ᠲᠣᠭᠲᠠᠬᠤ ᠰᠢᠶᠠᠨ᠄ ︽ᠴᠡᠴᠡᠭ︾ ᠰᠢᠭ ᠵᠣᠯ  ᠵᠢᠷᠭᠠᠯᠳᠦ ︽3 · 8︾ ᠤ ᠡᠮᠡᠭᠲᠡᠶᠢᠴᠦᠳ ᠤᠨ ᠪᠠᠶᠠᠷ ᠢ ᠪᠠᠶᠠᠷᠯᠠᠨ  ᠤᠭᠳᠤᠪᠠ
ᠨᠡᠶᠢᠲᠡᠯᠡᠭᠰᠡᠨ ᠴᠠᠭ᠄
2023/3/8
      ᠡᠮᠡᠭᠲᠡᠶᠢᠴᠦᠳ ᠤᠨ ᠷᠢᠳᠢ ᠰᠢᠳᠢ ᠶᠢ ᠳᠡᠯᠭᠡᠨ ᠦᠵᠡᠭᠦᠯᠵᠦ᠂ ᠮᠠᠨ ᠤ ᠰᠢᠶᠠᠨ ᠤ ᠡᠮᠡᠭᠲᠡᠢ ᠠᠵᠢᠯᠲᠠᠨ ᠠᠵᠢᠯᠴᠢᠨ ᠤ ᠠᠵᠢᠯ ᠤᠨ ᠴᠢᠯᠦᠭᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ 3 ᠳ᠋ᠤᠭᠠᠷ ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂ ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ ︽ᠬᠤᠷᠢᠳᠤᠭᠠᠷ ᠶᠡᠭᠡ ᠬᠤᠷᠠᠯ ᠢ ᠰᠤᠷᠤᠯᠴᠠᠨ ᠰᠡᠳᠬᠢᠵᠦ ᠦᠢᠯᠡᠳᠦᠯᠭᠡᠵᠢᠭᠦᠯᠦᠨ ᠤᠬᠠᠬᠤ᠂ ᠭᠠᠪᠢᠶ᠎ᠠ ᠪᠠᠶᠢᠭᠤᠯᠬᠤ ᠰᠢᠨ᠎ᠡ ᠠᠶᠠᠨ ᠢᠶᠠᠨ ᠡᠬᠢᠯᠡᠭᠦᠯᠦᠶ᠎ᠡ︾ ︽3 · 8︾ ᠤ ᠡᠮᠡᠭᠲᠡᠢ ᠠᠵᠢᠯᠲᠠᠨ ᠠᠵᠢᠯᠴᠢᠨ ᠤ ᠪᠠᠶᠠᠷ ᠤᠨ ᠡᠳᠦᠷ ᠢᠶᠠᠨ ᠪᠡᠯᠭᠡᠯᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠂ ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 130 ᠭᠠᠷᠤᠢ ᠡᠮᠡᠭᠲᠡᠢ ᠠᠵᠢᠯᠲᠠᠨ ᠠᠵᠢᠯᠴᠢᠨ ᠣᠷᠣᠯᠴᠠᠵᠠᠢ᠃      ᠠᠵᠢᠯᠯᠠᠭ᠎ᠠ ᠡᠬᠢᠯᠡᠬᠦ ᠳᠤ᠂ ᠲᠣᠭᠲᠠᠬᠤ ᠰᠢᠶᠠᠨ ᠤ ᠶᠠᠩ ᠰᠢᠶᠣᠣ ᠵᠢᠤᠸᠠᠨ ᠪᠠᠭᠰᠢ ᠤᠯᠠᠨ ᠳᠤ ᠴᠡᠴᠡᠭ ᠬᠠᠳᠬᠤᠬᠤ ᠤᠷ᠎ᠠ ᠳᠡᠮ ᠢ ᠨᠠᠷᠢᠨ ᠲᠠᠶᠢᠯᠪᠤᠷᠢᠯᠠᠵᠤ ᠥᠭᠭᠦᠭᠰᠡᠨ ᠪᠥᠭᠡᠳ ᠰᠣᠷᠭᠤᠭ ᠴᠡᠴᠡᠭ ᠤᠨ ᠲᠤᠬᠠᠢ ᠶᠡᠷᠦ ᠶᠢᠨ ᠮᠡᠳᠡᠯᠭᠡ᠂ ᠥᠩᠭᠡ ᠪᠤᠳᠤᠭ ᠤᠨ ᠲᠣᠬᠢᠷᠠᠭᠤᠯᠭ᠎ᠠ ᠵᠢᠴᠢ ᠰᠢᠨ᠎ᠡ ᠰᠣᠷᠭᠤᠭ ᠪᠠᠶᠢᠯᠭᠠᠬᠤ ᠠᠷᠭ᠎ᠠ ᠶᠢ ᠲᠠᠨᠢᠯᠴᠠᠭᠤᠯᠵᠠᠢ᠃ ᠲᠤᠬᠠᠢ   ᠶᠢᠨ ᠲᠠᠯᠠᠪᠠᠶ ᠶᠢᠨ ᠡᠮᠡᠭᠲᠡᠢ ᠠᠵᠢᠯᠲᠠᠨ ᠠᠵᠢᠯᠴᠢᠨ ᠤ ᠤᠷᠮ᠎ᠠ ᠵᠣᠷᠢᠭ ᠣᠷᠭᠢᠯᠤᠨ ᠪᠠᠳᠠᠷᠠᠵᠤ᠂ ᠥᠪᠡᠷ ᠤᠨ ᠭᠤᠸ᠎ᠠ ᠰᠠᠶᠢᠬᠠᠨ ᠤ ᠲᠤᠬᠠᠢ ᠣᠶᠢᠯᠠᠭᠠᠯᠲᠠ ᠪᠠ ᠲᠥᠷᠥᠭᠳᠡᠯ   ᠢᠶᠠᠷ   ᠢᠶᠠᠨ ᠬᠤᠶᠢᠨ᠎ᠠ ᠬᠤᠶᠢᠨ᠎ᠠ  ᠠᠴᠠ ᠪᠠᠨ ᠬᠥᠳᠡᠯᠦᠯᠴᠡᠨ᠂ ᠴᠡᠴᠡᠭ ᠰᠣᠩᠭᠤᠬᠤ᠂ ᠨᠠᠪᠴᠢ   ᠶᠢ ᠨᠢ ᠠᠷᠢᠯᠭᠠᠬᠤ᠂ ᠬᠠᠶᠢᠴᠢᠯᠠᠨ ᠵᠠᠯᠭᠠᠬᠤ᠂ ᠵᠣᠬᠢᠴᠠᠭᠤᠯᠬᠤ᠂ ᠨᠢᠭᠡ ᠨᠢᠭᠡ ᠪᠠᠷ ᠵᠠᠰᠠᠵᠤ ᠨᠢᠭᠡ ᠨᠢᠭᠡ ᠪᠠᠷ ᠬᠠᠶᠢᠴᠢᠯᠠᠨ ᠠᠪᠬᠤ᠂ ᠨᠢᠭᠡ ᠨᠢᠭᠡ ᠪᠠᠷ ᠨᠠᠷᠢᠯᠢᠭ ᠰᠠᠶᠢᠬᠠᠨ ᠬᠢᠵᠦ᠂ ᠣᠯᠠᠨ ᠤ ᠣᠯᠠᠨ ᠤ ᠠᠩᠬᠠᠷᠤᠯ ᠢ ᠲᠠᠲᠠᠵᠤ ᠪᠠᠶᠢᠯ᠎ᠠ᠃ ᠶᠠᠩ ᠪᠠᠭᠰᠢ ᠣᠯᠠᠨ ᠤ ᠪᠦᠲᠦᠭᠡᠯ ᠢ ᠲᠤᠬᠠᠢ ᠶᠢᠨ ᠭᠠᠵᠠᠷ ᠲᠤᠨᠢ ᠠᠳᠠᠯᠢᠳᠬᠠᠨ ᠰᠢᠯᠭᠠᠷᠠᠭᠤᠯᠵᠤ᠂ ᠳᠤᠭᠤᠶᠢᠯᠠᠩ ᠪᠦᠷᠢ ᠳᠤ ᠬᠠᠮᠤᠭ ᠤᠨ ᠥᠨᠳᠥᠷ ᠬᠤᠪᠢ ᠣᠯᠣᠭᠰᠠᠨ ᠡᠮᠡᠭᠲᠡᠢ ᠠᠵᠢᠯᠲᠠᠨ ᠠᠵᠢᠯᠴᠢᠨ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠤᠨ ᠨᠠᠷᠢᠨ ᠨᠢᠮᠪᠠᠢ ᠪᠡᠯᠡᠳᠬᠡᠭᠰᠡᠨ ᠪᠡᠯᠡᠭ ᠢ ᠤᠯᠪᠠ᠃ ᠥᠪᠡᠷ ᠤᠨ ᠭᠠᠷ ᠢᠶᠠᠷ ᠢᠶᠠᠨ ᠬᠠᠳᠬᠤᠭᠰᠠᠨ ᠰᠣᠷᠭᠤᠭ ᠴᠡᠴᠡᠭ ᠢᠶᠠᠨ ᠪᠠᠷᠢᠵᠤ᠂ ᠭᠤᠶᠤ ᠰᠠᠶᠢᠬᠠᠨ ᠪᠡᠯᠡᠭ ᠤᠨ ᠡᠳ᠋ ᠢᠶᠠᠨ ᠠᠪᠴᠤ᠂ ᠡᠮᠡᠭᠲᠡᠢ ᠠᠵᠢᠯᠲᠠᠳ ᠤᠨ ᠤᠷᠮ᠎ᠠ ᠪᠠᠬ᠎ᠠ᠂ ᠪᠠᠶᠠᠷ ᠬᠦᠷ ᠢ ᠬᠦᠭᠵᠢᠭᠡᠨ᠂ ᠡᠯᠪᠡᠭ ᠬᠤᠷᠢᠶᠠᠯᠲᠠ ᠵᠦᠩᠨᠠᠪᠠ᠃      ︽ᠥᠨᠥᠳᠥᠷ ᠵᠣᠯ ᠢᠶᠠᠷ ︿3·8﹀ ᠤ ᠡᠮᠡᠭᠲᠡᠶᠢᠴᠦᠳ ᠤᠨ ᠪᠠᠶᠠᠷ ᠤᠨ ᠬᠤᠸᠠᠷ ᠬᠠᠳᠬᠤᠬᠤ ᠠᠵᠢᠯᠯᠠᠭ᠎ᠠ ᠳᠤ ᠣᠷᠤᠯᠴᠠᠬᠤ ᠳᠤ ᠮᠠᠰᠢ ᠪᠠᠶᠠᠷ ᠲᠠᠢ ᠰᠠᠨᠠᠭᠳᠠᠵᠤ᠂ ᠰᠠᠶᠢᠨ ᠰᠠᠶᠢᠬᠠᠨ ᠬᠠᠪᠤᠷ ᠲᠤ ᠴᠡᠴᠡᠭ ᠤᠨ ᠦᠨᠦᠷ ᠬᠠᠩᠬᠤᠯᠵᠤ᠂ ᠨᠠᠳᠠ ᠶᠢ ᠡᠨᠡᠬᠦ ᠬᠠᠪᠤᠷ ᠲᠤ ᠬᠦᠰᠡᠯ ᠡᠷᠡᠮᠡᠯᠵᠡᠯ ᠢᠶᠠᠷ ᠪᠢᠯᠬᠠᠮ᠎ᠠ ᠪᠣᠯᠭᠠᠵᠠᠢ᠂ ᠬᠤᠶᠢᠰᠢᠳᠠ ᠪᠢ ᠪᠠᠰᠠ ᠥᠪᠡᠷ ᠤᠨ ᠠᠵᠢᠯ ᠤᠨ ᠪᠠᠶᠢᠷᠢ ᠳᠡᠭᠡᠷ᠎ᠡ ᠪᠠᠨ ᠡᠮᠡᠭᠲᠡᠢ ᠠᠵᠢᠯᠲᠠᠨ ᠠᠵᠢᠯᠴᠢᠨ ᠤ ᠦᠢᠯᠡᠳᠦᠯ ᠢ ᠨᠡᠩ ᠰᠠᠶᠢᠨ ᠪᠠᠳᠠᠷᠠᠭᠤᠯᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠶᠢᠨ ᠲᠥᠯᠥᠭᠡ ᠡᠮᠡᠭᠲᠡᠶᠢᠴᠦᠳ ᠤᠨ ᠬᠦᠴᠦᠨ ᠴᠢᠳᠠᠯ ᠢᠶᠠᠨ ᠡᠷᠭᠦᠨ᠎ᠡ ︾᠃ ᠡᠭᠦᠨ ᠠᠴᠠ ᠬᠤᠶᠢᠰᠢ ᠪᠢ ᠪᠠᠰᠠ ᠥᠪᠡᠷ ᠤᠨ ᠠᠵᠢᠯ ᠤᠨ ᠪᠠᠶᠢᠷᠢ ᠳᠡᠭᠡᠷ᠎ᠡ ᠪᠠᠨ ᠡᠮᠡᠭᠲᠡᠢ ᠠᠵᠢᠯᠲᠠᠨ ᠠᠵᠢᠯᠴᠢᠨ ᠤ ᠦᠢᠯᠡᠳᠦᠯ ᠢ ᠨᠡᠩ ᠰᠠᠶᠢᠨ ᠪᠠᠳᠠᠷᠠᠭᠤᠯᠵᠤ᠂ ᠰᠢᠨ᠎ᠡ ᠴᠠᠭ ᠦᠶ᠎ᠡ ᠳᠤ ᠡᠮᠡᠭᠲᠡᠶᠢᠴᠦᠳ ᠤᠨ ᠬᠦᠴᠦᠨ ᠴᠢᠳᠠᠯ ᠢᠶᠠᠨ ᠡᠷᠭᠦᠬᠦ ᠪᠣᠯᠣᠨ᠎ᠠ︾ ᠭᠡᠵᠦ ᠴᠡᠴᠡᠭ ᠬᠠᠳᠬᠤᠬᠤ ᠠᠵᠢᠯᠯᠠᠭ᠎ᠠ ᠳᠤ ᠣᠷᠤᠯᠴᠠᠬᠤ ᠪᠠᠷ ᠢᠷᠡᠭᠰᠡᠨ ᠡᠮᠡᠭᠲᠡᠢ ᠠᠵᠢᠯᠲᠠᠨ ᠯᠢᠦ ᠵᠧᠨ ᠵᠧᠨ ᠬᠡᠯᠡᠪᠡ᠃      ︽ᠲᠤᠰ ᠤᠳᠠᠭ᠎ᠠ ᠶᠢᠨ ︿3·8﹀﹀﹀ ᠤ ᠡᠮᠡᠭᠲᠡᠶᠢᠴᠦᠳ ᠤᠨ ᠪᠠᠶᠠᠷ ᠤᠨ ᠡᠮᠡᠭᠲᠡᠢ ᠠᠵᠢᠯᠲᠠᠨ ᠠᠵᠢᠯᠴᠢᠨ ᠤ ᠴᠡᠴᠡᠭ ᠬᠠᠳᠬᠤᠬᠤ ᠠᠵᠢᠯᠯᠠᠭ᠎ᠠ ᠶᠢ ᠡᠷᠬᠢᠯᠡᠵᠦ ᠪᠠᠶᠢᠭ᠎ᠠ ᠨᠢ ᠥᠷᠭᠡᠨ ᠤᠯᠠᠨ ᠡᠮᠡᠭᠲᠡᠢ ᠠᠵᠢᠯᠲᠠᠨ ᠠᠵᠢᠯᠴᠢᠨ ᠤ ᠪᠡᠶ᠎ᠡ ᠰᠡᠳᠬᠢᠯ ᠤᠨ ᠡᠷᠡᠭᠦᠯ ᠮᠡᠨᠳᠦ ᠶᠢᠨ ᠲᠦᠪᠰᠢᠨ ᠢ ᠳᠡᠭᠡᠭᠰᠢᠯᠡᠭᠦᠯᠵᠦ᠂ ᠴᠤᠭ ᠪᠠᠳᠠᠷᠠᠩᠭᠤᠢ᠂ ᠪᠦᠯᠬᠦᠮᠳᠡᠨ ᠲᠡᠮᠡᠴᠡᠬᠦ᠂ ᠡᠷᠡᠭᠦᠯ ᠰᠠᠷᠠᠭᠤᠯ ᠡᠶ᠎ᠡ ᠵᠣᠬᠢᠴᠠᠩᠭᠤᠢ ᠠᠮᠢᠳᠤᠷᠠᠯ ᠤᠨ ᠠᠭᠤᠷ ᠠᠮᠢᠰᠬᠤᠯ ᠢ ᠪᠤᠢ ᠪᠣᠯᠭᠠᠵᠤ᠂ ᠥᠷᠭᠡᠨ ᠤᠯᠠᠨ ᠡᠮᠡᠭᠲᠡᠢ ᠠᠵᠢᠯᠲᠠᠨ ᠠᠵᠢᠯᠴᠢᠨ ᠢ ᠵᠣᠷᠢᠭᠵᠢᠭᠤᠯᠤᠨ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠭᠤᠯᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠵᠤ᠂ ᠣᠳᠣᠬᠢᠴᠢᠯᠠᠭᠰᠠᠨ ᠲᠣᠭᠲᠠᠬᠤ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠶᠢᠨ ᠲᠥᠯᠥᠭᠡ ᠶᠤᠮ︾ ᠭᠡᠵᠦ ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠤᠨ ᠳᠡᠳ᠋ ᠲᠡᠷᠢᠭᠦᠯᠡᠭᠴᠢ ᠵᠠᠩ ᠰᠢᠶᠣᠣ ᠶᠠᠨ ᠬᠡᠯᠡᠪᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1