ᠪᠦᠬᠦ ᠬᠤᠳᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/4/10
      3 ᠳ᠋ᠤᠭᠠᠷ ᠰᠠᠷ᠎ᠠ ᠶᠢᠨ 31 ᠤ ᠡᠳᠦᠷ᠂ ᠪᠥᠬᠦ ᠬᠤᠲᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠵᠤ᠂ ᠨᠢᠳᠤᠨᠤᠨ ᠤ ᠠᠵᠢᠯ ᠢᠶᠠᠨ ᠳ᠋ᠦᠩᠨᠡᠵᠦ᠂ ᠡᠨᠡ ᠵᠢᠯ ᠤᠨ ᠭᠤᠣᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠪᠠ᠃      ᠬᠤᠷᠠᠯ ᠳᠡᠭᠡᠷ᠎ᠡ᠂ ᠡᠪᠯᠡᠯ ᠤᠨ ᠬᠤᠳᠠ ᠶᠢᠨ ᠨᠠᠮ ᠤᠨ ᠬᠤᠷᠢᠶ᠎ᠠ᠂ ᠰᠠᠶᠢᠬᠠᠨ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ᠂ ᠰᠠᠨ ᠱᠦᠨ ᠳ᠋ᠢᠶᠠᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ᠂ ᠱᠢ ᠴᠢ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠶᠢᠨ ᠬᠠᠷᠢᠭᠤᠴᠠᠯᠭᠠᠲᠠᠨ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠵᠠᠢ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠡᠯ᠎ᠡ ᠨᠢᠭᠡᠴᠡ ᠶᠢᠨ ᠬᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠴᠢᠬᠤᠯᠠᠴᠢᠯᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠠᠶᠢᠭᠤᠯᠤᠯᠲᠠ ᠶᠢ ᠬᠦᠴᠦᠯᠡᠨ ᠥᠷᠭᠡᠳᠬᠡᠵᠦ ᠪᠣᠯᠪᠠᠰᠤᠨ ᠤ ᠦᠢᠯᠡᠳᠦᠯᠭᠡ ᠶᠢᠨ ᠵᠢᠭᠰᠠᠭᠠᠯ ᠤᠨ ᠭᠠᠵᠠᠷ᠂ ᠡᠩᠨᠡᠭᠡ᠂ ᠠᠵᠢᠯᠯᠠᠭ᠎ᠠ᠂ ᠲᠥᠷᠥᠯ ᠵᠦᠢᠯ᠂ ᠲᠣᠭᠲᠠᠴᠠ ᠶᠢᠨ ᠪᠠᠶᠢᠭᠤᠯᠤᠯᠲᠠ  ᠶᠢ ᠭᠦᠨᠵᠡᠭᠡᠶᠢᠷᠡᠭᠦᠯᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ︵ᠭᠠᠵᠠᠷ᠂ ᠥᠷᠲᠡᠭᠡ︶ ᠤᠨ ᠪᠠᠷᠢᠮᠵᠢᠶᠠᠵᠢᠭᠤᠯᠤᠯᠲᠠ ᠶᠢᠨ ᠪᠦᠲᠦᠭᠡᠨ ᠪᠠᠶᠢᠭᠤᠯᠤᠯᠲᠠ  ᠶᠢ ᠦᠷᠭᠦᠯᠵᠢᠯᠡᠨ ᠠᠬᠢᠭᠤᠯᠵᠤ᠂ ᠬᠤᠲᠠ᠂ ᠰᠢᠶᠠᠨ ᠬᠤᠶᠠᠷ ᠱᠠᠲᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠭᠤᠷᠢᠨ ᠪᠠ ᠦᠢᠯᠡᠴᠢᠯᠡᠭᠡᠨ ᠤ ᠴᠡᠭ ᠤᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠡᠯ᠎ᠡ ᠬᠤᠰᠢᠭᠤ ᠰᠢᠶᠠᠨ ᠲᠣᠭᠤᠷᠢᠭ ᠤᠨ ᠪᠣᠯᠪᠠᠰᠤᠨ ᠤ ᠦᠢᠯᠡᠳᠦᠯᠭᠡ ᠶᠢᠨ ᠲᠥᠪ᠂ ᠬᠠᠮ ᠵᠠᠭᠤᠴᠢᠯᠠᠭᠤᠷ ᠤᠨ ᠲᠥᠪ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ︽ᠳᠥᠷᠪᠡᠨ ᠲᠥᠪ︾ ᠢ ᠠᠭᠤᠰᠤᠯᠴᠠᠭᠤᠯᠤᠨ ᠰᠢᠨ᠎ᠡ ᠶᠢ ᠡᠭᠦᠳᠦᠨ ᠬᠥᠭᠵᠢᠭᠦᠯᠬᠦ ᠶᠢ ᠠᠬᠢᠭᠤᠯᠵᠤ᠂ ᠪᠣᠯᠪᠠᠰᠤᠨ ᠨᠢᠭᠡᠴᠡ᠂ ᠪᠣᠯᠪᠠᠰᠤᠨ ᠰᠤᠷᠭᠠᠭᠤᠯᠢ ᠶᠢᠨ ᠬᠦᠷᠢᠶ᠎ᠡ᠂ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ᠂ ᠶᠡᠭᠡ ᠳᠡᠭᠡᠳᠦ ᠰᠤᠷᠭᠠᠭᠤᠯᠢ ᠪᠣᠯᠣᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠬᠢᠭᠡᠳ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠬᠤᠣᠰᠯᠠᠯ ᠪᠠᠶᠢᠭᠤᠯᠵᠤ ᠬᠠᠮᠲᠤᠪᠠᠷ ᠪᠠᠶᠢᠭᠤᠯᠬᠤ ᠶᠢ ᠠᠬᠢᠭᠤᠯᠵᠤ᠂ ᠪᠠᠶᠢᠭᠤᠯᠤᠯᠭ᠎ᠠ ᠳᠤ ᠣᠷᠣᠬᠤ᠂ ᠰᠤᠷᠭᠠᠭᠤᠯᠢ ᠶᠢᠨ ᠬᠦᠷᠢᠶᠡᠨ ᠳᠤ ᠣᠷᠣᠬᠤ᠂ ᠠᠵᠤ ᠠᠬᠤᠶᠢᠯᠠᠯ ᠳᠤ ᠣᠷᠣᠬᠤ᠂ ᠬᠥᠳᠡᠭᠡ ᠲᠣᠰᠬᠤᠨ ᠳᠤ ᠣᠷᠣᠬᠤ᠂ ᠨᠡᠶᠢᠭᠡᠮ ᠲᠣᠭᠤᠷᠢᠭ ᠲᠤ ᠣᠷᠣᠬᠤ᠂ ᠨᠡᠶᠢᠲᠡ ᠶᠢᠨ ᠠᠰᠠᠷᠠᠮᠵᠢ ᠶᠢᠨ ᠵᠣᠬᠢᠶᠠᠨ ᠪᠠᠶᠢᠭᠤᠯᠤᠯᠲᠠ ᠳᠤ ᠣᠷᠣᠬᠤ ︽ᠵᠢᠷᠭᠤᠭ᠎ᠠ ᠶᠢ ᠣᠷᠣᠭᠤᠯᠬᠤ︾ ᠠᠵᠢᠯᠯᠠᠭ᠎ᠠ ᠶᠢ ᠥᠷᠨᠢᠭᠦᠯᠦᠨ᠎ᠡ᠃ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠦᠷᠦᠯ ᠵᠦᠢᠯ ᠤᠨ ︽ᠨᠠᠢᠮᠠ ᠶᠢ ᠲᠣᠰᠬᠤᠨ ᠶᠢᠰᠦ ᠶᠢ ᠡᠷᠦᠬᠡ ᠳᠤ ᠬᠦᠷᠭᠡᠬᠦ︾ ᠶᠢ ᠭᠤᠣᠯᠳᠠᠯᠭ᠎ᠠ ᠲᠠᠢ ᠪᠠᠶᠢᠭᠤᠯᠵᠤ᠂ ᠬᠤᠰᠢᠭᠤ ᠰᠢᠶᠠᠨ ᠲᠣᠭᠤᠷᠢᠭ ᠤᠨ ᠲᠡᠰ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠶᠡᠷᠦᠩᠬᠡᠢ ᠠᠩᠭᠢ ᠶᠢ ᠪᠣᠳᠠᠲᠠᠢ ᠪᠠᠷ ᠪᠠᠶᠢᠭᠤᠯᠤᠨ ᠬᠦᠴᠦᠷᠬᠡᠭᠵᠢᠭᠦᠯᠵᠦ᠂ ᠨᠤᠲᠤᠭ ᠤᠨ ᠰᠣᠶᠣᠯ ᠤᠨ ᠴᠢᠳᠠᠪᠤᠷᠢᠲᠠᠨ᠂ ︽ᠲᠠᠪᠤᠨ ᠨᠠᠰᠤᠲᠠᠨ︾᠂ ᠦᠢᠯᠡᠰ ᠪᠣᠰᠬᠠᠵᠤ ᠨᠤᠲᠤᠭ ᠲᠠᠭᠠᠨ ᠪᠤᠴᠠᠭᠰᠠᠳ᠂ ᠤᠯᠠᠨ ᠲᠦᠮᠡᠨᠴᠢ ᠴᠢᠨᠠᠷᠲᠠᠢ ᠠᠵᠢᠯᠯᠠᠭ᠎ᠠ ᠶᠢᠨ ᠳᠠᠭᠠᠭᠤᠯᠤᠭᠴᠢ ᠶᠢᠨ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠦᠨᠳᠦᠰᠦᠨ ᠱᠠᠲᠤᠨ ᠤ ᠤᠯᠠᠨ ᠲᠦᠮᠡᠨ ᠤ ᠳᠡᠷᠭᠡᠳᠡ ᠦᠯᠦ ᠶᠠᠪᠤᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢ ᠲᠠᠰᠤᠷᠠᠯᠲᠠ ᠦᠭᠡᠢ ᠪᠠᠬᠢᠵᠢᠭᠦᠯᠦᠨ ᠪᠤᠵᠠᠭᠠᠶᠢᠷᠠᠭᠤᠯᠬᠤ ᠬᠡᠷᠡᠭᠲᠡᠢ᠃ ᠨᠡᠶᠢᠭᠡᠮ ᠲᠣᠭᠤᠷᠢᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠳᠤ ᠥᠷᠭᠡᠨ ᠢᠶᠠᠷ ᠣᠷᠤᠯᠴᠠᠬᠤ ᠶᠢ ᠠᠬᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠵᠣᠬᠢᠶᠠᠨ ᠪᠠᠶᠢᠭᠤᠯᠤᠨ ᠳᠠᠶᠢᠴᠢᠯᠠᠬᠤ᠂ ᠲᠤᠰᠬᠠᠢ ᠠᠪᠤᠷᠠᠨ ᠵᠠᠰᠠᠬᠤ᠂ ᠲᠤᠰᠠᠯᠠᠨ ᠳᠡᠮᠵᠢᠬᠦ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ ᠭᠡᠵᠡᠢ᠃       ᠬᠤᠷᠠᠯ ᠠᠴᠠ ᠴᠢᠬᠤᠯᠠᠴᠢᠯᠠᠭᠰᠠᠨ ᠨᠢ᠂ ᠪᠣᠯᠪᠠᠰᠤᠨ ᠦᠢᠯᠡᠳᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠪᠠᠶᠠᠯᠢᠭᠵᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠡᠨᠡ ᠬᠦ ᠭᠤᠣᠯ ᠰᠢᠵᠢᠮ ᠢ ᠪᠠᠲᠤ ᠡᠵᠡᠮᠰᠢᠵᠦ᠂ ︽ᠨᠠᠮ ᠤᠨ ᠳᠠᠭᠤᠨ ᠲᠦᠮᠡᠨ ᠡᠷᠦᠬᠡ ᠳᠤ ᠳᠠᠭᠤᠷᠢᠰᠬᠤ︾ ᠪᠠᠷ ᠭᠤᠣᠯ ᠰᠡᠳᠦᠪ ᠪᠣᠯᠭᠠᠵᠤ᠂ ︽ᠠᠷᠠᠳ ᠢᠷᠭᠡᠳ ᠤᠨ ᠨᠡᠷᠡᠲᠦ ᠬᠥᠮᠥᠰ︾᠂ ᠣᠨᠣᠯ ᠤᠨ ᠭᠤᠣᠯᠯᠠᠭᠴᠢ᠂ ᠲᠡᠷᠢᠭᠦᠨ ᠤ ᠨᠡᠶᠢᠲᠡᠯᠢᠭ ᠵᠢᠱᠢᠶ᠎ᠡ ᠶᠢ ᠵᠣᠬᠢᠶᠠᠨ ᠪᠠᠶᠢᠭᠤᠯᠤᠨ ᠣᠨᠣᠯ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠪᠠᠶᠢᠩᠭᠤ ᠥᠷᠨᠢᠭᠦᠯᠵᠦ᠂ ᠨᠠᠮ ᠤᠨ ᠰᠢᠨ᠎ᠡ ᠶᠢ ᠡᠭᠦᠳᠬᠦ ᠤᠨᠤᠯ ᠤᠨ ᠳᠠᠮᠵᠢᠭᠤᠯᠭ᠎ᠠ᠂ ᠭᠤᠣᠯ ᠤᠷᠤᠰᠬᠠᠯ ᠤᠨ ᠦᠷᠳᠡᠭ ᠤᠨ ᠦᠢᠯᠡᠳᠦᠯᠭᠡ᠂ ᠰᠢᠯᠢᠳᠡᠭ ᠰᠣᠶᠣᠯ ᠤᠨ ᠬᠠᠩᠭᠠᠯᠭ᠎ᠠ᠂ ᠪᠣᠯᠪᠠᠰᠤᠨ ᠬᠡᠪ ᠰᠤᠷᠲᠠᠯ ᠢ ᠪᠤᠢ ᠪᠣᠯᠭᠠᠬᠤ᠂ ᠦᠢᠯᠡᠴᠢᠯᠡᠭᠡ ᠪᠠᠷ ᠠᠷᠠᠳ ᠲᠤ ᠠᠰᠢᠭ ᠬᠦᠷᠲᠡᠭᠡᠵᠦ ᠰᠡᠳᠬᠢᠯ ᠢ ᠳᠤᠯᠠᠭᠠᠴᠠᠭᠤᠯᠬᠤ᠂ ᠵᠢᠭᠰᠠᠭᠠᠯ ᠤᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ᠂ ᠲᠦᠷᠦᠯ ᠲᠡᠮᠳᠡᠭ ᠤᠨ ᠦᠷ᠎ᠡ ᠠᠰᠢᠭ ᠢ ᠳᠡᠭᠡᠭᠰᠢᠯᠡᠭᠦᠯᠬᠦ ︽ᠳᠤᠯᠤᠭᠠᠨ ᠶᠡᠭᠡ ᠠᠵᠢᠯᠯᠠᠭ᠎ᠠ︾ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠡᠭᠦᠯᠡᠨ ᠲᠠᠪᠴᠠᠩ ᠢ ᠤᠬᠠᠭᠤᠯᠤᠨ ᠳᠡᠯᠭᠡᠷᠡᠭᠦᠯᠬᠦ ᠡᠷᠴᠢᠮ ᠢ ᠴᠢᠩᠭᠠᠷᠠᠭᠤᠯᠵᠤ᠂ ︽ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ︾ ᠲᠣᠭᠲᠠᠴᠠ ᠶᠢ ᠲᠡᠭᠦᠯᠳᠡᠷᠵᠢᠭᠦᠯᠵᠦ᠂ ᠨᠡᠶᠢᠭᠡᠮ ᠲᠣᠭᠤᠷᠢᠭ ᠤᠨ ᠲᠣᠣᠷᠵᠢᠯ ᠤᠨ ᠡᠬᠢ ᠪᠠᠶᠠᠯᠢᠭ ᠲᠤ ᠲᠦᠰᠢᠭᠯᠡᠨ᠂ ᠬᠥᠮᠥᠨ ᠠᠮᠠ ᠶᠢᠨ ᠬᠡᠪᠴᠢᠶ᠎ᠡ ᠪᠠ ᠣᠷᠣᠨ ᠰᠠᠭᠤᠴᠠ ᠶᠢᠨ ᠪᠠᠶᠢᠳᠠᠯ ᠢ ᠦᠨᠳᠦᠰᠦᠯᠡᠨ᠂ ᠪᠣᠯᠪᠠᠰᠤᠨ ᠤ ᠦᠢᠯᠡᠳᠦᠯᠭᠡ ᠶᠢᠨ ᠲᠣᠣᠷᠵᠢᠯ ᠤᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠤᠨ᠎ᠠ᠃ ᠡᠯ᠎ᠡ ᠬᠤᠰᠢᠭᠤ ᠰᠢᠶᠠᠨ ᠲᠣᠭᠤᠷᠢᠭ ᠪᠣᠯᠣᠨ ᠡᠯ᠎ᠡ ᠨᠢᠭᠡᠴᠡ ᠨᠦᠭᠦᠳ ᠣᠨᠣᠯ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ᠂ ᠰᠣᠶᠣᠯ ᠤᠳᠬ᠎ᠠ ᠤᠷᠠᠯᠢᠭ ᠤᠨ ᠦᠢᠯᠡᠴᠢᠯᠡᠭᠡ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠡᠭᠡ ᠲᠠᠯ᠎ᠠ ᠳᠤ ᠦᠢᠯᠡᠴᠢᠯᠡᠵᠦ᠂ ᠵᠠᠩ ᠳᠠᠳᠬᠠᠯ ᠢ ᠥᠭᠡᠷᠡᠴᠢᠯᠡᠬᠦ ᠶᠢ ᠭᠦᠨᠵᠡᠭᠡᠶᠢᠷᠡᠭᠦᠯᠵᠦ᠂ ᠬᠤᠷᠢᠮ ᠤᠨ ᠵᠠᠩᠰᠢᠯ ᠪᠣᠯᠣᠨ ᠣᠷᠣᠰᠢᠭᠤᠯᠭ᠎ᠠ ᠶᠢᠨ ᠬᠦᠷᠢᠶᠡᠨ ᠤ ᠲᠣᠪᠣᠶᠢᠮ᠎ᠠ ᠠᠰᠠᠭᠤᠳᠠᠯ ᠢ ᠲᠥᠪᠯᠡᠷᠡᠭᠦᠯᠦᠨ ᠵᠠᠰᠠᠬᠤ ᠶᠢ ᠭᠤᠣᠯᠳᠠᠯᠭ᠎ᠠ ᠲᠠᠢ ᠠᠬᠢᠭᠤᠯᠬᠤ ᠬᠡᠷᠡᠭᠲᠡᠢ᠃ ︽ᠮᠢᠨᠤ ᠬᠠᠮᠤᠭ ᠠᠴᠠ ᠳᠤᠷᠠᠲᠠᠢ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ︾ ᠶᠢ ᠡᠯᠰᠡᠨ ᠴᠤᠭᠯᠠᠭᠤᠯᠬᠤ ᠠᠵᠢᠯᠯᠠᠭ᠎ᠠ ᠶᠢ ᠥᠷᠨᠢᠭᠦᠯᠵᠦ᠂ ᠤᠯᠠᠨ ᠲᠦᠮᠡᠨ ᠤ ᠪᠣᠯᠪᠠᠰᠤᠨ ᠤ ᠦᠢᠯᠡᠳᠦᠯᠭᠡ ᠶᠢᠨ ᠠᠵᠢᠯ ᠢ ᠣᠶᠢᠯᠠᠭᠠᠬᠤ ᠨᠤᠷᠮ᠎ᠠ᠂ ᠬᠠᠨᠤᠮᠵᠢᠲᠠᠢ ᠪᠠᠶᠢᠬᠤ ᠨᠤᠷᠮ᠎ᠠ ᠶᠢ ᠳᠡᠭᠡᠭᠰᠢᠯᠡᠭᠦᠯᠦᠨ᠎ᠡ᠃ ︽ᠪᠢ ᠴᠢᠮᠠᠶᠢ ᠬᠠᠪᠰᠤᠷᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠢᠭᠡ ᠪᠦᠯᠦᠭ ᠭᠤᠣᠯ ᠰᠡᠳᠦᠪ ᠢᠶᠠᠷ ᠲᠣᠪᠣᠶᠢᠮ᠎ᠠ᠂ ᠣᠨᠴᠠᠯᠢᠭ ᠢᠶᠠᠷ ᠢᠯᠡ ᠲᠣᠳᠣ᠂ ᠦᠷ᠎ᠡ ᠪᠦᠲᠦᠮᠵᠢ ᠪᠠᠷ ᠢᠯᠡᠷᠬᠡᠢ ᠲᠥᠷᠥᠯ ᠵᠦᠢᠯ ᠢ ᠲᠡᠳᠬᠦᠨ ᠪᠣᠶᠢᠵᠢᠭᠤᠯᠤᠨ᠎ᠠ᠃ ᠡᠯ᠎ᠡ ᠭᠠᠵᠠᠷ ᠣᠷᠣᠨ ᠡᠯ᠎ᠡ ᠨᠢᠭᠡᠴᠡ ᠶᠢᠨ ᠬᠢᠨ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠪᠠ ᠳᠦᠷᠢᠮ ᠤᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ ᠭᠡᠪᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1