ᠲᠣᠭᠲᠠᠬᠤ ᠰᠢᠶᠠᠨ ᠤ ᠵᠠᠮ ᠬᠠᠷᠢᠯᠴᠠᠭᠠᠨ ᠤ ᠠᠮᠤᠷ ᠲᠦᠪᠰᠢᠨ ᠪᠠ ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ ᠬᠦᠷᠢᠶᠡᠨ ᠳᠠᠬᠢ ᠲᠣᠪᠣᠶᠢᠮ᠎ᠠ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠯᠪᠠᠨ ᠵᠠᠷ
ᠨᠡᠶᠢᠲᠡᠯᠡᠭᠰᠡᠨ ᠴᠠᠭ᠄
2023/4/1
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠪᠦᠬᠦ ᠰᠢᠶᠠᠨ ᠤ ᠵᠠᠮ ᠬᠠᠷᠢᠯᠴᠠᠭᠠᠨ ᠤ ᠠᠮᠤᠷ ᠲᠦᠪᠰᠢᠨ ᠪᠠ ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ ᠬᠦᠷᠢᠶᠡᠨ ᠳᠠᠬᠢ ᠲᠣᠪᠣᠶᠢᠮ᠎ᠠ ᠠᠰᠠᠭᠤᠳᠠᠯ ᠢ ᠪᠦᠲᠦᠮᠵᠢᠲᠡᠶ ᠴᠡᠭᠴᠡᠯᠡᠨ ᠵᠠᠰᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠵᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠦᠨᠡᠨᠬᠦ ᠪᠠᠲᠤᠯᠠᠨ ᠠᠬᠢᠭᠤᠯᠵᠤ᠂ ᠲᠥᠪ ᠤᠨ ᠪᠦᠬᠦ ᠲᠠᠯ᠎ᠠ  ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠵᠥᠪᠯᠡᠯ ᠤᠨ ᠠᠯᠪᠠᠨ ᠭᠡᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠦᠬᠦ ᠲᠠᠯ᠎ᠠ ᠪᠠᠷ ᠬᠠᠤᠯᠢ ᠶᠣᠰᠣᠭᠠᠷ ᠣᠷᠣᠨ ᠢᠶᠠᠨ ᠵᠠᠰᠠᠬᠤ ᠵᠥᠪᠯᠡᠯ ᠤᠨ ᠠᠯᠪᠠᠨ ᠭᠡᠷ᠂ ᠬᠥᠬᠡᠬᠤᠲᠠ ᠶᠢᠨ ᠨᠠᠮ ᠤᠨ ᠬᠤᠷᠢᠶ᠎ᠠ ᠶᠢᠨ ᠪᠦᠬᠦ ᠲᠠᠯ᠎ᠠ ᠪᠠᠷ ᠬᠠᠤᠯᠢ ᠶᠣᠰᠣᠭᠠᠷ ᠬᠤᠲᠠ ᠪᠠᠨ ᠵᠠᠰᠠᠬᠤ ᠵᠥᠪᠯᠡᠯ ᠤᠨ ᠠᠯᠪᠠᠨ ᠭᠡᠷ ᠤᠨ ᠲᠤᠰᠬᠠᠢ ᠴᠡᠭᠴᠡᠯᠡᠨ ᠵᠠᠰᠠᠬᠤ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠲᠠᠬᠤ ᠰᠢᠶᠠᠨ ᠤ ᠬᠤᠷᠢᠶ᠎ᠠ ᠶᠢᠨ ᠪᠦᠬᠦ ᠲᠠᠯ᠎ᠠ ᠪᠠᠷ ᠬᠠᠤᠯᠢ ᠪᠠᠷ ᠰᠢᠶᠠᠨ ᠢ ᠵᠠᠰᠠᠬᠤ ᠬᠤᠷᠢᠶ᠎ᠠ ᠶᠢᠨ ᠠᠯᠪᠠᠨ ᠭᠡᠷ ᠠᠴᠠ 2023 ᠣᠨ ᠤ 3 ᠰᠠᠷ᠎ᠠ ᠠᠴᠠ ᠡᠬᠢᠯᠡᠨ᠂ ᠪᠦᠬᠦ ᠰᠢᠶᠠᠨ ᠳᠤ ᠵᠠᠮ ᠬᠠᠷᠢᠯᠴᠠᠭᠠᠨ ᠤ ᠠᠮᠤᠷ ᠲᠦᠪᠰᠢᠨ ᠪᠣᠯᠣᠨ ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ ᠬᠦᠷᠢᠶᠡᠨ ᠳᠠᠬᠢ ᠲᠣᠪᠣᠶᠢᠮ᠎ᠠ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠲᠥᠪᠯᠡᠷᠡᠭᠦᠯᠦᠨ ᠥᠷᠨᠢᠭᠦᠯᠬᠦ ᠪᠠᠷ ᠲᠣᠭᠲᠠᠪᠠ᠃ ᠡᠳᠦᠭᠡ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠭᠤᠣᠯᠳᠠᠯᠭ᠎ᠠ ᠲᠠᠢ ᠠᠭᠤᠯᠭ᠎ᠠ ᠶᠢ ᠨᠡᠶᠢᠭᠡᠮ ᠳᠤ ᠨᠡᠶᠢᠲᠡᠯᠡᠶ᠎ᠡ᠂ ᠥᠷᠭᠡᠨ ᠣᠯᠠᠨ ᠠᠷᠠᠳ ᠲᠦᠮᠡᠨ ᠠᠴᠠ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠠᠵᠢᠯ ᠳᠤ ᠬᠢᠨᠠᠯᠲᠠ ᠲᠠᠯᠪᠢᠬᠤ ᠶᠢᠨ ᠬᠠᠮᠲᠤ ᠬᠠᠮᠢᠶ᠎ᠠ ᠪᠦᠬᠦᠢ ᠰᠦᠪᠡᠭᠴᠢ ᠶᠢ ᠦᠨᠡᠨ ᠪᠣᠳᠠᠲᠠᠢ ᠪᠠᠷ ᠬᠠᠩᠭᠠᠬᠤ ᠶᠢ ᠬᠦᠰᠡᠵᠦ ᠪᠠᠶᠢᠨ᠎ᠠ᠃       ᠨᠢᠭᠡ᠂ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠭᠤᠣᠯᠳᠠᠯᠭ᠎ᠠ ᠲᠠᠢ ᠠᠭᠤᠯᠭ᠎ᠠ      1᠂ ᠠᠰᠢᠭ ᠬᠥᠭᠡᠭᠡᠴᠡᠯᠳᠦᠬᠦ ᠬᠠᠤᠯᠢ ᠶᠢ ᠬᠡᠷᠡᠭᠵᠢᠭᠦᠯᠬᠦ ᠠᠰᠠᠭᠤᠳᠠᠯ      2᠂ ᠬᠠᠤᠯᠢ ᠶᠢ ᠬᠡᠷᠡᠭᠵᠢᠭᠦᠯᠬᠦ ᠳᠡᠭᠡᠨ ᠵᠢᠷᠤᠮᠵᠢᠭᠤᠨ ᠪᠤᠰᠤ ᠪᠠᠶᠢᠬᠤ ᠠᠰᠠᠭᠤᠳᠠᠯ      3᠂ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠤᠨ ᠲᠥᠬᠦᠮ ᠬᠥᠰᠢᠭᠦᠷᠡᠭᠰᠡᠨ ᠠᠰᠠᠭᠤᠳᠠᠯ︔      4᠂ ᠬᠠᠤᠯᠢ ᠬᠡᠷᠡᠭᠵᠢᠭᠦᠯᠬᠦ ᠳᠡᠭᠡᠨ ᠪᠦᠳᠦᠭᠦᠯᠢᠭ ᠢᠶᠠᠷ ᠪᠠᠶᠢᠬᠤ ᠠᠰᠠᠭᠤᠳᠠᠯ      5᠂ ᠬᠠᠤᠯᠢ ᠬᠡᠷᠡᠭᠵᠢᠭᠦᠯᠬᠦ ᠳᠡᠭᠡᠨ ︽ᠬᠤᠪᠢ ᠶᠢᠨ ᠠᠰᠢᠭ ᠬᠥᠭᠡᠭᠡᠴᠡᠯᠳᠦᠬᠦ︾ ᠠᠰᠠᠭᠤᠳᠠᠯ᠃      ᠬᠤᠶᠠᠷ᠂ ᠣᠯᠠᠨ ᠲᠦᠮᠡᠨ ᠤ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠬᠡᠯᠪᠡᠷᠢ      1᠂ ᠲᠣᠭᠲᠠᠬᠤ ᠰᠢᠶᠠᠨ ᠤ ᠨᠠᠮ ᠤᠨ ᠬᠤᠷᠢᠶ᠎ᠠ ᠶᠢᠨ ᠪᠦᠬᠦ ᠲᠠᠯ᠎ᠠ ᠪᠠᠷ ᠬᠠᠤᠯᠢ ᠪᠠᠷ ᠰᠢᠶᠠᠨ ᠢ ᠵᠠᠰᠠᠬᠤ ᠵᠥᠪᠯᠡᠯ ᠤᠨ ᠠᠯᠪᠠᠨ ᠭᠡᠷ᠂ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠬᠤ ᠤᠲᠠᠰᠤ᠄ 8517148᠃      ᠢᠯᠡᠴᠢᠯᠡᠨ ᠮᠡᠳᠡᠭᠦᠯᠬᠦ ᠶᠢ ᠭᠥᠯᠢᠶᠡᠨ ᠠᠪᠴᠤ ᠰᠢᠢᠳᠪᠦᠷᠢᠯᠡᠬᠦ ᠰᠢᠤᠳᠠᠨ ᠬᠠᠶᠢᠷᠴᠠᠭ᠄ txsfj8568121@126.com      ᠵᠠᠬᠢᠳᠠᠯ ᠰᠣᠷᠪᠤᠯᠵᠢᠯᠠᠭ᠎ᠠ ᠶᠢᠨ ᠬᠠᠶ᠋ᠢᠭ᠄ ᠲᠣᠭᠲᠠᠬᠤ ᠰᠢᠶᠠᠨ ᠤ ᠱᠤᠸᠠᠩ ᠾᠧ ᠪᠠᠯᠭᠠᠰᠤᠨ ᠤ ᠲᠣᠭᠲᠠᠬᠤ ᠶᠡᠭᠡ ᠵᠡᠭᠡᠯᠢ ᠶᠢᠨ ᠬᠤᠶᠢᠲᠤ ᠲᠣᠭᠲᠠᠬᠤ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ 320 ᠠᠯᠪᠠᠨ ᠭᠡᠷ︔      ᠰᠢᠤᠳᠠᠨ ᠳ᠋ᠤᠭᠠᠷ᠄ 010200᠃      2᠂ ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠬᠤ ᠤᠲᠠᠰᠤ᠄ 8512648᠂ 8512048᠂ 8563244      ᠢᠯᠡᠴᠢᠯᠡᠨ ᠮᠡᠳᠡᠭᠦᠯᠬᠦ ᠶᠢ ᠭᠥᠯᠢᠶᠡᠨ ᠠᠪᠬᠤ ᠰᠢᠤᠳᠠᠨ ᠬᠠᠶᠢᠷᠴᠠᠭ᠄ oxrsmc@163.com      ᠵᠠᠬᠢᠳᠠᠯ ᠰᠣᠷᠪᠤᠯᠵᠢᠯᠠᠭ᠎ᠠ ᠶᠢᠨ ᠬᠠᠶ᠋ᠢᠭ᠄ ᠲᠣᠭᠲᠠᠬᠤ ᠰᠢᠶᠠᠨ ᠤ ᠱᠤᠸᠠᠩ ᠾᠧ ᠪᠠᠯᠭᠠᠰᠤᠨ ᠤ ᠲᠣᠭᠲᠠᠬᠤ ᠶᠡᠭᠡ ᠵᠡᠭᠡᠯᠢ ᠶᠢᠨ ᠬᠤᠶᠢᠲᠤ ᠲᠠᠯ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠭᠲᠠᠬᠤ ᠰᠢᠶᠠᠨ ᠤ ᠶᠡᠭᠡ ᠠᠩᠭᠢ ᠶᠢᠨ ᠲᠠᠪᠤᠳᠤᠭᠠᠷ ᠳᠠᠪᠬᠤᠷᠯᠢᠭ ᠤᠨ ᠵᠢᠯᠤᠭᠤᠳᠬᠤ ᠲᠥᠪ︔      ᠰᠢᠤᠳᠠᠨ ᠳ᠋ᠤᠭᠠᠷ᠄ 010200᠃      3᠂ ᠲᠣᠭᠲᠠᠬᠤ ᠰᠢᠶᠠᠨ ᠤ ᠵᠠᠮ ᠲᠡᠭᠡᠭᠡᠪᠦᠷᠢ ᠶᠢᠨ ᠲᠣᠪᠴᠢᠶ᠎ᠠ ᠶᠢᠨ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠴᠤ ᠰᠢᠢᠳᠪᠦᠷᠢᠯᠡᠬᠦ ᠤᠲᠠᠰᠤ᠄ 8512446      ᠢᠯᠡᠴᠢᠯᠡᠨ ᠮᠡᠳᠡᠭᠦᠯᠬᠦ ᠶᠢ ᠭᠥᠯᠢᠶᠡᠨ ᠠᠪᠴᠤ ᠰᠢᠢᠳᠪᠦᠷᠢᠯᠡᠬᠦ ᠰᠢᠤᠳᠠᠨ ᠬᠠᠶᠢᠷᠴᠠᠭ᠄ a133166188@126.com      ᠵᠠᠬᠢᠳᠠᠯ ᠰᠣᠷᠪᠤᠯᠵᠢᠯᠠᠭ᠎ᠠ ᠶᠢᠨ ᠬᠠᠶ᠋ᠢᠭ᠄ ᠲᠣᠭᠲᠠᠬᠤ ᠰᠢᠶᠠᠨ ᠤ ᠰᠢᠨ᠎ᠡ ᠪᠠᠷ ᠪᠠᠶᠢᠭᠤᠯᠤᠭᠰᠠᠨ ᠳᠤᠮᠳᠠᠳᠤ ᠵᠠᠮ ᠤᠨ 99 ᠳ᠋ᠤᠭᠡᠷ ᠵᠠᠮ ᠲᠡᠭᠡᠭᠡᠪᠦᠷᠢ ᠶᠢᠨ ᠲᠣᠪᠴᠢᠶ᠎ᠠ ᠶᠢᠨ ᠠᠯᠪᠠᠨ ᠭᠡᠷ︔      ᠰᠢᠤᠳᠠᠨ ᠳ᠋ᠤᠭᠠᠷ᠄ 010200᠃      4᠂ ᠭᠥᠯᠢᠶᠡᠨ ᠠᠪᠴᠤ ᠰᠢᠢᠳᠪᠦᠷᠢᠯᠡᠬᠦ ᠴᠠᠭ᠄ ᠬᠠᠤᠯᠢ ᠪᠠᠷ ᠲᠣᠭᠲᠠᠭᠠᠭᠰᠠᠨ ᠠᠵᠢᠯ ᠤᠨ ᠡᠳᠦᠷ 9᠄ 00 - 12᠄ 00᠂ 14᠄ 30 - 17᠄ 00᠂ ᠵᠠᠬᠢᠳᠠᠯ ᠴᠠᠬᠢᠯᠭᠠᠨ ᠢ ᠭᠥᠯᠢᠶᠡᠨ ᠠᠪᠴᠤ ᠰᠢᠢᠳᠪᠦᠷᠢᠯᠡᠬᠦ ᠡᠳᠦᠷ ᠬᠤᠭᠤᠴᠠᠭ᠎ᠠ ᠨᠢ 2023 ᠣᠨ ᠤ 10 ᠰᠠᠷ᠎ᠠ ᠶᠢᠨ 31 ᠤ ᠡᠳᠦᠷ ᠪᠣᠯᠣᠨ᠎ᠠ᠃      5᠂ ᠭᠥᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ᠄ ᠭᠤᠣᠯᠳᠠᠭᠤ ᠪᠦᠬᠦ ᠰᠢᠶᠠᠨ ᠤ ᠵᠠᠮ ᠬᠠᠷᠢᠯᠴᠠᠭᠠᠨ ᠤ ᠠᠮᠤᠷ ᠲᠦᠪᠰᠢᠨ ᠪᠠ ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ ᠬᠦᠷᠢᠶᠡᠨ ᠳᠠᠬᠢ ᠲᠣᠪᠣᠶᠢᠮ᠎ᠠ ᠠᠰᠠᠭᠤᠳᠠᠯ ᠢ ᠲᠤᠰᠬᠠᠭᠰᠠᠨ ᠤᠲᠠᠰᠤ ᠢᠷᠡᠭᠦᠯᠦᠭᠰᠡᠨ ᠵᠠᠬᠢᠳᠠᠯ ᠢ ᠭᠥᠯᠢᠶᠡᠨ ᠠᠪᠴᠤ ᠰᠢᠢᠳᠪᠦᠷᠢᠯᠡᠨ᠎ᠡ᠃ᠭᠥᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠪᠠᠭᠲᠠᠬᠤ ᠦᠭᠡᠢ ᠪᠤᠰᠤᠳ ᠠᠰᠠᠭᠤᠳᠠᠯ ᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠲᠤᠰᠢᠶᠠᠨ ᠥᠭᠴᠦ ᠰᠢᠢᠳᠪᠦᠷᠢᠯᠡᠭᠦᠯᠦᠨ᠎ᠡ᠃      ᠲᠤᠰᠬᠠᠢ ᠴᠡᠭᠴᠡᠯᠡᠨ ᠵᠠᠰᠠᠬᠤ ᠠᠵᠢᠯ ᠢ ᠶᠡᠭᠡ ᠪᠠᠷ ᠳᠡᠮᠵᠢᠭᠰᠡᠨ ᠳᠤ ᠴᠢᠨᠢ ᠲᠠᠯᠠᠷᠬᠠᠵᠤ ᠪᠠᠶᠢᠨ᠎ᠠ︕      ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠲᠠᠬᠤ ᠰᠢᠶᠠᠨ ᠤ ᠬᠤᠷᠢᠶ᠎ᠠ ᠶᠢᠨ ᠪᠦᠬᠦ ᠲᠠᠯ᠎ᠠ ᠪᠠᠷ ᠬᠠᠤᠯᠢ ᠪᠠᠷ ᠰᠢᠶᠠᠨ ᠢ ᠵᠠᠰᠠᠬᠤ ᠬᠤᠷᠢᠶ᠎ᠠ ᠶᠢᠨ ᠠᠯᠪᠠᠨ ᠭᠡᠷ                         2023 ᠣᠨ ᠤ 3 ᠳ᠋ᠤᠭᠠᠷ ᠰᠠᠷ᠎ᠠ ᠶᠢᠨ 25 ᠤ ᠡᠳᠦᠷ
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1