ᠲᠣᠭᠲᠠᠬᠤ ᠰᠢᠶᠠᠨ ᠤ ᠠᠷᠠᠳ ᠤᠨ ᠰᠣᠶᠣᠯ ᠪᠡᠶ᠎ᠡ ᠶᠢᠨ ᠲᠠᠮᠢᠷ ᠤᠨ ᠣᠷᠳᠣᠨ ︽ᠡᠮᠡᠭᠲᠡᠶᠢᠴᠦᠳ ᠤᠨ ᠴᠤᠭ ᠵᠢᠪᠬᠤᠭ᠎ᠠ ᠶᠢ ᠪᠠᠳᠠᠷᠠᠭᠤᠯᠵᠤ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠵᠤ ᠴᠠᠭ ᠦᠶ᠎ᠡ ᠶᠢᠨ ᠬᠡᠷᠡᠯ ᠭᠢᠯᠪᠠᠭ᠎ᠠ ᠶᠢ ᠪᠣᠶ ᠪᠣᠯᠭᠠᠶ᠎ᠠ︾ ᠭᠡᠬᠦ ᠲᠠᠮᠢᠷ ᠪᠥᠵᠢᠭ ᠤᠨ ᠪᠣᠯᠪᠠᠰᠤᠷᠠᠯ ᠤᠨ ᠠᠩᠬᠢ ᠡᠷᠬᠢᠯᠡᠪᠡ
ᠨᠡᠶᠢᠲᠡᠯᠡᠭᠰᠡᠨ ᠴᠠᠭ᠄
2023/3/7
      ︽3.8︾ ᠤ ᠳᠡᠯᠡᠬᠡᠢ ᠶᠢᠨ ᠬᠥᠳᠡᠯᠮᠦᠷᠢᠴᠢᠨ ᠡᠮᠡᠭᠲᠡᠶᠢᠴᠦᠳ ᠤᠨ ᠪᠠᠶᠠᠷ ᠢ ᠪᠡᠯᠭᠡᠯᠡᠬᠦ ᠶᠢᠨ ᠲᠥᠯᠥᠭᠡ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠣᠯᠠᠨ ᠲᠦᠮᠡᠨ ᠤ ᠣᠶᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠦᠯᠦᠭᠡ᠂ 3 ᠳ᠋ᠤᠭᠠᠷ ᠰᠠᠷ᠎ᠠ ᠶᠢᠨ 7 ᠤ ᠡᠳᠦᠷ᠂ ᠲᠣᠭᠲᠠᠬᠤ ᠰᠢᠶᠠᠨ ᠤ ᠠᠷᠠᠳ ᠤᠨ ᠰᠣᠶᠣᠯ ᠪᠡᠶ᠎ᠡ ᠶᠢᠨ ᠲᠠᠮᠢᠷ ᠤᠨ ᠣᠷᠳᠣᠨ ᠤ ᠡᠷᠭᠢᠯᠡᠭᠰᠡᠨ ︽ᠡᠮᠡᠭᠲᠡᠶᠢᠴᠦᠳ ᠤᠨ ᠴᠤᠭ ᠵᠢᠪᠬᠤᠭ᠎ᠠ ᠶᠢ ᠪᠠᠳᠠᠷᠠᠭᠤᠯᠵᠤ ᠲᠡᠷᠢᠭᠦᠨ ᠤ ᠬᠢ ᠶᠢ ᠡᠭᠦᠳᠦᠨ ᠰᠢᠯᠢᠳᠡᠭ ᠪᠣᠯᠬᠤ ᠪᠠᠷ ᠴᠢᠷᠮᠠᠶᠢᠵᠤ ᠴᠠᠭ ᠦᠶ᠎ᠡ ᠶᠢᠨ ᠬᠡᠷᠡᠯ ᠭᠢᠯᠪᠠᠭ᠎ᠠ ᠶᠢ ᠪᠣᠶ ᠪᠣᠯᠭᠠᠶ᠎ᠠ︾ ᠭᠡᠬᠦ ᠲᠠᠮᠢᠷ ᠪᠥᠵᠢᠭ ᠤᠨ ᠨᠡᠶᠢᠲᠡ ᠶᠢᠨ ᠠᠰᠠᠷᠠᠮᠵᠢ ᠶᠢᠨ ᠪᠣᠯᠪᠠᠰᠤᠷᠠᠭᠤᠯᠤᠯ ᠤᠨ ᠠᠵᠢᠯᠯᠠᠭ᠎ᠠ ᠶᠢ ᠰᠢᠶᠠᠨ ᠤ ᠰᠣᠶᠣᠯ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠲᠤ ᠶᠠᠪᠤᠭᠳᠠᠭᠤᠯᠵᠤ᠂ ᠪᠥᠬᠦ ᠰᠢᠶᠠᠨ ᠤ ᠡᠮᠡᠭᠲᠡᠢ ᠺᠠᠳ᠋ᠷ ᠠᠵᠢᠯᠲᠠᠨ ᠠᠵᠢᠯᠴᠢᠨ᠂ ᠪᠥᠵᠢᠭ ᠲᠤ ᠪᠠᠭ᠋ᠠᠲᠠᠢ ᠨᠡᠶᠢᠲᠡ 60 ᠭᠠᠷᠤᠢ ᠬᠥᠮᠥᠨ ᠪᠣᠯᠪᠠᠰᠤᠷᠠᠭᠤᠯᠤᠯ ᠳᠤ ᠣᠷᠣᠯᠴᠠᠵᠠᠢ᠃
     ᠲᠣᠰ ᠤᠳᠠᠭᠠᠨ ᠤ ᠪᠣᠯᠪᠠᠰᠤᠷᠠᠯ ᠤᠨ ᠠᠵᠢᠯᠯᠠᠭ᠎ᠠ ᠳᠤ ᠲᠣᠭᠲᠠᠬᠤ ᠰᠢᠶᠠᠨ ᠤ ᠪᠠᠭᠠᠴᠤᠳ ᠤᠨ ᠣᠷᠳᠣᠨ ᠤ ᠲᠤᠰᠬᠠᠢ ᠮᠡᠷᠭᠡᠵᠢᠯ ᠤᠨ ᠪᠥᠵᠢᠭ ᠤᠨ ᠪᠠᠭᠰᠢ ᠾᠧᠦ ᠬᠤᠩ ᠪᠥᠸᠧ ᠶᠢ ᠲᠤᠰᠬᠠᠶᠢᠯᠠᠨ ᠤᠷᠢᠵᠤ᠂ ᠪᠥᠵᠢᠭ ᠲᠤ ᠪᠠᠭ᠋ᠠᠲᠠᠢ ᠬᠥᠮᠥᠰ ᠲᠤ ᠶᠣᠰᠣ ᠤᠯᠠᠮᠵᠢᠯᠠᠵᠤ᠂ ᠬᠢᠴᠢᠶᠡᠯ ᠵᠢᠭᠠᠵᠤ᠂ ᠲᠥᠭᠡᠷᠢᠭᠳᠡᠯ ᠢ ᠨᠢ ᠲᠠᠶᠢᠯᠤᠭᠤᠯᠵᠠᠢ᠃
     ᠪᠣᠯᠪᠠᠰᠤᠷᠠᠯ ᠤᠨ ᠶᠠᠪᠤᠴᠠ ᠳᠤ᠂ ᠾᠧᠦ ᠬᠤᠩ ᠪᠥᠸᠧ ᠪᠠᠭᠰᠢ ᠰᠤᠷᠤᠭᠴᠢᠳ ᠲᠤ ᠬᠥᠳᠡᠯᠭᠡᠭᠡᠨ ᠤ ᠠᠨᠢᠰᠤ ᠶᠢ ᠨᠠᠷᠢᠨ ᠨᠢᠮᠪᠠᠢ ᠲᠠᠶᠢᠯᠪᠤᠷᠢᠯᠠᠨ ᠥᠭᠴᠦ᠂ ᠨᠠᠷᠢᠨ ᠵᠦᠢᠯᠡᠰ ᠪᠦᠬᠦᠨ ᠠᠴᠠ ᠨᠠᠷᠢᠨ ᠬᠢᠨᠠᠮᠠᠭᠠᠢ ᠵᠢᠱᠢᠶ᠎ᠡ ᠦᠵᠡᠭᠦᠯᠵᠦ᠂ ᠰᠤᠷᠤᠭᠴᠢᠳ ᠤᠨ ᠬᠦᠷᠢᠶᠡᠯᠡᠯ ᠢ ᠣᠯᠵᠠᠢ᠃      ᠲᠣᠰ ᠤᠳᠠᠭᠠᠨ ᠤ ᠪᠣᠯᠪᠠᠰᠤᠷᠠᠭᠤᠯᠤᠯ ᠤᠨ ᠠᠵᠢᠯᠯᠠᠭ᠎ᠠ ᠶᠢ ᠥᠷᠨᠢᠭᠦᠯᠦᠭᠰᠡᠨ ᠨᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠶᠢᠯᠠᠭᠠᠭᠳᠠᠬᠤᠨ ᠢ ᠤᠯᠠᠮᠵᠢᠯᠠᠨ ᠳᠡᠯᠭᠡᠷᠡᠭᠦᠯᠵᠦ᠂ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠪᠠᠳᠠᠷᠠᠭᠤᠯᠵᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠬᠦ ᠶᠢ ᠲᠦᠯᠬᠢᠨ ᠠᠬᠢᠭᠤᠯᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1