ᠪᠠᠶᠠᠷ ᠤᠨ ᠴᠢᠮᠡᠭᠡ︕ | ᠥᠪᠥᠷ ᠮᠣᠩᠭᠤᠯ ᠤᠨ 2022 ᠣᠨ ᠤ ᠪᠦᠬᠦ ᠤᠯᠤᠰ ᠤᠨ ᠡᠮᠡᠭᠲᠡᠶᠢᠴᠦᠳ ᠤᠨ ᠭᠠᠪᠢᠶ᠎ᠠ ᠪᠠᠶᠢᠭᠤᠯᠤᠭᠰᠠᠨ | ᠵᠢᠱᠢᠶᠡᠴᠢ᠂ ᠪᠦᠬᠦ ᠤᠯᠤᠰ ᠤᠨ ᠡᠮᠡᠭᠲᠡᠶᠢᠴᠦᠳ ᠤᠨ ᠪᠣᠯᠪᠠᠰᠤᠨ ᠬᠠᠷᠠᠭᠤᠯ᠂ ᠪᠦᠬᠦ ᠤᠯᠤᠰ ᠤᠨ ᠡᠮᠡᠭᠲᠡᠶᠢᠴᠦᠳ ᠤᠨ | ᠭᠠᠪᠢᠶ᠎ᠠ ᠪᠠᠶᠢᠭᠤᠯᠤᠭᠰᠠᠨ ᠲᠡᠷᠢᠭᠦᠨ ᠤ ᠬᠠᠮᠲᠤ ᠶᠢᠨ ᠨᠡᠷᠡᠰ ᠤᠨ ᠵᠢᠭᠰᠠᠭᠠᠯᠲᠠ ᠲᠣᠭᠲᠠᠬᠤ ᠰᠢᠶᠠᠨ ᠤ ᠤᠯᠠᠭᠠᠨᠮᠥ᠋ᠴᠢᠷ | ᠵᠢᠭᠰᠠᠭᠠᠭᠳᠠᠪᠠ᠃ | ᠲᠡᠷᠢᠭᠦᠨ ᠤ ᠬᠢ ᠶᠢ ᠬᠥᠬᠢᠭᠦᠯᠦᠨ ᠰᠠᠶᠢᠰᠢᠶᠠᠬᠤ ᠶᠢᠨ ᠲᠥᠯᠥᠭᠡ ᠦᠯᠢᠭᠡᠷ ᠳᠠᠭᠤᠷᠢᠶᠠᠯ ᠪᠣᠯᠵᠤ᠂ ᠥᠷᠭᠡᠨ | ᠣᠯᠠᠨ ᠡᠮᠡᠭᠲᠡᠶᠢᠴᠦᠳ ᠤᠨ ᠨᠠᠮ ᠤᠨ ᠦᠭᠡ ᠶᠢ ᠡᠷᠡᠰ ᠭᠤᠶᠢᠪᠢᠰᠢ ᠦᠭᠡᠢ ᠪᠠᠷ ᠰᠣᠨᠣᠰᠴᠤ᠂ ᠨᠠᠮ ᠢ ᠳᠠᠭᠠᠵᠤ | ᠰᠢᠨ᠎ᠡ ᠠᠶᠠᠨ ᠵᠠᠮ ᠳᠠᠭᠠᠨ ᠡᠷᠡᠯᠬᠡᠭᠯᠡᠨ ᠤᠷᠤᠭᠰᠢᠯᠠᠬᠤ ᠶᠢ ᠤᠯᠠᠮ ᠨᠢᠭᠡ ᠠᠯᠬᠤᠮ ᠬᠥᠲᠥᠯᠥᠨ ᠵᠢᠯᠤᠭᠤᠳᠬᠤ ᠪᠠ | ᠤᠷᠮᠠᠰᠢᠭᠤᠯᠤᠨ ᠵᠣᠷᠢᠭᠵᠢᠭᠤᠯᠵᠤ᠂ ᠣᠮᠤᠭ ᠵᠣᠷᠢᠭ ᠪᠠᠳᠠᠷᠠᠩᠭᠤᠢ ᠪᠠᠷ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠠᠭᠤᠤ ᠶᠡᠭᠡ ᠦᠢᠯᠡᠳᠦᠯᠭᠡ ᠳᠤ ᠣᠷᠣᠯᠴᠠᠵᠤ᠂ ᠪᠦᠬᠦ ᠤᠯᠤᠰ ᠤᠨ | ᠡᠮᠡᠭᠲᠡᠶᠢᠴᠦᠳ ᠤᠨ ᠬᠤᠯᠪᠣᠭᠠᠲᠤ ᠬᠤᠷᠠᠯ ᠣᠷᠴᠢᠮᠬᠠᠨ ᠳᠤ ︽ᠪᠦᠬᠦ ᠤᠯᠤᠰ ᠤᠨ ᠭᠤᠷᠪᠠᠨ ᠰᠠᠷ᠎ᠠ ᠶᠢᠨ ᠨᠠᠢᠮᠠᠨ ᠤ | ᠤᠯᠠᠭᠠᠨ ᠲᠤᠭᠴᠢ ᠵᠢᠱᠢᠶᠡᠴᠢ᠂ ᠪᠦᠬᠦ ᠤᠯᠤᠰ ᠤᠨ ᠭᠤᠷᠪᠠᠨ ᠰᠠᠷ᠎ᠠ ᠶᠢᠨ ᠨᠠᠢᠮᠠᠨ ᠤ ᠤᠯᠠᠭᠠᠨ ᠲᠤᠭᠴᠢ᠂ ᠪᠦᠬᠦ | ᠤᠯᠤᠰ ᠤᠨ ᠭᠤᠷᠪᠠᠨ ᠰᠠᠷ᠎ᠠ ᠶᠢᠨ ᠨᠠᠢᠮᠠᠨ ᠤ ᠤᠯᠠᠭᠠᠨ ᠲᠤᠭᠴᠢ ᠶᠢᠨ ᠬᠠᠮᠲᠤ ᠨᠡᠶᠢᠲᠡ ᠪᠣᠯᠣᠨ ᠪᠦᠬᠦ ᠤᠯᠤᠰ ᠤᠨ | ᠡᠮᠡᠭᠲᠡᠶᠢᠴᠦᠳ ᠤᠨ ᠪᠣᠯᠪᠠᠰᠤᠨ ᠠᠵᠢᠯ ᠤᠨ ᠪᠠᠶᠢᠷᠢ᠂ ᠪᠦᠬᠦ ᠤᠯᠤᠰ ᠤᠨ ᠡᠮᠡᠭᠲᠡᠶᠢᠴᠦᠳ ᠤᠨ ᠭᠠᠪᠢᠶ᠎ᠠ | ᠪᠠᠶᠢᠭᠤᠯᠤᠭᠰᠠᠨ ᠵᠢᠱᠢᠶᠡᠴᠢ᠂ ᠪᠦᠬᠦ ᠤᠯᠤᠰ ᠤᠨ ᠡᠮᠡᠭᠲᠡᠶᠢᠴᠦᠳ ᠤᠨ ᠭᠠᠪᠢᠶ᠎ᠠ ᠪᠠᠶᠢᠭᠤᠯᠤᠭᠰᠠᠨ ᠲᠡᠷᠢᠭᠦᠨ ᠤ ᠬᠠᠮᠲᠤ | ᠶᠢ ᠬᠥᠬᠢᠭᠦᠯᠦᠨ ᠰᠠᠶᠢᠰᠢᠶᠠᠬᠤ ᠲᠤᠬᠠᠢ ᠲᠣᠭᠲᠠᠭᠠᠯ︾ ᠢ ᠨᠡᠶᠢᠲᠡᠯᠡᠵᠡᠢ᠃ | ᠡᠭᠦᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 27 ᠡᠮᠡᠭᠲᠡᠢ᠂ 53 ᠠᠵᠢᠯ ᠤᠨ | ᠪᠠᠶᠢᠷᠢ ᠶᠢᠨ ᠳᠤᠭᠤᠶᠢᠯᠠᠩ᠂ 15 ᠬᠠᠮᠲᠤ ᠨᠡᠶᠢᠲᠡ ᠳᠤ ᠲᠣᠰ ᠲᠣᠰ ᠪᠥᠬᠦ ᠤᠯᠤᠰ ᠤᠨ ᠡᠮᠡᠭᠲᠡᠶᠢᠴᠦᠳ ᠤᠨ | ᠬᠤᠯᠪᠤᠭ᠎ᠠ ᠠᠴᠠ ︽ᠪᠥᠬᠦ ᠤᠯᠤᠰ ᠤᠨ ᠡᠮᠡᠭᠲᠡᠶᠢᠴᠦᠳ ᠤᠨ ᠭᠠᠪᠢᠶ᠎ᠠ ᠪᠠᠶᠢᠭᠤᠯᠤᠭᠰᠠᠨ ᠵᠢᠱᠢᠶᠡᠴᠢ︾ ︽ᠪᠥᠬᠦ | ᠤᠯᠤᠰ ᠤᠨ ᠡᠮᠡᠭᠲᠡᠶᠢᠴᠦᠳ ᠤᠨ ᠪᠣᠯᠪᠠᠰᠤᠨ ᠠᠵᠢᠯ ᠤᠨ ᠪᠠᠶᠢᠷᠢ︾ ︽ᠪᠥᠬᠦ ᠤᠯᠤᠰ ᠤᠨ ᠡᠮᠡᠭᠲᠡᠶᠢᠴᠦᠳ ᠤᠨ | ᠭᠠᠪᠢᠶ᠎ᠠ ᠪᠠᠶᠢᠭᠤᠯᠤᠭᠰᠠᠨ ᠲᠡᠷᠢᠭᠦᠨ ᠤ ᠬᠠᠮᠲᠤ︾ ᠭᠡᠬᠦ ᠢᠷᠠᠭᠤ ᠠᠯᠳᠠᠷ ᠤᠨ ᠴᠣᠯᠠ ᠣᠯᠭᠤᠪᠠ᠃ | |