ᠰᠢᠶᠠᠨ ᠤ ᠠᠷᠠᠳ ᠤᠨ ᠵᠠᠰᠠᠭ ᠤᠨ ᠣᠷᠳᠣᠨ ᠤ 2023 ᠣᠨ ᠤ ᠭᠤᠷᠪᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/3/9
      3 ᠳ᠋ᠤᠭᠠᠷ ᠰᠠᠷ᠎ᠠ ᠶᠢᠨ 8 ᠤ ᠡᠳᠦᠷ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ 2023 ᠣᠨ ᠤ ᠭᠤᠷᠪᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠵᠤ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠸ ᠵᠧᠩ ᠬᠤᠷᠠᠯ ᠡᠷᠭᠢᠯᠡᠪᠡ᠃      ᠬᠤᠷᠠᠯ ᠠᠴᠠ᠂ ᠲᠣᠭᠲᠠᠬᠤ ᠠᠵᠤ ᠦᠢᠯᠡᠰ ᠤᠨ ᠬᠦᠷᠢᠶᠡᠯᠡᠩ ᠤᠨ ᠰᠠᠭᠤᠷᠢ ᠲᠥᠬᠦᠭᠡᠷᠦᠮᠵᠢ ᠶᠢᠨ ᠲᠦᠷᠦᠯ ᠵᠦᠢᠯ᠂ ᠲᠣᠭᠲᠠᠬᠤ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠣᠶᠣᠯ ᠪᠡᠶ᠎ᠡ ᠶᠢᠨ ᠲᠠᠮᠢᠷ ᠤᠨ ᠶᠡᠷᠦᠩᠬᠡᠶᠢᠯᠡᠭᠰᠡᠨ ᠠᠰᠠᠷ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠬᠡᠷᠡᠭᠵᠢᠭᠦᠯᠦᠯᠲᠡ ᠶᠢ ᠰᠤᠳᠤᠯᠪᠠ ︔ ᠲᠣᠭᠲᠠᠬᠤ ᠰᠢᠶᠠᠨ ᠤ ᠳᠥᠷᠪᠡᠳᠦᠭᠡᠷ ᠬᠤᠭᠤᠴᠠᠭᠠᠨ ᠤ ᠬᠠᠲᠤᠨ ᠭᠤᠣᠯ ᠤᠨ ︽ᠵᠢᠭᠠᠰᠤᠨ ᠤ ᠪᠠᠶᠠᠷ︾ ᠤᠨ ᠠᠵᠢᠯᠯᠠᠭ᠎ᠠ ᠶᠢ ᠡᠷᠭᠢᠯᠡᠬᠦ᠂ ᠬᠥᠳᠡᠭᠡ ᠲᠣᠰᠬᠤᠨ ᠤ ᠵᠠᠮ ᠤᠨ ᠪᠦᠲᠦᠭᠡᠨ ᠪᠠᠶᠢᠭᠤᠯᠤᠯᠲᠠ ᠵᠡᠷᠭᠡ ᠶᠠᠪᠤᠳᠠᠯ ᠤᠳ ᠢ ᠰᠤᠳᠤᠯᠤᠨ ᠶᠠᠷᠢᠯᠴᠠᠪᠠ᠃      ᠬᠤᠷᠠᠯ ᠠᠴᠠ᠂ ᠬᠠᠳᠤᠨ ᠭᠤᠣᠯ ᠤᠨ ᠰᠣᠶᠣᠯ᠂ ᠶᠦᠨ ᠵᠦᠩ ᠰᠣᠶᠣᠯ᠂ ᠲᠣᠭᠲᠠᠬᠤ ᠤᠯᠠᠮᠵᠢᠯᠠᠯᠲᠤ ︽ᠬᠠᠳᠤᠨ ᠭᠤᠣᠯ ᠤᠨ ᠵᠢᠭᠠᠰᠤᠨ ᠤ ᠰᠣᠶᠣᠯ︾ ᠵᠡᠷᠭᠡ ᠰᠢᠯᠢᠳᠡᠭ ᠰᠣᠶᠣᠯ ᠤᠨ ᠵᠤᠭᠠᠴᠠᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ︽ᠬᠠᠳᠤᠨ ᠭᠤᠣᠯ ᠤᠨ  ﹇几﹈ ᠦᠰᠦᠭᠲᠦ ᠪᠤᠯᠤᠩ᠂ ᠷᠢᠳᠢ ᠰᠢᠳᠢ ᠲᠠᠢ ᠲᠣᠭᠲᠠᠬᠤ︾ ᠶᠢᠨ ᠲᠣᠭᠤᠷᠢᠨ ᠳᠤ᠂ ᠪᠠᠶᠠᠯᠢᠭ ᠰᠠᠶᠢᠬᠠᠨ ᠰᠣᠶᠣᠯ ᠤᠨ ᠵᠤᠭᠠᠴᠠᠯ ᠤᠨ ᠠᠵᠢᠯᠯᠠᠭ᠎ᠠ ᠪᠠᠷ ᠳᠠᠮᠵᠢᠭᠤᠯᠵᠤ᠂ ᠣᠷᠣᠨ ᠤ ᠲᠥᠪ ᠬᠤᠳᠠ ᠶᠢᠨ ᠡᠮᠦᠨᠡᠲᠦ ᠬᠡᠰᠡᠭ ᠤᠨ ᠬᠠᠳᠤᠨ ᠭᠤᠣᠯ ᠤᠨ ᠦᠵᠡᠮᠵᠢ ᠶᠢᠨ ᠰᠣᠶᠣᠯ ᠤᠨ ᠵᠤᠭᠠᠴᠠᠯ ᠤᠨ ᠪᠦᠰᠡ ᠶᠢ ᠬᠦᠴᠦᠯᠡᠨ ᠪᠠᠶᠢᠭᠤᠯᠬᠤ ᠬᠡᠷᠡᠭᠲᠡᠢ᠃ ᠠᠵᠢᠯᠯᠠᠭ᠎ᠠ ᠶᠢᠨ ᠬᠤᠭᠤᠴᠠᠭᠠᠨ ᠳᠠᠬᠢ ᠤᠬᠠᠭᠤᠯᠤᠨ ᠮᠡᠳᠡᠭᠡᠯᠡᠬᠦ ᠠᠵᠢᠯ ᠢ ᠰᠠᠶᠢᠲᠤᠷ ᠬᠢᠵᠦ᠂ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠶᠦᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠨ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠᠷ ᠡᠯ᠎ᠡ ᠵᠦᠢᠯ ᠤᠨ ᠠᠵᠢᠯᠯᠠᠭ᠎ᠠ ᠶᠢ ᠨᠠᠷᠢᠨ ᠨᠢᠮᠪᠠᠢ ᠵᠣᠬᠢᠶᠠᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠬᠤ ᠶᠢ ᠳᠠᠭᠠᠵᠤ᠂ ᠤᠯᠠᠨ ᠲᠠᠯ᠎ᠠ ᠶᠢᠨ ᠬᠦᠴᠦᠨ ᠢ ᠪᠠᠳᠠᠷᠠᠭᠤᠯᠵᠤ᠂ ᠪᠦᠬᠦ ᠬᠦᠴᠦᠨ ᠢᠶᠠᠷ ᠢᠶᠠᠨ ᠬᠠᠮᠵᠢᠯᠴᠠᠵᠤ᠂ ᠰᠠᠨᠠᠭᠠᠴᠢᠯᠠᠭ᠎ᠠ ᠲᠠᠢ ᠪᠠᠷ ᠠᠵᠢᠯ ᠬᠢᠵᠦ᠂ ᠠᠵᠤ ᠠᠬᠤᠶᠢᠯᠠᠯ ᠳᠤ ᠢᠳᠡᠪᠬᠢᠲᠡᠢ ᠦᠢᠯᠡᠴᠢᠯᠡᠵᠦ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠨᠢᠭᠡᠳᠦᠭᠡᠷ ᠤᠯᠠᠷᠢᠯ ᠤᠨ ︽ᠰᠠᠶᠢᠨ ᠡᠬᠢᠯᠡᠯᠲᠡ︾ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠢ ᠳᠣᠷᠣᠭᠰᠢ ᠪᠠᠭᠤᠯᠭᠠᠵᠤ᠂ ᠠᠵᠤ ᠠᠬᠤᠶᠢᠯᠠᠯ ᠢ ᠬᠠᠪᠰᠤᠷᠤᠨ ᠲᠡᠳᠬᠦᠵᠦ᠂ ᠠᠵᠤ ᠠᠬᠤᠶᠢᠯᠠᠯ ᠢ ᠢᠳᠡᠪᠬᠢᠲᠡᠢ ᠪᠠᠷ ᠬᠠᠪᠰᠤᠷᠤᠨ ᠭᠠᠷ ᠭᠦᠢᠴᠡᠳᠬᠡᠯ ᠭᠦᠢᠴᠡᠳᠬᠡᠬᠦ᠂ ᠠᠵᠢᠯ ᠡᠬᠢᠯᠡᠭᠦᠯᠬᠦ᠂ ᠪᠦᠲᠦᠭᠡᠨ ᠪᠠᠶᠢᠭᠤᠯᠬᠤ ᠳᠤᠮᠳᠠ ᠲᠤᠯᠭᠠᠷᠠᠭᠰᠠᠨ ᠬᠦᠴᠢᠷᠳᠡᠯ ᠢ ᠨᠢ ᠰᠢᠢᠳᠪᠦᠷᠢᠯᠡᠵᠦ᠂ ᠠᠵᠤ ᠠᠬᠤᠶᠢᠯᠠᠯ ᠤᠨ ᠡᠯ᠎ᠡ ᠭᠠᠷ ᠭᠦᠢᠴᠡᠳᠬᠡᠯ ᠢ ᠴᠠᠭ ᠲᠤᠬᠠᠢ ᠳᠤᠨᠢ ᠭᠦᠢᠴᠡᠳᠬᠡᠬᠦ ᠶᠢ ᠪᠠᠲᠤᠯᠠᠬᠤ ᠬᠡᠷᠡᠭᠲᠡᠢ᠃ ᠪᠡᠶᠡᠴᠢ ᠴᠢᠳᠠᠮᠠᠭᠠᠢ ᠴᠢᠨᠠᠷ ᠢᠶᠠᠨ ᠪᠠᠳᠠᠷᠠᠭᠤᠯᠵᠤ᠂ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠪᠠᠷ ᠪᠠᠶᠢᠭᠤᠯᠬᠤ ᠮᠠᠯᠵᠢᠯ ᠤᠨ ᠲᠠᠯᠠᠪᠠᠶ᠂ ᠰᠠᠶᠢᠷᠭᠠᠯ ᠤᠨ ᠣᠷᠣᠨ ᠢ ᠨᠡᠭᠦᠯᠭᠡᠬᠦ᠂ ᠬᠦᠷᠢᠶᠡᠯᠡᠩ ᠲᠣᠭᠤᠷᠢᠭ ᠤᠨ ᠰᠠᠭᠤᠷᠢ ᠪᠦᠲᠦᠭᠡᠨ ᠪᠠᠶᠢᠭᠤᠯᠤᠯᠲᠠ᠂ ᠦᠵᠡᠰᠬᠦᠯᠡᠩ ᠤᠨ ᠣᠷᠳᠣᠨ᠂ ᠰᠤᠷᠭᠠᠭᠤᠯᠢ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠠᠬᠢᠭᠤᠯᠵᠤ᠂ ᠨᠠᠶᠢᠳᠠᠪᠤᠷᠢᠵᠢᠭᠤᠯᠤᠯᠲᠠ ᠶᠢ ᠲᠡᠷᠡ ᠬᠡᠪ ᠢᠶᠠᠷ  ᠨᠢ ᠰᠠᠶᠢᠲᠤᠷ ᠠᠳᠬᠤᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠤᠨ ᠶᠠᠷᠢᠯᠴᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1