᠠᠭᠠᠯᠠᠬᠤ ᠬᠡᠷᠡᠭᠲᠡᠢ ᠪᠥᠭᠡᠳ ᠰᠦᠯᠵᠢᠶᠡᠨ ᠤ ᠮᠡᠬᠡᠯᠡᠯ᠂ ᠰᠦᠯᠵᠢᠶᠡᠨ ᠤ ᠬᠦᠴᠦᠷᠬᠡᠭᠯᠡᠯ᠂ ᠰᠦᠯᠵᠢᠶᠡᠨ ᠤ ᠪᠣᠯᠪᠠᠰᠤᠨ ᠢ ᠬᠥᠮᠥᠨ ᠪᠦᠬᠦᠨ ᠠᠴᠠ ᠡᠬᠢᠯᠡᠨ ᠬᠢᠬᠦ ᠶᠢ ᠬᠤᠷᠢᠭᠯᠠᠬᠤ ᠬᠡᠷᠡᠭᠲᠡᠢ︾᠃ ᠭᠡᠵᠦ ᠲᠣᠭᠲᠠᠬᠤ ᠰᠢᠶᠠᠨ ᠤ ᠭᠦ᠋ ᠴᠧᠩ ᠪᠠᠯᠭᠠᠰᠤ ᠶᠢᠨ ᠰᠢᠷᠡᠭᠡᠳᠦ ᠲᠣᠰᠬᠤᠨ ᠤ ᠠᠷᠠᠳ ᠪᠠᠢ ᠰᠢᠸ ᠰᠢᠶᠠ ᠬᠡᠯᠡᠪᠡ᠃
     ᠲᠣᠰ ᠤᠳᠠᠭᠠᠨ ᠤ ᠠᠵᠢᠯᠯᠠᠭ᠎ᠠ ᠨᠢ ᠥᠷᠭᠡᠨ ᠣᠯᠠᠨ ᠲᠦᠮᠡᠨ ᠳᠤ ᠰᠦᠯᠵᠢᠶᠡᠨ ᠤ ᠠᠮᠤᠷ ᠲᠦᠪᠰᠢᠨ ᠤ ᠬᠤᠯᠪᠣᠭᠳᠠᠯ ᠪᠦᠬᠦᠢ ᠬᠠᠤᠯᠢ ᠲᠣᠭᠲᠠᠭᠠᠯ ᠤᠨ ᠮᠡᠳᠡᠯᠭᠡ ᠶᠢ ᠰᠤᠷᠤᠯᠴᠠᠬᠤ ᠡᠷᠬᠢᠮ ᠨᠠᠨᠳᠢᠨ ᠲᠣᠬᠢᠶᠠᠯ ᠣᠯᠭᠤᠵᠤ᠂ ᠣᠯᠠᠨ ᠲᠦᠮᠡᠨ ᠤ ᠰᠦᠯᠵᠢᠶᠡᠨ ᠤ ᠬᠡᠪ ᠪᠣᠯᠪᠠᠰᠤᠷᠠᠯ ᠪᠠ ᠰᠦᠯᠵᠢᠶᠡᠨ ᠤ ᠮᠡᠳᠡᠭᠡ ᠵᠠᠩᠭᠢ ᠶᠢ ᠢᠯᠭᠠᠨ ᠲᠠᠨᠢᠬᠤ ᠴᠢᠳᠠᠪᠤᠷᠢ ᠶᠢ ᠳᠡᠭᠡᠭᠰᠢᠯᠡᠭᠦᠯᠦᠨ᠂ ᠣᠯᠠᠨ ᠲᠦᠮᠡᠨ ᠤ ᠬᠠᠤᠯᠢ ᠶᠢ ᠰᠤᠷᠴᠤ ᠬᠠᠤᠯᠢ ᠶᠢ ᠮᠡᠳᠡᠵᠦ ᠬᠠᠤᠯᠢ ᠶᠢ ᠰᠠᠬᠢᠬᠤ ᠶᠢ ᠬᠥᠲᠥᠯᠥᠨ ᠵᠢᠯᠤᠭᠤᠳᠴᠤ᠂ ᠰᠦᠯᠵᠢᠶᠡᠨ ᠤ ᠬᠡᠪ ᠪᠣᠯᠪᠠᠰᠤᠷᠠᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ ᠂ ᠬᠠᠤᠯᠢ ᠶᠣᠰᠣᠭᠠᠷ ᠪᠣᠯᠪᠠᠰᠤᠨ ᠢᠶᠠᠷ ᠣᠶᠤᠨᠴᠢ ᠪᠠᠷ ᠰᠦᠯᠵᠢᠶᠡᠨ ᠳᠤ ᠭᠠᠷᠴᠤ᠂ ᠪᠥᠬᠦ ᠰᠢᠶᠠᠨ ᠤ ᠰᠠᠶᠢᠨ ᠰᠠᠶᠢᠬᠠᠨ ᠰᠦᠯᠵᠢᠶᠡᠨ ᠤ ᠶᠠᠷᠢᠶ᠎ᠠ ᠬᠡᠯᠡᠯᠴᠡᠭᠡ ᠪᠠ ᠰᠦᠯᠵᠢᠶᠡᠨ ᠤ ᠰᠣᠶᠣᠯ ᠤᠨ ᠣᠷᠴᠢᠨ ᠨᠥᠬᠦᠴᠡᠯ ᠢ ᠡᠭᠦᠳᠦᠨ ᠪᠠᠶᠢᠭᠤᠯᠬᠤ ᠶᠢ ᠲᠦᠯᠬᠢᠨ ᠠᠬᠢᠭᠤᠯᠤᠭᠰᠠᠨ ᠪᠠᠶᠢᠨ᠎ᠠ᠃      ︽ᠪᠢᠳᠡ ᠲᠣᠰ ᠤᠳᠠᠭᠠᠨ ᠤ ᠲᠤᠰᠬᠠᠢ ᠠᠵᠢᠯᠯᠠᠭ᠎ᠠ ᠪᠠᠷ ᠳᠠᠮᠵᠢᠭᠤᠯᠤᠨ᠂ ᠥᠷᠭᠡᠨ ᠣᠯᠠᠨ ᠲᠦᠮᠡᠨ ᠢ ᠰᠤᠷᠭᠠᠨ ᠬᠥᠮᠥᠵᠢᠭᠦᠯᠵᠦ ᠬᠥᠲᠥᠯᠥᠨ ᠵᠢᠯᠤᠭᠤᠳᠴᠤ ᠪᠠᠶᠢᠭᠠᠳ ᠰᠦᠯᠵᠢᠶᠡᠨ ᠤ ᠢᠳᠡᠪᠬᠢ ᠬᠦᠴᠦᠨ ᠢ ᠢᠳᠡᠪᠬᠢᠲᠡᠢ ᠪᠠᠷ ᠤᠯᠠᠮᠵᠢᠯᠠᠨ ᠲᠠᠷᠬᠠᠭᠠᠵᠤ᠂ ᠬᠠᠤᠯᠢ ᠶᠣᠰᠣᠭᠠᠷ ᠪᠣᠯᠪᠠᠰᠤᠨ ᠪᠥᠭᠡᠳ ᠣᠶᠤᠨᠴᠢ ᠪᠠᠷ ᠰᠦᠯᠵᠢᠶᠡᠨ ᠳᠤ ᠭᠠᠷᠴᠤ᠂ ᠰᠦᠯᠵᠢᠶᠡᠨ ᠤ ᠴᠡᠪᠡᠷ ᠲᠤᠩᠭᠠᠯᠠᠭ ᠣᠷᠣᠨ ᠵᠠᠢ ᠶᠢ ᠬᠠᠮᠲᠤ ᠪᠠᠷ ᠴᠣᠭᠴᠠᠯᠠᠨ ᠪᠠᠶᠢᠭᠤᠯᠬᠤ ᠰᠠᠨᠠᠭ᠎ᠠ ᠲᠠᠢ ᠪᠠᠶᠢᠨ᠎ᠠ᠃ ᠲᠠᠷᠠᠭᠠᠴᠢ ᠶᠢᠨ ᠠᠯᠬᠤᠮ ᠳᠤ ᠪᠢᠳᠡ ︿ᠨᠡᠶᠢᠭᠡᠮ ᠲᠣᠭᠤᠷᠢᠭ ᠲᠤ ᠣᠷᠣᠬᠤ᠂ ᠰᠤᠷᠭᠠᠭᠤᠯᠢ ᠳᠤ ᠣᠷᠣᠬᠤ᠂ ᠪᠠᠶᠢᠭᠤᠯᠤᠯᠭ᠎ᠠ ᠳᠤ ᠣᠷᠣᠬᠤ﹀ ᠵᠡᠷᠭᠡ ᠣᠯᠠᠨ ᠵᠦᠢᠯ ᠤᠨ ᠬᠡᠯᠪᠡᠷᠢ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠪᠣᠯᠪᠠᠰᠤᠨ ᠢᠶᠠᠷ ᠰᠦᠯᠵᠢᠶ᠎ᠡ ᠶᠢ ᠡᠷᠭᠢᠯᠡᠬᠦ᠂ ᠪᠣᠯᠪᠠᠰᠤᠨ ᠢᠶᠠᠷ ᠰᠦᠯᠵᠢᠶ᠎ᠡ ᠶᠢ ᠬᠡᠷᠡᠭᠯᠡᠬᠦ᠂ ᠪᠣᠯᠪᠠᠰᠤᠨ ᠢᠶᠠᠷ ᠰᠦᠯᠵᠢᠶᠡᠨ ᠳᠤ ᠭᠠᠷᠬᠤ᠂ ᠪᠣᠯᠪᠠᠰᠤᠨ ᠢᠶᠠᠷ ᠰᠦᠯᠵᠢᠶ᠎ᠡ ᠶᠢ ᠬᠥᠭᠵᠢᠭᠦᠯᠬᠦ ᠶᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠵᠢᠷᠤᠮᠵᠢᠯ ᠲᠠᠢ ᠪᠥᠭᠡᠳ ᠡᠮᠬᠢ ᠵᠢᠷᠤᠮ ᠲᠠᠢ᠂ ᠰᠤᠷᠲᠠᠯ ᠴᠢᠬᠡᠴᠢ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠭᠰᠠᠨ ᠰᠦᠯᠵᠢᠶᠡᠨ ᠤ ᠣᠷᠴᠢᠨ ᠲᠣᠭᠤᠷᠢᠨ ᠢ ᠪᠣᠶ ᠪᠣᠯᠭᠠᠬᠤ ᠶᠢ ᠲᠦᠯᠬᠢᠨ ᠠᠬᠢᠭᠤᠯᠤᠨ᠎ᠠ︾ ᠭᠡᠵᠦ ᠰᠢᠶᠠᠨ ᠤ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠲᠥᠪ ᠤᠨ ᠡᠷᠬᠢᠯᠡᠭᠴᠢ ᠵᠢᠶᠠ ᠪᠦ᠋ ᠱᠣᠸ ᠲᠠᠨᠢᠯᠴᠠᠭᠤᠯᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1