ᠲᠣᠭᠲᠠᠬᠤ ᠰᠢᠶᠠᠨ ︽3 · 8︾ ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠤᠨ 113 ᠵᠢᠯ ᠤᠨ ᠤᠢ ᠶᠢ ᠳᠤᠷᠠᠰᠬᠠᠬᠤ ᠵᠢᠴᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/8
      3 ᠳ᠋ᠤᠭᠠᠷ ᠰᠠᠷ᠎ᠠ ᠶᠢᠨ 8 ᠤ ᠡᠳᠦᠷ᠂ ᠮᠠᠨ ᠤ ᠰᠢᠶᠠᠨ ᠤ ︽3 · 8︾ ᠤ ᠳᠡᠯᠡᠬᠡᠢ ᠶᠢᠨ ᠬᠥᠳᠡᠯᠮᠦᠷᠢᠴᠢᠨ ᠡᠮᠡᠭᠲᠡᠶᠢᠴᠦᠳ ᠤᠨ ᠪᠠᠶᠠᠷ ᠤᠨ 113 ᠵᠢᠯ ᠤᠨ ᠣᠶ ᠶᠢ ᠳᠤᠷᠠᠰᠬᠠᠬᠤ ᠵᠢᠴᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠤᠷᠠᠯᠳᠤᠪᠠ᠃ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠶᠠᠩ ᠶᠢᠨ᠂ ᠰᠢᠶᠠᠨ ᠤ ᠤᠯᠤᠰ ᠲᠥᠷᠥ  ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠣᠶᠤᠨᠴᠡᠴᠡᠭ ᠬᠤᠷᠠᠯ ᠳᠤ ᠣᠷᠣᠯᠴᠠᠪᠠ᠃      ᠬᠤᠷᠠᠯ ᠠᠴᠠ ᠹᠥ᠋ᠩ ᠶᠢᠩ ᠵᠡᠷᠭᠡ 105 ᠨᠡᠷᠡᠰ ︽3 · 8 ᠤᠯᠠᠭᠠᠨ ᠲᠤᠭᠴᠢ︾ ᠪᠣᠯᠣᠨ ᠳ᠋ᠢᠩ ᠰᠢᠤᠸᠠᠢ ᠮᠧᠢ ᠵᠡᠷᠭᠡ 50 ᠨᠡᠷᠡᠰ ︽ᠡᠮᠡᠭᠲᠡᠶᠢᠴᠦᠳ ᠤᠨ ᠭᠠᠪᠢᠶ᠎ᠠ ᠪᠠᠶᠢᠭᠤᠯᠤᠭᠰᠠᠨ ᠵᠢᠱᠢᠶᠡᠴᠢ︾ ᠶᠢ ᠬᠥᠬᠢᠭᠦᠯᠦᠨ ᠰᠠᠶᠢᠰᠢᠶᠠᠪᠠ᠃ ︽3 · 8︾ ᠤᠯᠠᠭᠠᠨ ᠲᠤᠭᠴᠢ︾ ᠶᠢᠨ ᠲᠥᠯᠥᠭᠡᠯᠡᠭᠴᠢ ᠶᠦᠨ ᠯᠢᠨ ᠰᠢᠶᠠ ᠦᠢᠯᠡ ᠠᠵᠢᠯᠯᠠᠭ᠎ᠠ ᠶᠢᠨ ᠮᠡᠳᠡᠭᠦᠯᠦᠯᠲᠡ ᠬᠢᠵᠡᠢ᠃      ᠬᠤᠷᠠᠯ ᠠᠴᠠ᠂ ᠥᠩᠭᠡᠷᠡᠭᠰᠡᠨ ᠨᠢᠭᠡ ᠵᠢᠯ ᠳᠤ᠂ ᠪᠦᠬᠦ ᠰᠢᠶᠠᠨ ᠤ ᠥᠷᠭᠡᠨ ᠤᠯᠠᠨ ᠡᠮᠡᠭᠲᠡᠶᠢᠴᠦᠳ ᠥᠭᠡᠷᠡᠴᠢᠯᠡᠯᠲᠡ ᠬᠥᠭᠵᠢᠯᠲᠡ ᠶᠢᠨ ᠦᠢᠯᠡᠳᠦᠯᠭᠡ ᠳᠤ ᠬᠦᠴᠦᠯᠡᠨ ᠣᠷᠣᠯᠴᠠᠵᠤ᠂ ︽ᠬᠠᠭᠠᠰ ᠲᠡᠭᠷᠢ︾ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠡᠯ᠎ᠡ ᠹᠷᠣᠨᠲ ᠡᠯ᠎ᠡ ᠬᠦᠷᠢᠶᠡᠨ ᠳᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠰᠢᠶᠠᠨ ᠤ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠵᠣᠬᠢᠶᠠᠨ ᠪᠠᠶᠢᠭᠤᠯᠤᠯᠲᠠ ᠨᠢ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ᠂ ᠡᠮᠡᠭᠲᠡᠢ ᠣᠯᠠᠨ ᠲᠦᠮᠡᠨ ᠤ ᠰᠡᠳᠬᠢᠯ ᠢ ᠮᠡᠳᠡᠭᠴᠢ᠂ ᠲᠥᠷᠬᠦᠮ ᠤᠨ ᠬᠥᠮᠥᠨ ᠪᠣᠯᠵᠤ᠂ ᠨᠠᠮ ᠪᠣᠯᠣᠨ ᠵᠠᠰᠠᠭ ᠤᠨ ᠣᠷᠳᠣᠨ ᠤ ᠡᠮᠡᠭᠲᠡᠶᠢᠴᠦᠳ ᠤᠯᠠᠨ ᠲᠦᠮᠡᠨ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠡᠮᠡᠭᠲᠡᠶᠢᠴᠦᠳ ᠤᠯᠠᠨ ᠲᠦᠮᠡᠨ ᠳᠤ ᠦᠢᠯᠡᠴᠢᠯᠡᠬᠦ ᠶᠢ ᠪᠠᠷᠢᠮᠲᠠᠯᠠᠵᠤ᠂ ᠥᠷᠭᠡᠨ ᠤᠯᠠᠨ ᠡᠮᠡᠭᠲᠡᠶᠢᠴᠦᠳ ᠤᠯᠠᠨ ᠲᠦᠮᠡᠨ ᠤ ᠬᠦᠰᠡᠯ ᠡᠷᠡᠮᠡᠯᠵᠡᠯ ᠢ ᠣᠶᠢᠯᠠᠭᠠᠵᠤ᠂ ᠡᠮᠡᠭᠲᠡᠶᠢᠴᠦᠳ ᠤᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠡᠮᠡᠭᠲᠡᠶᠢᠴᠦᠳ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠤᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ ᠲᠡᠷᠢᠭᠦᠨ ᠤ ᠬᠢ ᠠᠴᠠ ᠰᠤᠷᠤᠯᠴᠠᠵᠤ᠂ ᠲᠡᠷᠢᠭᠦᠨ ᠤ ᠬᠢ ᠶᠢ ᠭᠦᠢᠴᠡᠵᠦ᠂ ᠡᠮᠡᠭᠲᠡᠶᠢᠴᠦᠳ ᠤᠨ ᠥᠪᠡᠷᠮᠢᠴᠡ ᠳᠠᠪᠠᠭᠤᠯᠢᠭ ᠢ ᠪᠠᠳᠠᠷᠠᠭᠤᠯᠵᠤ᠂ ᠪᠦᠬᠦ ᠨᠡᠶᠢᠭᠡᠮ ᠤᠨ ᠥᠭᠡᠳᠡᠯᠡᠨ ᠲᠠᠪᠰᠢᠬᠤ ᠰᠠᠶᠢᠨ ᠰᠠᠶᠢᠬᠠᠨ ᠬᠡᠪ ᠰᠤᠷᠲᠠᠯ ᠢ ᠨᠢᠭᠲᠠᠷᠠᠭᠤᠯᠵᠤ᠂ ᠴᠢᠩᠭ᠎ᠠ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠷ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠦᠢᠯᠡᠳᠦᠯᠭᠡ ᠳᠤᠮᠳᠠ ᠨᠡᠩ ᠭᠡᠷᠡᠯ ᠰᠠᠴᠤᠷᠠᠩᠭᠤᠢ ᠡᠮᠡᠭᠲᠡᠶᠢᠴᠦᠳ ᠤᠨ ᠢᠷᠠᠭᠤ ᠬᠠᠭᠤᠳᠠᠰᠤ ᠶᠢ ᠪᠢᠴᠢᠭᠯᠡᠶ᠎ᠡ ᠭᠡᠪᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1