ᠠᠷᠠᠳ ᠣᠯᠠᠨ ᠤ ᠡᠷᠡᠭᠦᠯ ᠮᠡᠨᠳᠦ ᠶᠢᠨ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠵᠦ᠂ ᠬᠠᠶᠢᠷ᠎ᠠ | ᠬᠠᠯᠠᠮᠵᠢ ᠬᠠᠷᠢᠯᠴᠠᠨ ᠬᠠᠪᠰᠤᠷᠤᠯᠴᠠᠬᠤ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠵᠤ᠂ ᠣᠯᠠᠨ ᠲᠦᠮᠡᠨ ᠢ | ᠭᠡᠷ ᠤᠨ ᠡᠭᠦᠳᠡᠨ ᠳᠤᠨᠢ ᠲᠤᠰᠬᠠᠢ ᠮᠡᠷᠭᠡᠵᠢᠯᠲᠡᠨ ᠢᠶᠠᠷ ᠣᠨᠣᠰᠢᠯᠠᠭᠤᠯᠬᠤ ᠶᠢᠨ ᠲᠥᠯᠥᠭᠡ᠂ ᠣᠶᠢᠷ᠎ᠠ ᠳᠤ ᠲᠣᠭᠲᠠᠬᠤ | ᠰᠢᠶᠠᠨ ᠤ ᠡᠮᠨᠡᠯᠭᠡ ᠶᠢᠨ ᠬᠤᠷᠢᠶ᠎ᠠ ᠥᠪᠥᠷ ᠮᠣᠩᠭᠤᠯ ᠤᠨ ᠡᠮᠨᠡᠯᠭᠡ ᠶᠢᠨ ᠶᠡᠭᠡ ᠰᠤᠷᠭᠠᠭᠤᠯᠢ ᠶᠢᠨ ᠬᠠᠷᠢᠶᠠᠲᠤ | ᠡᠮᠨᠡᠯᠭᠡ ᠶᠢᠨ ᠬᠤᠷᠢᠶᠠᠨ ᠤ ᠨᠠᠷᠠᠲᠤ ᠲᠤᠰᠬᠠᠢ ᠮᠡᠷᠭᠡᠵᠢᠯᠲᠡᠨ ᠢ ᠤᠷᠢᠵᠤ ᠣᠯᠠᠨ ᠲᠦᠮᠡᠨ ᠳᠤ ᠰᠦᠢᠳᠬᠡᠯ ᠬᠤᠷᠢᠶᠠᠬᠤ | ᠦᠭᠡᠢ ᠪᠠᠷ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠲᠤᠰᠬᠠᠢ ᠮᠡᠷᠭᠡᠵᠢᠯᠲᠡᠳ ᠡᠪᠡᠳᠴᠢᠲᠡᠨ ᠤ ᠪᠡᠶ᠎ᠡ ᠶᠢᠨ ᠡᠷᠡᠭᠦᠯ | ᠮᠡᠨᠳᠦ ᠶᠢᠨ ᠪᠠᠶᠢᠳᠠᠯ ᠢ ᠨᠠᠷᠢᠨ ᠬᠢᠨᠠᠮᠠᠭᠠᠢ ᠠᠰᠠᠭᠤᠨ ᠯᠠᠪᠯᠠᠵᠤ᠂ ᠮᠠᠳᠠᠭ ᠲᠠᠢ ᠠᠰᠠᠭᠤᠳᠠᠯ ᠢ ᠨᠠᠷᠢᠨ ᠨᠢᠮᠪᠠᠢ | ᠲᠠᠶᠢᠯᠪᠤᠷᠢᠯᠠᠨ᠂ ᠠᠳᠠᠯᠢ ᠪᠤᠰᠤ ᠡᠪᠡᠳᠴᠢᠲᠡᠨ ᠤ ᠡᠪᠡᠳᠴᠢᠨ ᠤ ᠪᠠᠶᠢᠳᠠᠯ ᠳᠤ ᠴᠢᠭᠯᠡᠭᠦᠯᠦᠨ᠂ ᠵᠦᠢ ᠵᠣᠬᠢᠰᠲᠠᠢ | ᠣᠨᠣᠰᠢᠯᠠᠨ ᠡᠮᠨᠡᠬᠦ ᠰᠠᠨᠠᠭᠤᠯᠭ᠎ᠠ ᠪᠠ ᠡᠮᠨᠡᠨ ᠵᠠᠰᠠᠬᠤ ᠲᠥᠰᠥᠯ ᠢ ᠳᠤᠷᠠᠳᠤᠨ ᠭᠠᠷᠭᠠᠪᠠ᠃ ᠤᠯᠠᠨ ᠲᠦᠮᠡᠨ ᠤ | ᠢᠳᠡᠭᠡᠨ ᠤᠮᠳᠠᠭᠠᠨ ᠤ ᠵᠠᠩ ᠳᠠᠳᠬᠠᠯ ᠢᠶᠠᠨ ᠰᠠᠶᠢᠵᠢᠷᠠᠭᠤᠯᠬᠤ ᠪᠠᠷ ᠳᠠᠮᠵᠢᠭᠤᠯᠤᠨ ᠪᠡᠶ᠎ᠡ ᠮᠠᠬᠠᠪᠤᠳ ᠤᠨ ᠬᠡᠪ | ᠴᠢᠨᠠᠷ ᠢᠶᠠᠨ ᠳᠡᠭᠡᠭᠰᠢᠯᠡᠭᠦᠯᠬᠦ ᠶᠢ ᠰᠠᠨᠠᠭᠠᠴᠢᠯᠠᠵᠤ᠂ ᠡᠳᠦᠷ ᠲᠤᠳᠤᠮ ᠤᠨ ᠢᠳᠡᠭᠡᠨ ᠤᠮᠳᠠᠭᠠᠨ ᠢᠶᠠᠨ ᠲᠣᠰᠣ᠂ | ᠳᠠᠪᠤᠰᠤ᠂ ᠰᠢᠨ᠎ᠡ ᠰᠣᠷᠭᠤᠭ ᠨᠣᠭᠤᠭ᠎ᠠ ᠵᠢᠮᠢᠰ ᠢ ᠢᠯᠡᠭᠦᠬᠡᠨ ᠢᠳᠡᠵᠦ᠂ ᠡᠩ ᠤᠨ ᠴᠠᠭ ᠲᠠᠭᠠᠨ ᠢᠯᠡᠭᠦᠬᠡᠨ | ᠪᠣᠯᠪᠠᠰᠤᠷᠠᠬᠤ ᠶᠢ ᠰᠠᠨᠠᠭᠠᠴᠢᠯᠠᠪᠠ᠃ | 66 ᠨᠠᠰᠤᠲᠠᠢ ᠬᠤᠤ ᠨᠠᠰᠤᠲᠠᠨ ᠰᠠᠷ᠎ᠠ ᠭᠠᠷᠤᠢ ᠶᠢᠨ ᠡᠮᠦᠨ᠎ᠡ ᠠᠭᠤᠰᠬᠢᠨ ᠤ ᠤᠭᠤᠲᠠᠯᠢᠭ ᠬᠠᠪᠤᠳᠠᠷ ᠢ | ᠪᠠᠶᠢᠴᠠᠭᠠᠵᠤ ᠭᠠᠷᠭᠠᠵᠠᠢ᠂ ᠡᠨᠡ ᠤᠳᠠᠭ᠎ᠠ ᠲᠤᠰᠬᠠᠶᠢᠯᠠᠨ ᠥᠬᠢᠨ ᠨᠢ ᠳᠠᠭᠠᠭᠤᠯᠤᠨ ᠠᠯᠪᠠᠨ ᠵᠢᠷᠤᠮ ᠤᠨ | ᠡᠮᠴᠢᠯᠡᠭᠡᠨ ᠤ ᠲᠤᠬᠠᠢ ᠶᠢᠨ ᠲᠠᠯᠠᠪᠠᠶ ᠳᠤ ᠬᠦᠷᠴᠦ᠂ 3 ᠲᠤᠰᠬᠠᠢ ᠮᠡᠷᠭᠡᠵᠢᠯᠲᠡᠨ ᠬᠤᠤ ᠡᠪᠦᠭᠡ ᠶᠢᠨ ᠡᠪᠡᠳᠴᠢᠨ ᠤ | ᠪᠠᠶᠢᠳᠠᠯ ᠢ ᠬᠠᠮᠲᠤᠷᠠᠨ ᠣᠨᠣᠰᠢᠯᠠᠭᠰᠠᠨ ᠪᠥᠭᠡᠳ ᠲᠤᠰᠬᠠᠢ ᠡᠮᠴᠢᠯᠡᠭᠡᠨ ᠤ ᠰᠠᠨᠠᠯ ᠭᠠᠷᠭᠠᠭᠰᠠᠨ ᠪᠠᠶᠢᠨ᠎ᠠ᠂ ︽ | ᠲᠤᠰᠬᠠᠢ ᠮᠡᠷᠭᠡᠵᠢᠯᠲᠡᠨ ᠮᠠᠨ ᠤ ᠰᠢᠶᠠᠨ ᠳᠤ ᠢᠷᠡᠭᠰᠡᠨ ᠨᠢ ᠦᠨᠡᠬᠡᠷ ᠬᠠᠮᠤᠭ ᠤᠨ ᠰᠠᠶᠢᠨ ᠶᠠᠪᠤᠳᠠᠯ ᠰᠢᠸ᠂ ᠪᠢᠳᠡ | ᠨᠠᠰᠤ ᠠᠬᠢᠭᠰᠠᠨ ᠤ ᠳᠠᠷᠠᠭ᠎ᠠ ᠬᠤᠲᠠ ᠳᠤ ᠣᠴᠢᠵᠤ ᠡᠪᠡᠳᠴᠢᠨ ᠦᠵᠡᠭᠦᠯᠬᠦ᠂ ᠬᠤᠨᠣᠬᠤ᠂ ᠵᠠᠮ ᠤᠨ ᠰᠦᠢᠳᠬᠡᠯ᠂ | ᠳ᠋ᠤᠭᠠᠷᠯᠠᠬᠤ ᠰᠦᠢᠳᠬᠡᠯ ᠪᠣᠯ ᠴᠥᠮ ᠵᠠᠷᠤᠳᠠᠯ ᠮᠥᠨ᠂ ᠲᠡᠷᠡ ᠮᠥᠷᠲᠡᠭᠡᠨ ᠲᠤᠰᠬᠠᠢ ᠮᠡᠷᠭᠡᠵᠢᠯᠲᠡᠨ ᠤ ᠨᠣᠮᠧᠷ ᠮᠠᠰᠢ | ᠲᠤᠲᠠᠭᠳᠠᠵᠤ ᠪᠠᠶᠢᠭ᠎ᠠ ᠪᠣᠯᠬᠤᠷ ᠬᠠᠭᠠᠰ ᠰᠠᠷ᠎ᠠ ᠶᠢᠨ ᠡᠮᠦᠨ᠎ᠡ ᠰᠠᠶ᠋ᠢ ᠤᠷᠢᠳᠴᠢᠯᠠᠨ ᠵᠠᠬᠢᠶᠠᠯᠠᠵᠤ ᠪᠣᠯᠣᠨ᠎ᠠ᠂ ᠣᠳᠣ | ᠠᠯᠪᠠᠨ ᠵᠢᠷᠤᠮ ᠤᠨ ᠡᠮᠴᠢᠯᠡᠭᠡ ᠨᠢ ᠡᠳᠡᠭᠡᠷ ᠠᠰᠠᠭᠤᠳᠠᠯ ᠢ ᠴᠥᠮ ᠰᠢᠶᠳᠪᠦᠷᠢᠯᠡᠴᠢᠭᠰᠡᠨ ᠪᠣᠯᠬᠤᠷ ᠮᠠᠰᠢ ᠵᠣᠯ | ᠵᠢᠷᠭᠠᠯ ᠲᠠᠢ ᠰᠠᠨᠠᠭᠳᠠᠵᠤ ᠪᠠᠶᠢᠨ᠎ᠠ︾᠃ ᠬᠤᠤ ᠨᠠᠰᠤᠲᠠᠨ ᠠᠰᠠᠭᠤᠭᠰᠠᠨ ᠳ᠋ᠦᠩ ᠳᠤ ᠮᠠᠰᠢ ᠬᠠᠨᠤᠮᠵᠢᠲᠠᠶ᠂ | ᠳᠠᠷᠠᠭᠠᠴᠢ ᠶᠢᠨ ᠠᠯᠬᠤᠮ ᠤᠨ ᠡᠮᠴᠢᠯᠡᠭᠡ ᠳᠤ ᠴᠦ ᠨᠡᠯᠢᠶᠡᠳ ᠢᠲᠡᠭᠡᠯ ᠲᠠᠢ ᠪᠠᠶᠢᠨ᠎ᠠ ᠭᠡᠵᠦ ᠬᠡᠯᠡᠪᠡ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠨᠢ ᠨᠡᠶᠢᠲᠡ 10 | ᠭᠠᠷᠤᠢ ᠣᠯᠠᠨ ᠲᠦᠮᠡᠨ ᠳᠤ ᠰᠦᠢᠳᠬᠡᠯ ᠬᠤᠷᠢᠶᠠᠬᠤ ᠦᠭᠡᠢ ᠪᠠᠷ ᠪᠠᠶᠢᠴᠠᠭᠠᠯᠲᠠ ᠬᠢᠵᠦ᠂ 30 ᠭᠠᠷᠤᠢ ᠣᠯᠠᠨ | ᠲᠦᠮᠡᠨ ᠳᠤ ᠰᠦᠢᠳᠬᠡᠯ ᠬᠤᠷᠢᠶᠠᠬᠤ ᠦᠭᠡᠢ ᠪᠠᠷ ᠪᠡᠶ᠎ᠡ ᠶᠢᠨ ᠪᠠᠶᠢᠴᠠᠭᠠᠯᠲᠠ ᠬᠢᠵᠦ᠂ ᠵᠠᠭᠤ ᠭᠠᠷᠤᠢ ᠬᠠᠶᠢᠷᠴᠠᠭ | ᠡᠮ ᠤᠨ ᠵᠦᠢᠯ ᠢ ᠰᠦᠢᠳᠬᠡᠯ ᠬᠤᠷᠢᠶᠠᠬᠤ ᠦᠭᠡᠢ ᠪᠠᠷ ᠲᠦᠭᠡᠭᠡᠨ ᠥᠭᠭᠦᠭᠰᠡᠨ ᠪᠥᠭᠡᠳ ᠡᠷᠡᠭᠦᠯ ᠮᠡᠨᠳᠦ ᠶᠢᠨ | ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠭᠠᠳ᠂ ᠣᠯᠠᠨ ᠲᠦᠮᠡᠨ ᠤ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ᠃ | | ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠯᠪᠠᠰᠤᠨ ᠨᠢᠭᠡᠴᠡ ᠪᠣᠯᠤᠭᠰᠠᠨ ᠤ ᠬᠤᠪᠢ ᠳᠤ᠂ ᠣᠶᠢᠷ᠎ᠠ ᠶᠢᠨ | ᠵᠢᠯ ᠳᠤ ᠲᠣᠭᠲᠠᠬᠤ ᠰᠢᠶᠠᠨ ᠤ ᠡᠮᠨᠡᠯᠭᠡ ᠶᠢᠨ ᠬᠤᠷᠢᠶ᠎ᠠ ᠲᠡᠷᠢᠭᠦᠨ ᠤ ᠡᠮᠴᠢᠯᠡᠭᠡᠨ ᠤ ᠲᠥᠬᠦᠭᠡᠷᠦᠮᠵᠢ ᠶᠢ ᠣᠷᠣᠭᠤᠯᠤᠨ | ᠠᠪᠴᠢᠷᠠᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠡᠮᠨᠡᠯᠭᠡ ᠶᠢᠨ ᠬᠤᠷᠢᠶ᠎ᠠ ᠶᠢᠨ ᠲᠤᠰᠬᠠᠢ ᠮᠡᠷᠭᠡᠵᠢᠯᠲᠡᠨ | ᠫᠷᠤᠹᠧᠰᠰᠤᠷ ᠢ ᠤᠷᠢᠵᠤ ᠣᠷᠳᠣ ᠬᠤᠭᠤᠴᠠᠭ᠎ᠠ ᠪᠠᠷ ᠰᠠᠭᠤᠯᠭᠠᠨ ᠡᠮᠨᠡᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ | ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠵᠦ᠂ ᠬᠤᠣᠷᠲᠤ ᠬᠠᠪᠤᠳᠠᠷ ᠤᠨ ᠡᠪᠡᠳᠴᠢᠲᠡᠨ ᠤ ᠰᠠᠴᠤᠷᠠᠭ | ᠵᠠᠰᠠᠯᠲᠠ ᠶᠢᠨ ᠤᠤᠯ ᠤᠨ ᠳᠠᠭᠠᠳᠬᠠᠯ ᠤᠨ ᠰᠠᠭᠤᠷᠢᠨ ᠳᠡᠭᠡᠷ᠎ᠡ ᠡᠮᠨᠡᠯᠭᠡ ᠶᠢᠨ ᠬᠤᠷᠢᠶ᠎ᠠ ᠶᠢᠨ ᠳᠠᠭᠠᠳᠬᠠᠯ ᠤᠨ | ᠬᠠᠷᠢᠴᠠᠯ ᠢ ᠳᠠᠬᠢᠨᠲᠠ ᠬᠠᠰᠤᠵᠤ ᠬᠡᠯᠲᠦᠷᠢᠭᠦᠯᠦᠭᠰᠡᠨ ᠪᠠᠶᠢᠨ᠎ᠠ᠃ ᠡᠲᠡᠭᠡᠷ ᠠᠷᠭ᠎ᠠ ᠬᠡᠮᠵᠢᠶ᠎ᠡ ᠨᠢ ᠣᠯᠠᠨ ᠲᠦᠮᠡᠨ ᠤ | ᠡᠪᠡᠳᠴᠢᠨ ᠦᠵᠡᠭᠦᠯᠬᠦ ᠳᠤ ᠬᠦᠴᠢᠷᠲᠡᠢ᠂ ᠡᠪᠡᠳᠴᠢᠨ ᠦᠵᠡᠭᠦᠯᠬᠦ ᠳᠤ ᠦᠨᠡᠲᠡᠢ ᠪᠠᠶᠢᠬᠤ ᠠᠰᠠᠭᠤᠳᠠᠯ ᠢ ᠦᠨᠡᠨ ᠬᠦ | ᠰᠢᠢᠳᠪᠦᠷᠢᠯᠡᠵᠦ᠂ ᠣᠯᠠᠨ ᠲᠦᠮᠡᠨ ᠤ ᠣᠶᠢᠷ᠎ᠠ ᠬᠠᠪᠢ ᠳᠠᠭᠠᠨ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠤᠨ | ᠦᠢᠯᠡᠴᠢᠯᠡᠭᠡ ᠭᠥᠷᠳᠡᠬᠦ ᠳᠤ ᠲᠥᠬᠦᠮ ᠦᠵᠡᠭᠦᠯᠵᠦ᠂ ᠥᠷᠭᠡᠨ ᠣᠯᠠᠨ ᠲᠦᠮᠡᠨ ᠤ ᠪᠡᠶ᠎ᠡ ᠮᠠᠬᠠᠪᠤᠳ ᠤᠨ ᠡᠷᠡᠭᠦᠯ | ᠮᠡᠨᠳᠦ ᠪᠠ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠪᠠ᠃ |