ᠲᠣᠭᠲᠠᠬᠤ ᠰᠢᠶᠠᠨ ᠤ 2023 ᠣᠨ ᠤ ᠠᠶᠤᠯᠭᠦᠢ ᠦᠢᠯᠡᠳᠪᠦᠷᠢᠯᠡᠯ ᠵᠢᠴᠢ ᠤᠢ ᠰᠢᠭᠤᠢ ᠨᠤᠲᠤᠭ ᠪᠡᠯᠴᠢᠭᠡᠷ ᠤᠨ ᠰᠡᠷᠭᠡᠶᠢᠯᠡᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/4/10
      4 ᠳ᠋ᠤᠭᠡᠷ ᠰᠠᠷ᠎ᠠ ᠶᠢᠨ 3 ᠤ ᠡᠳᠦᠷ᠂ ᠲᠣᠭᠲᠠᠬᠤ ᠰᠢᠶᠠᠨ ᠤ 2023 ᠣᠨ ᠤ ᠠᠶᠤᠯ ᠦᠭᠡᠢ ᠦᠢᠯᠡᠳᠪᠦᠷᠢᠯᠡᠯ ᠵᠢᠴᠢ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠬᠤᠷᠠᠯ ᠬᠤᠷᠠᠯᠳᠤᠭᠤᠯᠵᠤ᠂ ᠣᠶ ᠰᠢᠭᠤᠢ ᠶᠢᠨ ᠳᠠᠷᠤᠭ᠎ᠠ ᠶᠢᠨ ᠳᠦᠷᠢᠮ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ᠂ ᠠᠶᠦᠯᠭᠦᠢ ᠦᠢᠯᠡᠳᠪᠦᠷᠢᠯᠡᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠵᠠᠷᠯᠠᠨ ᠮᠡᠳᠡᠭᠳᠡᠵᠦ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠸ ᠵᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃       ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ  ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠡᠳ᠋ ᠶᠡᠷᠦᠩᠬᠡᠢ ᠰᠠᠶᠢᠳ ᠵᠠᠩ ᠭᠦᠸᠧ ᠴᠢᠩ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠪᠠᠶᠢᠴᠠᠭᠠᠯᠲᠠ ᠬᠢᠬᠦ ᠳᠡᠭᠡᠨ ᠳᠤᠷᠠᠳᠤᠭᠰᠠᠨ ᠠᠵᠢᠯ ᠤᠨ ᠱᠠᠭᠠᠷᠳᠠᠯᠭ᠎ᠠ ᠶᠣᠰᠣᠭᠠᠷ᠂ ᠲᠤᠭ ᠲᠡᠮᠳᠡᠭ ᠲᠣᠳᠣᠷᠬᠠᠢ ᠪᠠᠷ ᠤᠯᠤᠰ ᠲᠥᠷᠥ ᠶᠢ ᠡᠷᠬᠢᠮᠯᠡᠬᠦ ᠪᠠ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠬᠤ ᠳᠡᠭᠡᠳᠦ ᠬᠡᠮᠵᠢᠶᠡᠨ ᠠᠴᠠ ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠦᠨᠡᠨ ᠢ ᠪᠠᠷᠢᠮᠲᠠᠯᠠᠬᠤ ᠦᠭᠡᠢ᠂ ᠬᠠᠲᠠᠭᠤ ᠪᠡᠷᠬᠡ ᠲᠠᠢ ᠬᠠᠯᠳᠠᠬᠤ ᠦᠭᠡᠢ ᠪᠠ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠪᠥᠬᠦ ᠲᠠᠯ᠎ᠠ ᠪᠠᠷ ᠲᠤᠶᠢᠯᠪᠤᠷᠢᠲᠠᠢ ᠪᠢᠰᠢ᠂ ᠬᠡᠮ ᠰᠣᠭᠤᠭ ᠢ ᠴᠡᠭᠴᠡᠯᠡᠨ ᠵᠠᠰᠠᠵᠤ ᠬᠡᠯᠪᠡᠷᠢ ᠶᠢᠨ ᠲᠡᠳᠦᠢ ᠥᠩᠭᠡᠷᠡᠭᠦᠯᠬᠦ ᠵᠡᠷᠭᠡ ᠲᠣᠪᠣᠶᠢᠮ᠎ᠠ ᠠᠰᠠᠭᠤᠳᠠᠯ ᠢ ᠡᠷᠡᠰ ᠬᠤᠷᠢᠭᠯᠠᠬᠤ ᠬᠡᠷᠡᠭᠲᠡᠢ᠃ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠪᠦᠬᠦᠨ ᠳᠤ ᠨᠢᠭᠡ ᠤᠳᠠᠭ᠎ᠠ ᠶᠢᠨ ᠪᠦᠬᠦ ᠲᠠᠯ᠎ᠠ ᠶᠢᠨ ᠪᠠᠶᠢᠴᠠᠭᠠᠯᠲᠠ ᠥᠷᠨᠢᠭᠦᠯᠵᠦ ᠂ ᠠᠶᠤᠯᠭᠦᠢ ᠦᠢᠯᠡᠳᠪᠦᠷᠢᠯᠡᠯ ᠤᠨ ︽ᠲᠤᠰᠬᠠᠢ ᠲᠤᠰᠢᠶᠠᠯᠲᠠᠨ ᠤ ᠳᠦᠷᠢᠮ︾ ᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠲᠠᠢ ᠬᠢᠮᠢ ᠶᠢᠨ ᠪᠣᠳᠠᠰ ᠤᠨ ᠠᠵᠤ ᠠᠬᠤᠶᠢᠯᠠᠯ ᠤᠨ ᠬᠤᠣᠷᠳᠠᠭᠳᠠᠬᠤ᠂ ᠯᠡᠪᠡᠷᠡᠬᠦ᠂ ᠳᠡᠯᠪᠡᠷᠡᠬᠦ ᠵᠡᠷᠭᠡ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠣᠶ ᠰᠢᠭᠤᠢ ᠨᠤᠲᠤᠭ ᠪᠡᠯᠴᠢᠭᠡᠷ ᠤᠨ ᠰᠡᠷᠭᠡᠶᠢᠯᠡᠨ ᠭᠠᠯ ᠤᠨᠲᠠᠷᠠᠭᠠᠬᠤ ᠠᠵᠢᠯ ᠢ ᠰᠠᠶᠢᠲᠤᠷ ᠬᠢᠵᠦ᠂ ᠣᠶ ᠰᠢᠭᠤᠢ ᠶᠢᠨ ᠳᠠᠷᠤᠭ᠎ᠠ ᠶᠢᠨ ᠳᠦᠷᠢᠮ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠵᠤ᠂  ᠠᠶᠦᠯᠭᠦᠢ ᠦᠢᠯᠡᠳᠪᠦᠷᠢᠯᠡᠯ ᠤᠨ ᠠᠵᠢᠯ ᠢ ᠨᠠᠷᠢᠨ ᠪᠥᠭᠡᠳ ᠪᠣᠳᠠᠲᠠᠢ ᠪᠠᠷ ᠠᠳᠬᠤᠬᠤ ᠬᠡᠷᠡᠭᠲᠡᠢ᠃ ᠡᠯ᠎ᠡ ᠱᠠᠲᠤ ᠳᠠᠪᠬᠤᠷᠭ᠎ᠠ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠨᠡᠶᠢᠭᠡᠮ ᠤᠨ ᠠᠮᠤᠷ ᠲᠦᠪᠰᠢᠨ ᠲᠣᠭᠲᠠᠭᠤᠨ ᠤ ᠶᠡᠭᠡ ᠲᠠᠯ᠎ᠠ ᠶᠢ ᠬᠠᠮᠲᠤᠪᠠᠷ ᠬᠠᠮᠠᠭᠠᠯᠠᠬᠤ ᠠᠵᠢᠯ ᠤᠨ ᠬᠠᠮᠲᠤᠷᠠᠯ ᠤᠨ ᠬᠦᠴᠦᠨ ᠢ ᠨᠢᠭᠲᠠᠷᠠᠭᠤᠯᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠠᠵᠢᠯ ᠢ ᠨᠡᠩ ᠲᠣᠪᠣᠶᠢᠮ᠎ᠠ᠂ ᠨᠡᠩ ᠴᠢᠬᠤᠯᠠ ᠪᠠᠶᠢᠷᠢᠨ ᠳᠤ ᠲᠠᠯᠪᠢᠵᠤ᠂ ᠭᠦᠨᠵᠡᠭᠡᠢ ᠰᠤᠷᠭᠠᠮᠵᠢ ᠠᠪᠴᠤ᠂ ᠬᠤᠷᠢᠭ᠎ᠠ ᠱᠤᠭᠤᠮ ᠤᠨ ᠤᠯᠠᠭᠠᠨ ᠱᠤᠭᠤᠮ ᠢ ᠡᠷᠡᠰ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1