ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 96 ᠳ᠋ᠤᠭᠠᠷ ᠬᠤᠷᠠᠯ ᠵᠢᠴᠢ ᠰᠢᠶᠠᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠥᠪᠯᠡᠯ ᠤᠨ 2023 ᠣᠨ ᠤ ᠠᠩᠬᠠᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/4/10
      3 ᠳ᠋ᠤᠭᠠᠷ ᠰᠠᠷ᠎ᠠ ᠶᠢᠨ 31 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 96 ᠳ᠋ᠤᠭᠠᠷ ᠬᠤᠷᠠᠯ ᠵᠢᠴᠢ ᠰᠢᠶᠠᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠥᠪᠯᠡᠯ ᠤᠨ 2023 ᠣᠨ ᠤ ᠠᠩᠬᠠᠳᠤᠭᠠᠷ ᠬᠤᠷᠠᠯ ᠬᠤᠷᠠᠯᠳᠤᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠳ᠋ᠦᠩ ᠱᠧᠩ ᠬᠤᠷᠠᠯ   ᠢ ᠡᠷᠭᠢᠯᠡᠪᠡ᠃      ᠬᠤᠷᠠᠯ ᠠᠴᠠ᠂ ᠰᠢ ᠶᠢᠨ ᠫᠢᠩ ᠨᠥᠬᠦᠷ ᠤᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠵᠢᠶᠠᠩᠰᠤ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠤᠯᠴᠠᠬᠤ ᠦᠶ᠎ᠡ ᠶᠢᠨ ᠪᠠ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠩᠬᠠᠳᠤᠭᠠᠷ ᠬᠤᠷᠠᠯ ᠤᠨ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠡᠲᠡᠭᠡᠳ ᠤᠨ ᠭᠡᠰᠢᠭᠦᠳ ᠤᠨ ᠬᠠᠮᠲᠤᠷᠠᠭᠰᠠᠨ ᠳᠤᠭᠤᠶᠢᠯᠠᠩ ᠤᠨ ᠬᠤᠷᠠᠯ ᠳᠤ ᠣᠷᠤᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠰᠦᠨ ᠱᠤᠤ ᠴᠧᠩ ᠨᠥᠬᠦᠷ ᠤᠨ ᠲᠣᠭᠲᠠᠬᠤ ᠰᠢᠶᠠᠨ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠪᠠ︔ ᠰᠦᠨ ᠱᠤᠤ ᠴᠧᠩ ᠨᠥᠬᠦᠷ ᠤᠨ ᠪᠦᠬᠦ ᠣᠷᠣᠨ ᠤ ᠤᠳᠤᠷᠢᠳᠬᠤ ᠺᠠᠳ᠋ᠷᠴᠤᠳ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠳᠤ ᠬᠡᠯᠡᠭᠰᠡᠨ ᠦᠭᠡ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠠᠵᠢᠯ ᠤᠨ ᠠᠷᠭ᠎ᠠ ᠬᠡᠮᠵᠢᠶ᠎ᠡ᠂ ᠬᠥᠬᠡᠬᠤᠲᠠ ᠶᠢᠨ ᠣᠷᠣᠨ ᠤ ᠲᠥᠪ ᠤᠨ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠠᠷᠭ᠎ᠠ ᠬᠡᠮᠵᠢᠶ᠎ᠡ ᠶᠢ  ᠰᠤᠳᠤᠯᠪᠠ︔ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠪᠠ︔ ︽ᠲᠣᠭᠲᠠᠬᠤ ᠰᠢᠶᠠᠨ ᠤ 2023 ᠣᠨ ᠤ ᠨᠠᠰᠤᠨ ᠳᠤ ᠥᠯᠥ ᠭᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢᠨ ᠠᠵᠢᠯ ᠤᠨ ᠭᠤᠣᠯᠳᠠᠯᠭ᠎ᠠ ᠵᠢᠴᠢ ᠡᠭᠦᠷᠭᠡ ᠶᠢᠨ ᠨᠠᠷᠢᠨ ᠲᠠᠩᠰᠠ︾ ᠶᠢ ᠰᠤᠳᠤᠯᠤᠨ ᠶᠠᠷᠢᠯᠴᠠᠪᠠ︔ ᠡᠯ᠎ᠡ ᠪᠠᠯᠭᠠᠰᠤ ︵ᠲᠥᠪ︶ ᠶᠢᠨ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠪᠠᠶᠢᠳᠠᠯ ᠵᠢᠴᠢ ᠳᠠᠷᠠᠭᠠᠴᠢ ᠶᠢᠨ ᠠᠯᠬᠤᠮ ᠤᠨ ᠠᠵᠢᠯ ᠤᠨ ᠰᠡᠳᠬᠢᠴᠡ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ᠂ ᠣᠳᠣᠬᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠪᠠ ᠲᠠᠷᠠᠭᠠᠴᠢ ᠶᠢᠨ ᠠᠯᠬᠤᠮ ᠤᠨ ᠠᠵᠢᠯ ᠤᠨ ᠠᠷᠭ᠎ᠠ ᠬᠡᠮᠵᠢᠶ᠎ᠡ ᠶᠢᠨ ᠬᠠᠷᠢᠭᠤ ᠮᠡᠳᠡᠭᠦᠯᠦᠯᠲᠡ᠂ ᠳ᠋ᠠ ᠲᠠᠩ ᠤᠨ  ᠲᠤᠭᠳᠠᠬᠤ ᠴᠠᠬᠢᠯᠭᠠᠨ ᠦᠢᠯᠡᠳᠪᠦᠷᠢ ᠶᠢᠨ ᠡᠷᠬᠢᠨ ᠲᠣᠭᠤᠷᠢᠨ ᠵᠢᠴᠢ S103 ᠱᠤᠭᠤᠮ ᠤᠨ ᠵᠡᠭᠡᠯᠢ ᠳᠠᠭᠠᠤ ᠶᠢᠨ ᠳᠦᠷᠰᠦ ᠪᠠᠶᠢᠳᠠᠯ ᠢ ᠴᠡᠭᠴᠡᠯᠡᠨ ᠵᠠᠰᠠᠬᠤ ᠪᠠ ᠪᠠᠷᠢᠯᠭ᠎ᠠ ᠶᠢᠨ ᠨᠢᠭᠤᠷ ᠤᠨ ᠥᠭᠡᠷᠡᠴᠢᠯᠡᠯᠲᠡ ᠶᠢᠨ ᠲᠥᠰᠥᠯ ᠤᠨ ᠬᠠᠷᠢᠭᠤ ᠮᠡᠳᠡᠭᠦᠯᠦᠯᠲᠡ᠂ ᠲᠣᠭᠲᠠᠬᠤ ᠠᠵᠤ ᠦᠢᠯᠡᠰ ᠤᠨ ᠬᠦᠷᠢᠶᠡᠯᠡᠩ ᠤᠨ ᠵᠠᠮ ᠤᠨ ᠦᠵᠡᠮᠵᠢ ᠶᠢᠨ ᠢᠨᠵᠧᠨᠧᠷᠢᠩ ᠤᠨ ᠵᠢᠷᠤᠭ ᠲᠥᠯᠥᠪᠯᠡᠭᠡ ᠶᠢᠨ ᠲᠥᠰᠥᠯ ᠤᠨ ᠬᠠᠷᠢᠭᠤ ᠮᠡᠳᠡᠭᠦᠯᠦᠯᠲᠡ ᠢ ᠰᠤᠨᠤᠰᠪᠠ᠃      ᠬᠤᠷᠠᠯ ᠠᠴᠠ᠂ ︽ᠬᠤᠶᠠᠷ ᠢ ᠲᠤᠭᠳᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠨᠡᠩ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠦᠷᠢᠶᠡᠯᠡᠬᠦ︾ ᠶᠢ ᠪᠡᠶᠡᠯᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠠᠵᠢᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠪᠣᠯᠣᠨ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠡᠭᠦᠷᠭᠡ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠦᠨᠳᠦᠰᠦᠨ ᠱᠠᠲᠤᠨ ᠤ ᠵᠠᠰᠠᠯᠲᠠ ᠳᠤ ︽ᠡᠭᠡᠭᠡ ᠠᠳᠠᠯᠢ ᠪᠠᠷ ᠱᠠᠭᠠᠷᠳᠠᠬᠤ︾ ᠰᠡᠳᠬᠢᠬᠦᠢ ᠶᠢ ᠲᠠᠶᠠᠭᠳᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ᠂ ᠤᠨᠢᠨ ᠳᠡᠭᠡᠷ᠎ᠡ ᠨᠢ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠬᠡᠷᠡᠭᠲᠡᠢ᠃ ᠰᠢᠶᠠᠨ ᠭᠠᠵᠠᠷ ᠤᠨ ᠱᠠᠲᠤᠨ ᠤ ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ ᠶᠢ ᠳᠠᠭᠠᠭᠠᠴᠢᠯᠠᠬᠤ ᠪᠠᠶᠢᠩᠭᠤ ᠶᠢᠨ ᠤᠷᠳᠤ ᠬᠤᠭᠤᠴᠠᠭᠠᠨ ᠤ ᠪᠦᠲᠦᠮᠵᠢᠲᠡᠢ ᠠᠵᠢᠯ ᠤᠨ ᠲᠣᠭᠲᠠᠴᠠ ᠶᠢ ᠰᠠᠶᠢᠲᠤᠷ ᠨᠠᠶᠢᠳᠠᠪᠤᠷᠢᠵᠢᠭᠤᠯᠵᠤ᠂ ᠳᠠᠭᠠᠭᠠᠴᠢᠯᠠᠨ ᠬᠤᠯᠪᠣᠭᠠᠯᠠᠭᠰᠠᠨ ᠭᠠᠵᠠᠷ ᠣᠷᠣᠨ ᠤ ᠬᠦᠴᠢᠷᠳᠡᠯ ᠢ ᠦᠨᠡᠨ ᠰᠡᠳᠬᠢᠯ ᠠᠴᠠ ᠪᠠᠨ ᠰᠢᠢᠳᠪᠦᠷᠢᠯᠡᠵᠦ ᠥᠭᠬᠦ ᠬᠡᠷᠡᠭᠲᠡᠢ᠃ ᠬᠠᠲᠤᠨ ᠭᠤᠣᠯ ᠤᠨ ᠤᠰᠤᠨ ᠤ ᠡᠬᠢ ᠪᠠᠶᠠᠯᠢᠭ ᠢ ᠰᠠᠶᠢᠲᠤᠷ ᠬᠠᠮᠠᠭᠠᠯᠠᠬᠤ ᠪᠠᠷ ᠵᠣᠷᠢᠯᠲᠠ ᠪᠣᠯᠭᠠᠵᠤ᠂ ᠬᠠᠲᠤᠨ ᠭᠤᠣᠯ ᠤᠨ ᠤᠰᠤ ᠶᠢ ᠳᠤᠰᠤᠯᠭᠠᠨ ᠤᠰᠤᠯᠠᠬᠤ ᠮᠡᠷᠭᠡᠵᠢᠯ ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠡᠷᠡᠭᠯᠡᠬᠦ ᠶᠢ ᠢᠳᠡᠪᠬᠢᠲᠡᠢ ᠪᠠᠷ ᠳᠡᠯᠭᠡᠷᠡᠭᠦᠯᠦᠨ ᠬᠡᠷᠡᠭᠵᠢᠭᠦᠯᠬᠦ ᠬᠡᠷᠡᠭᠲᠡᠢ᠃ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠦᠷᠭᠦᠯᠵᠢᠯᠡᠨ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠥᠭᠡᠳ ᠪᠦᠲᠦᠮᠵᠢᠲᠡᠶ᠂ ᠪᠣᠳᠠᠲᠠᠢ ᠶᠢ ᠡᠷᠬᠢᠮᠯᠡᠨ ᠲᠤᠰᠠᠲᠠᠢ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠳᠡᠭᠡᠭᠰᠢᠯᠡᠭᠦᠯᠬᠦ ᠠᠭᠤᠯᠤᠭᠳᠠᠬᠤᠨ ᠢ ᠲᠠᠰᠤᠷᠠᠯᠲᠠ ᠦᠭᠡᠢ ᠪᠠᠶᠠᠯᠢᠭᠵᠢᠭᠤᠯᠬᠤ ᠬᠡᠷᠡᠭᠲᠡᠢ᠃ ᠠᠵᠢᠯ ᠤᠨ ᠳᠤᠮᠳᠠ ᠣᠷᠣᠰᠢᠵᠤ ᠪᠠᠶᠢᠭ᠎ᠠ ᠬᠡᠯᠪᠡᠷᠢ ᠶᠢᠨ ᠦᠵᠡᠯ᠂ ᠠᠵᠢᠯ ᠥᠯᠥ ᠬᠢᠬᠦ ᠵᠡᠷᠭᠡ ᠲᠣᠪᠣᠶᠢᠮ᠎ᠠ ᠠᠰᠠᠭᠤᠳᠠᠯ ᠢ ᠦᠨᠡᠨ ᠬᠦ ᠬᠦᠴᠦᠯᠡᠨ ᠴᠡᠭᠴᠡᠯᠡᠨ ᠵᠠᠰᠠᠵᠤ᠂ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠡᠯ᠎ᠡ ᠵᠦᠢᠯ ᠤᠨ ᠠᠵᠢᠯ ᠢ ᠥᠨᠳᠥᠷ ᠪᠦᠲᠦᠮᠵᠢᠲᠡᠶ ᠪᠠᠷ ᠲᠦᠯᠬᠢᠨ ᠠᠬᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ᠂ ᠮᠠᠨ ᠤ ᠰᠢᠶᠠᠨ ᠤ ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠶᠢᠨ ᠠᠵᠢᠯ ᠢ ᠲᠠᠰᠤᠷᠠᠯᠲᠠ ᠦᠭᠡᠢ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ ᠬᠡᠷᠡᠭᠲᠡᠢ᠃ ᠦᠢᠯᠡᠴᠢᠯᠡᠭᠡᠨ ᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠨᠠᠷᠢᠨ ᠬᠢᠨᠠᠮᠠᠭᠠᠢ ᠰᠢᠢᠳᠪᠦᠷᠢᠯᠡᠵᠦ᠂ ᠡᠶ᠎ᠡ ᠵᠣᠬᠢᠴᠠᠯ ᠲᠠᠢ ᠪᠠᠶᠢᠬᠤ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠬᠥᠮᠦᠵᠢᠯ ᠤᠬᠠᠭᠤᠯᠭ᠎ᠠ ᠶᠢ ᠲᠠᠰᠤᠷᠠᠯᠲᠠ ᠦᠭᠡᠢ ᠴᠢᠩᠭᠠᠳᠬᠠᠵᠤ᠂ ᠵᠠᠬᠢᠳᠠᠯ ᠰᠣᠷᠪᠤᠯᠵᠢᠯᠠᠭ᠎ᠠ ᠶᠢᠨ ᠠᠷᠭ᠎ᠠ ᠵᠠᠮ ᠢ ᠴᠢᠷᠮᠠᠶᠢᠨ ᠥᠷᠭᠡᠳᠬᠡᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠣᠭᠲᠠᠴᠠ ᠶᠢ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠲᠤᠤᠷᠴᠢᠯᠠᠭᠰᠠᠨ ᠬᠢᠨᠠᠨ ᠬᠠᠮᠢᠶᠠᠷᠤᠯᠲᠠ ᠶᠢ ᠴᠢᠩᠭᠠᠳᠬᠠᠵᠤ᠂ ᠭᠡᠨᠡᠳᠲᠡ ᠶᠢᠨ ᠬᠡᠷᠡᠭ ᠪᠣᠯᠣᠨ ᠠᠶᠤᠯᠭᠦᠢ ᠦᠢᠯᠡᠳᠪᠦᠷᠢᠯᠡᠯ ᠤᠨ ᠠᠳᠡᠯ ᠢ ᠴᠢᠩᠭ᠎ᠠ ᠰᠡᠷᠭᠡᠶᠢᠯᠡᠵᠦ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1