2023 ᠣᠨ ᠳᠤ ᠬᠥᠬᠡᠬᠤᠲᠠ ᠶᠢᠨ ᠬᠢᠨ ᠬᠤᠲᠠ ᠶᠢᠨ ᠲᠠᠰ ᠤᠨ ᠭᠤᠣᠯᠳᠠᠯᠭ᠎ᠠ ᠲᠠᠢ ᠲᠥᠷᠥᠯ ᠵᠦᠢᠯ ᠢ 1100 ᠠᠴᠠ ᠳᠡᠭᠡᠭᠰᠢ ᠬᠡᠷᠡᠭᠵᠢᠭᠦᠯᠬᠦ ᠪᠠᠷ ᠲᠥᠯᠥᠪᠯᠡᠵᠦ ᠪᠣᠶ︕ᠣᠨ ᠤ ᠲᠥᠯᠥᠪᠯᠡᠭᠡ ᠪᠠᠷ 1200 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠣᠷᠣᠭᠤᠯᠤᠨ᠎ᠠ︕
ᠨᠡᠶᠢᠲᠡᠯᠡᠭᠰᠡᠨ ᠴᠠᠭ᠄
2023/4/10
      3 ᠳ᠋ᠤᠭᠠᠷ ᠰᠠᠷ᠎ᠠ ᠶᠢᠨ 31 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠶᠡᠭᠡ ᠲᠥᠷᠥᠯ ᠵᠦᠢᠯ ᠤᠨ ᠲᠥᠪᠯᠡᠷᠡᠭᠦᠯᠦᠨ ᠠᠵᠢᠯ ᠡᠬᠢᠯᠡᠭᠦᠯᠬᠦ ᠶᠣᠰᠣᠯᠠᠯ ᠶᠠᠪᠤᠭᠳᠠᠵᠤ᠂ ᠭᠤᠣᠯ ᠬᠤᠷᠠᠯ ᠤᠨ ᠲᠠᠯᠠᠪᠠᠶ ᠶᠢ ᠬᠥᠬᠡᠬᠤᠲᠠ ᠳᠤ ᠪᠠᠶᠢᠭᠤᠯᠵᠤ᠂ ᠪᠤᠰᠤᠳ ᠠᠶᠢᠮᠠᠭ ᠬᠤᠲᠠ ᠳᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠵᠤ᠂ ᠭᠤᠣᠯ ᠬᠤᠷᠠᠯ ᠤᠨ ᠲᠠᠯᠠᠪᠠᠶ ᠶᠢ ᠸᠢᠳᠢᠤ᠋ ᠪᠠᠷ ᠬᠤᠯᠪᠣᠬᠤ ᠠᠷᠭ᠎ᠠ ᠮᠠᠶ᠋ᠢᠭ ᠢᠶᠠᠷ ᠬᠤᠪᠢᠶᠠᠷᠢ ᠬᠤᠷᠠᠯ ᠤᠨ ᠲᠠᠯᠠᠪᠠᠶ ᠬᠠᠷᠢᠯᠴᠠᠨ ᠬᠠᠷᠢᠭᠤ ᠮᠡᠳᠡᠭᠦᠯᠦᠯᠳᠡ ᠬᠢᠪᠡ᠃      ᠣᠷᠣᠨ ᠤ ᠲᠥᠪ ᠬᠤᠲᠠ ᠡᠨᠡ ᠵᠢᠯ ᠬᠤᠲᠠ ᠶᠢᠨ ᠲᠠᠰ ᠤᠨ ᠭᠤᠣᠯᠳᠠᠯᠭ᠎ᠠ ᠲᠠᠢ ᠲᠥᠷᠥᠯ ᠵᠦᠢᠯ ᠢ 1100   ᠠᠴᠠ ᠳᠡᠭᠡᠭᠰᠢ ᠬᠡᠷᠡᠭᠵᠢᠭᠦᠯᠬᠦ ᠪᠠᠷ ᠲᠥᠯᠥᠪᠯᠡᠵᠦ ᠪᠣᠶ᠃      ᠬᠥᠬᠡᠬᠤᠲᠠ ᠶᠢᠨ ᠣᠷᠣᠢ ᠶᠢᠨ ᠰᠣᠨᠢᠨ ᠤ ᠰᠤᠷᠪᠤᠯᠵᠢᠯᠠᠭᠴᠢ ᠲᠤᠬᠠᠢ ᠶᠢᠨ ᠲᠠᠯᠠᠪᠤᠷ ᠠᠴᠠ ᠣᠶᠢᠯᠠᠭᠠᠭᠰᠠᠨ ᠨᠢ ᠂ ᠡᠨᠡ ᠵᠢᠯ ᠬᠥᠬᠡᠬᠤᠲᠠ ᠶᠢᠨ ᠬᠢᠨ ᠬᠤᠲᠠ ᠶᠢᠨ ᠲᠠᠰ ᠤᠨ ᠭᠤᠣᠯᠳᠠᠯᠭ᠎ᠠ ᠲᠠᠢ ᠲᠥᠷᠥᠯ ᠵᠦᠢᠯ ᠢ 1100 ᠠᠴᠠ ᠳᠡᠭᠡᠭᠰᠢ ᠬᠡᠷᠡᠭᠵᠢᠭᠦᠯᠬᠦ ᠪᠠᠷ ᠲᠥᠯᠥᠪᠯᠡᠵᠦ᠂ ᠣᠨ ᠤ ᠲᠥᠯᠥᠪᠯᠡᠭᠡ ᠪᠠᠷ 1200 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠣᠷᠣᠭᠤᠯᠬᠤ ᠪᠠᠷ ᠲᠥᠯᠥᠪᠯᠡᠵᠦ ᠪᠣᠶ᠃ ᠡᠭᠦᠨ ᠲᠤ᠂ ᠥᠪᠡᠷᠲᠡᠭᠡᠨ ᠵᠠᠰᠠᠬᠤ ᠣᠷᠣᠨ ᠤ ᠲᠡᠰ ᠤᠨ ᠴᠢᠬᠤᠯᠠ ᠶᠡᠭᠡ ᠲᠥᠷᠥᠯ ᠵᠦᠢᠯ 519 ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ ᠨᠢ 5383 ᠳ᠋ᠦᠩᠰᠢᠭᠤᠷ ᠲᠥᠭᠦᠷᠢᠭ᠂ ᠣᠨ ᠤ ᠲᠥᠯᠥᠪᠯᠡᠭᠰᠡᠨ ᠪᠡᠯᠡ ᠣᠷᠣᠭᠤᠯᠤᠯᠲᠠ ᠨᠢ 1040 ᠳ᠋ᠦᠩᠰᠢᠭᠤᠷ ᠲᠥᠭᠦᠷᠢᠭ ᠪᠣᠯᠣᠨ᠎ᠠ᠂ ᠡᠭᠦᠨ ᠲᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ 276᠂ ᠶᠡᠷᠦᠩᠬᠡᠢ ᠪᠡᠯᠡ ᠣᠷᠣᠭᠤᠯᠤᠯᠲᠠ ᠨᠢ 3565 ᠳ᠋ᠦᠩᠰᠢᠭᠤᠷ ᠲᠥᠭᠦᠷᠢᠭ᠂ ᠣᠨ ᠤ ᠲᠥᠯᠥᠪᠯᠡᠭᠰᠡᠨ ᠪᠡᠯᠡ ᠣᠷᠣᠭᠤᠯᠤᠯᠲᠠ ᠨᠢ 640 ᠳ᠋ᠦᠩᠰᠢᠭᠤᠷ ᠲᠥᠭᠦᠷᠢᠭ ᠪᠠᠭᠲᠠᠵᠤ᠂ ᠴᠢᠬᠤᠯᠠ ᠶᠡᠭᠡ ᠲᠥᠷᠥᠯ ᠵᠦᠢᠯ ᠤᠨ ᠲᠤᠭ᠎ᠠ ᠬᠡᠮᠵᠢᠶ᠎ᠡ ᠪᠣᠯᠣᠨ ᠪᠡᠯᠡ ᠣᠷᠣᠭᠤᠯᠤᠯᠲᠠ ᠶᠢᠨ ᠬᠡᠪᠴᠢᠶ᠎ᠡ ᠵᠢᠯ ᠳᠠᠷᠠᠭᠠᠯᠠᠨ ᠨᠡᠮᠡᠭᠳᠡᠪᠡ᠃ ᠲᠤᠬᠠᠢ ᠶᠢᠨ ᠡᠳᠦᠷ ᠤᠨ ᠠᠵᠢᠯ ᠡᠬᠢᠯᠡᠭᠦᠯᠦᠭᠰᠡᠨ ᠲᠤᠬᠠᠢ ᠶᠢᠨ ᠲᠠᠯᠠᠪᠠᠶ ᠨᠢ ᠳᠤᠮᠳᠠ ᠲᠣᠭᠤᠷᠢᠯ ᠵᠠᠮ ᠤᠨ ᠥᠨᠳᠥᠷ ᠪᠦᠲᠦᠮᠵᠢᠲᠡᠶ ᠸᠠᠭᠠᠷᠯᠠᠭᠰᠠᠨ ᠨᠡᠷᠡᠨ ᠤ ᠡᠨᠧᠷᠭᠢ ᠶᠢᠨ ᠳ᠋ᠢᠶᠠᠨ ᡂᠢ ᠶᠢᠨ ᠲᠣᠨᠣᠭᠯᠠᠯ ᠤᠨ ᠲᠥᠷᠥᠯ ᠵᠦᠢᠯ ᠪᠠᠶᠢᠵᠤ᠂ ᠨᠡᠶᠢᠲᠡ 90 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠲᠣᠰ ᠵᠢᠯ ᠳᠤ 30 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠠᠢ᠃ ᠲᠤᠬᠠᠢ ᠶᠢᠨ ᠡᠳᠦᠷ ᠮᠠᠨ ᠤ ᠬᠤᠲᠠ ᠳᠤ ᠪᠠᠰᠠ 85 ᠴᠢᠬᠤᠯᠠ ᠶᠡᠭᠡ ᠲᠥᠷᠥᠯ ᠵᠦᠢᠯ ᠤᠨ ᠠᠵᠢᠯ ᠢᠶᠠᠨ ᠡᠬᠢᠯᠡᠭᠦᠯᠦᠭᠰᠡᠨ ᠪᠠ ᠰᠡᠷᠭᠦᠭᠡᠭᠰᠡᠨ ᠪᠠᠶᠢᠨ᠎ᠠ᠃ ᠣᠲᠣ ᠪᠣᠯᠲᠠᠯ᠎ᠠ᠂ ᠮᠠᠨ ᠤ ᠬᠤᠲᠠ ᠢᠯᠢ ᠶᠢᠨ ᠡᠷᠡᠭᠦᠯ ᠮᠡᠨᠳᠦ ᠶᠢᠨ ᠠᠮᠤ ᠪᠤᠳᠠᠭᠠᠨ ᠤ ᠰᠢᠩᠭᠡᠨ ᠤ ᠰᠦ ᠶᠢᠨ ᠭᠤᠷᠪᠠᠳᠤᠭᠠᠷ ᠬᠤᠭᠤᠴᠠᠭ᠎ᠠ᠂ ᠰᠢᠨ ᠬᠤᠸᠠᠨ ᠤ 10 ᠲᠦᠮᠡᠨ ᠲᠣᠨ ᠤ ᠮᠥᠬᠦᠯᠢᠭᠲᠦ ᠴᠠᠬᠢᠭᠤᠷ᠂ ᠳ᠋ᠠ ᠲᠠᠩ ᠤᠨ ᠣᠷᠳᠣ ᠬᠤᠭᠤᠴᠠᠭ᠎ᠠ ᠪᠠᠷ ᠢᠯᠴᠢ ᠬᠠᠩᠭᠠᠬᠤ ᠵᠡᠷᠭᠡ 430 ᠲᠥᠷᠥᠯ ᠵᠦᠢᠯ ᠤᠨ ᠠᠵᠢᠯ ᠢᠶᠠᠨ ᠡᠬᠢᠯᠡᠭᠦᠯᠵᠦ᠂ 160 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠠᠵᠢᠯ ᠢᠶᠠᠨ ᠡᠬᠢᠯᠡᠭᠦᠯᠦᠭᠰᠡᠨ ᠪᠠ ᠰᠡᠷᠭᠦᠭᠡᠭᠰᠡᠨ ᠨᠣᠷᠮ᠎ᠠ ᠨᠢ 83% ᠪᠣᠯᠣᠨ᠎ᠠ᠃ ᠵᠢᠱᠢᠯᠲᠡ ᠪᠠᠷ ᠬᠤᠶᠠᠳᠤᠭᠠᠷ ᠤᠯᠠᠷᠢᠯ ᠳᠤ ᠪᠠᠰᠠ 89 ᠲᠦᠷᠦᠯ ᠵᠦᠢᠯ ᠤᠨ ᠠᠵᠢᠯ ᠢᠶᠠᠨ ᠡᠬᠢᠯᠡᠭᠦᠯᠦᠨ ᠰᠡᠷᠭᠦᠭᠡᠬᠦ ᠪᠠᠷ ᠪᠤᠢ᠂
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1