ᠲᠣᠭᠲᠠᠬᠤ ᠰᠢᠶᠠᠨ ᠤ ᠳᠤᠮᠳᠠᠳᠤ ᠪᠠᠭ᠎ᠠ ᠰᠤᠷᠭᠠᠭᠤᠯᠢ ︽ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠵᠤ ᠴᠠᠭ ᠦᠶ᠎ᠡ ᠶᠢᠨ ᠰᠢᠨ᠎ᠡ ᠬᠥᠮᠥᠨ ᠢ ᠬᠦᠮᠦᠵᠢᠭᠦᠯᠦᠶ᠎ᠠ︾ ᠭᠤᠣᠯ ᠰᠡᠳᠦᠪᠲᠦ ᠯᠧᠢ ᠹᠧᠩ  ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/3/9
      ᠡᠨᠡ ᠵᠢᠯ ᠤᠨ 3 ᠳ᠋ᠤᠭᠠᠷ ᠰᠠᠷ᠎ᠠ ᠶᠢᠨ 5 ᠤ ᠡᠳᠦᠷ ᠪᠣᠯ ᠮᠠᠤ ᠽᠧ ᠳ᠋ᠦᠩ ᠵᠡᠷᠭᠡ ᠠᠬᠠᠮᠠᠳ ᠨᠢᠭᠡ ᠦᠶ᠎ᠡ  ᠶᠢᠨ ᠬᠤᠪᠢᠰᠬᠠᠯᠴᠢᠳ ᠤᠨ ᠯᠧᠢ ᠹᠧᠩ ᠨᠥᠬᠦᠷ ᠲᠤ ᠪᠢᠴᠢᠭᠡᠰᠦ ᠪᠢᠴᠢᠵᠦ ᠥᠭᠭᠦᠭᠰᠡᠨ 60 ᠵᠢᠯ ᠤᠨ ᠣᠶ ᠮᠥᠨ᠂ ᠪᠠᠰᠠ ᠴᠤ 24 ᠳ᠋ᠤᠭᠡᠷ ︽ᠳᠤᠮᠳᠠᠳᠤ ᠤᠯᠤᠰ ᠤᠨ ᠵᠠᠯᠠᠭᠤ ᠰᠠᠶᠢᠨ ᠳᠤᠷ᠎ᠠ   ᠶᠢᠨ ᠦᠢᠯᠡᠴᠢᠯᠡᠭᠴᠢ ᠶᠢᠨ ᠡᠳᠦᠷ︾ ᠮᠥᠨ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢᠨ ᠲᠥᠯᠥᠭᠡ᠂ ᠰᠢ ᠶᠢᠨ ᠫᠢᠩ ᠶᠡᠷᠦᠩᠬᠡᠢ ᠱᠦᠵᠢ ᠶᠢᠨ ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠯᠧᠢ ᠹᠧᠩ ᠤᠨ ᠵᠣᠷᠢᠭ ᠰᠠᠨᠠᠭᠠᠨ ᠤ ᠴᠠᠭ ᠦᠶ᠎ᠡ ᠶᠢᠨ ᠠᠭᠤᠯᠬᠤᠨ ᠢ ᠭᠦᠨᠵᠡᠭᠡᠢ ᠡᠵᠡᠮᠰᠢᠵᠦ᠂ ᠵᠠᠯᠠᠭᠤᠴᠤᠳ ᠪᠠᠭᠠᠴᠤᠳ ᠤᠨ ᠳᠤᠮᠳᠠ ᠯᠧᠢ ᠹᠧᠩ ᠤᠨ ᠦᠢᠯᠡ ᠠᠵᠢᠯᠯᠠᠭ᠎ᠠ ᠪᠣᠯᠣᠨ ᠯᠧᠢ ᠹᠧᠩ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠢ ᠦᠷᠭᠦᠯᠵᠢᠯᠡᠨ ᠥᠷᠨᠢᠭᠦᠯᠵᠦ᠂ ᠯᠧᠢ ᠹᠧᠩ ᠤᠨ ᠵᠣᠷᠢᠭ ᠰᠠᠨᠠᠭ᠎ᠠ ᠶᠢ ᠦᠶ᠎ᠡ ᠶᠢᠨ ᠦᠶ᠎ᠡ ᠳᠤ ᠤᠯᠠᠮᠵᠢᠯᠠᠵᠤ᠂ ᠲᠣᠭᠲᠠᠬᠤ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠳᠤ ︽ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠵᠤ ᠴᠠᠭ ᠦᠶ᠎ᠡ ᠶᠢᠨ ᠰᠢᠨ᠎ᠡ ᠬᠥᠮᠥᠨ ᠢ ᠬᠦᠮᠦᠵᠢᠭᠦᠯᠦᠶ᠎ᠠ︾  ᠪᠠᠷ ᠭᠤᠣᠯ ᠰᠡᠳᠦᠪ ᠪᠣᠯᠭᠠᠭᠰᠠᠨ ︽ᠮᠠᠤ ᠽᠧ ᠳ᠋ᠦᠩ ᠵᠡᠷᠭᠡ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ᠯᠧᠢ ᠹᠧᠩ ᠨᠥᠬᠦᠷ ᠲᠤ ᠪᠢᠴᠢᠭᠡᠰᠦ ᠪᠢᠴᠢᠵᠦ ᠥᠭᠭᠦᠭᠰᠡᠨ 60 ᠵᠢᠯ ᠤᠨ ᠤᠢ ᠶᠢ ᠳᠤᠷᠠᠰᠬᠠᠬᠤ ᠲᠤᠬᠠᠢ︾ ᠭᠡᠬᠦ ᠭᠤᠣᠯ ᠰᠡᠳᠦᠪᠲᠦ ᠯᠧᠢ ᠹᠧᠩ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠪᠡ᠃
     ᠴᠠᠭ ᠦᠶ᠎ᠡ ᠳᠠᠪᠠᠯᠭᠠᠯᠠᠨ ᠤᠷᠤᠭᠰᠢᠯᠠᠵᠤ᠂ ᠯᠧᠢ ᠹᠧᠩ ᠤᠨ ᠵᠣᠷᠢᠭ ᠰᠠᠨᠠᠭ᠎ᠠ ᠥᠨᠢᠳᠡ ᠪᠠᠯᠠᠷᠠᠰᠢ ᠦᠭᠡᠢ ᠶᠤᠮ᠃ ᠦᠶ᠎ᠡ ᠦᠶ᠎ᠡ ᠶᠢᠨ ︽ᠯᠧᠢ ᠹᠧᠩ︾ ᠵᠠᠯᠠᠭᠤ ᠨᠠᠰᠤᠨ ᠤ ᠬᠠᠯᠠᠭᠤᠨ ᠲᠡᠮᠡᠴᠡᠯ ᠢᠶᠠᠷ ᠢᠶᠠᠨ ᠭᠤᠶᠢᠳᠠ ᠰᠠᠶᠢᠬᠠᠨ ᠢᠷᠠᠭᠤ ᠬᠠᠭᠤᠳᠠᠰᠤ ᠶᠢ ᠪᠢᠴᠢᠭᠯᠡᠭᠰᠡᠨ ᠶᠤᠮ᠃ ᠪᠢᠳᠡ ᠯᠧᠢ ᠹᠧᠩ ᠤᠨ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ᠂ ᠡᠷᠬᠢᠮ ᠳᠡᠭᠡᠳᠦ ᠬᠦᠰᠡᠯᠡᠩ ᠪᠠ ᠡᠷᠡᠰ ᠪᠠᠲᠤ ᠢᠲᠡᠭᠡᠯ ᠵᠣᠷᠢᠭ ᠢᠶᠠᠨ ᠪᠠᠲᠤ ᠰᠠᠬᠢᠵᠤ᠂ ᠤᠬᠠᠮᠰᠠᠷ ᠠᠴᠠ ᠪᠠᠨ ᠯᠧᠢ ᠹᠧᠩ ᠤᠨ ᠵᠣᠷᠢᠭ ᠰᠠᠨᠠᠭᠠᠨ ᠤ ᠦᠨᠡᠨᠴᠢ ᠵᠠᠯᠭᠠᠮᠵᠢᠯᠠᠭᠴᠢ᠂ ᠵᠢᠱᠢᠶᠡᠴᠢ ᠪᠠᠷ ᠦᠢᠯᠡᠳᠦᠯᠭᠡᠵᠢᠭᠦᠯᠦᠭᠴᠢ᠂ ᠢᠳᠡᠪᠬᠢᠲᠡᠢ ᠪᠠᠷ ᠰᠠᠨᠠᠭᠠᠴᠢᠯᠠᠭᠴᠢ ᠪᠣᠯᠵᠤ᠂ ᠬᠠᠷᠠᠮ ᠦᠭᠡᠢ ᠵᠣᠷᠢᠭᠤᠯᠬᠤ ᠪᠠᠷ ᠲᠡᠭᠦᠨ ᠤ ᠭᠦᠨ ᠠᠭᠤᠯᠬᠤᠨ ᠢ ᠲᠠᠶᠢᠯᠪᠤᠷᠢᠯᠠᠨ᠂ ᠵᠠᠯᠠᠭᠤ ᠨᠠᠰᠤ ᠪᠠᠷ ᠢᠶᠠᠨ ᠴᠠᠭ ᠦᠶ᠎ᠡ ᠶᠢᠨ ᠢᠯᠠᠯᠲᠠ ᠶᠢᠨ ᠳᠠᠭᠤᠤ ᠶᠢ ᠬᠠᠩᠭᠢᠨᠠᠭᠤᠯᠤᠶ᠎ᠠ︕
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1