ᠰᠠᠶᠢᠨ ᠴᠢᠮᠡᠭᠡ︕ ᠬᠥᠬᠡᠬᠤᠲᠠ ᠶᠢᠨ ᠠᠷᠠᠳ ᠰᠦᠯᠵᠢᠶᠡᠨ ᠳᠡᠭᠡᠷ᠎ᠡ ᠰᠠᠪᠠ ᠶᠢᠨ ᠬᠦᠵᠦᠭᠦᠨ ᠤ ᠥᠮᠡᠨ  ᠤ ᠳᠥᠷᠪᠡᠨ ᠸᠠᠯᠧᠨ᠋ᠲᠳᠦ ᠸᠠᠺᠼᠢᠨ᠂ ᠶᠢᠰᠦᠨ ᠸᠠᠯᠧᠨ᠋ᠲᠳᠦ ᠸᠠᠺᠼᠢᠨ ᠵᠠᠬᠢᠶᠠᠯᠠᠵᠤ ᠪᠣᠯᠤᠨ᠎ᠠ︕
ᠨᠡᠶᠢᠲᠡᠯᠡᠭᠰᠡᠨ ᠴᠠᠭ᠄
2023/4/10
      ᠥᠷᠭᠡᠨ ᠣᠯᠠᠨ  ᠲᠦᠮᠡᠨ ᠤ  ᠰᠠᠪᠠ ᠶᠢᠨ  ᠬᠦᠵᠦᠭᠦᠨ ᠤ  ᠥᠮᠡᠨ ᠤ  ᠸᠠᠺᠼᠢᠨ ᠤ  ᠲᠠᠷᠢᠯᠭ᠎ᠠ ᠶᠢ  ᠤᠷᠢᠳᠴᠢᠯᠠᠨ ᠪᠣᠯᠵᠣᠬᠤ ᠳᠤ ᠬᠦᠴᠢᠷᠲᠡᠶ ᠪᠠᠶᠢᠬᠤ ᠠᠰᠠᠭᠤᠳᠠᠯ ᠢ ᠴᠢᠨᠠᠬᠰᠢᠳᠠ ᠰᠠᠶᠢᠳᠤᠷ ᠰᠢᠢᠳᠪᠦᠷᠢᠯᠡᠬᠦ ᠶᠢᠨ  ᠲᠥᠯᠥᠭᠡ᠂ ᠬᠥᠬᠡᠬᠤᠲᠠ ᠨᠢ 2023 ᠣᠨ ᠤ 4 ᠰᠠᠷ᠎ᠠ ᠠᠴᠠ ᠡᠬᠢᠯᠡᠨ᠂ ᠰᠠᠪᠠ ᠶᠢᠨ ᠬᠦᠵᠦᠭᠦᠨ ᠤ ᠥᠮᠡᠨ ᠤ ᠸᠠᠺᠼᠢᠨ ᠢ ᠰᠦᠯᠵᠢᠶᠡᠨ ᠳᠡᠭᠡᠷ᠎ᠡ ᠢᠯᠡ ᠪᠠᠷ ᠤᠷᠢᠳᠴᠢᠯᠠᠨ ᠪᠣᠯᠵᠣᠬᠤ ︵ᠲᠤᠷᠰᠢᠨ ᠠᠵᠢᠯᠯᠠᠭᠤᠯᠵᠤ ᠪᠤᠢ︶ ᠪᠤᠯᠭᠠᠪᠠ ᠃              1᠂ ᠪᠣᠯᠵᠣᠬᠤ ᠡᠲᠡᠭᠡᠳ᠄ ᠵᠣᠬᠢᠬᠤ ᠨᠠᠰᠤᠨ ᠤ  ᠡᠮᠡᠭᠲᠡᠶᠢᠴᠦᠳ᠂ ᠳᠥᠷᠪᠡᠨ  ᠸᠠᠯᠧᠨ᠋ᠲᠳᠦ ᠸᠠᠺᠼᠢᠨ  ᠪᠠ ᠶᠢᠰᠦᠨ ᠸᠠᠯᠧᠨ᠋ᠲᠳᠦ ᠸᠠᠺᠼᠢᠨ ᠢ ᠠᠩᠬ᠎ᠠ ᠬᠡᠷᠡᠭᠯᠡᠬᠦ ᠨᠠᠰᠤ ᠨᠢ 9 - 45 ᠨᠠᠰᠤᠨ ᠬᠦᠮᠦᠰ ᠪᠤᠯᠤᠨ᠎ᠠ᠃                2᠂ ᠤᠷᠢᠳᠴᠢᠯᠠᠨ ᠪᠣᠯᠵᠣᠬᠤ ᠠᠷᠭ᠎ᠠ ᠮᠠᠶ᠋ᠢᠭ᠄ ᠬᠡᠷᠡᠭᠯᠡᠭᠡᠨ ᠤ ᠵᠠᠬ᠎ᠠ ᠳᠡᠯᠭᠡᠭᠦᠷ ᠪᠤᠶᠤ ︽ᠠᠶ ᠴᠢᠩ  ᠴᠧᠩ ᠠᠯᠪᠠᠨ ᠲᠠᠯ᠎ᠠ ᠶᠢᠨ︾ ᠨᠡᠶᠢᠲᠡ ᠶᠢᠨ ᠳ᠋ᠤᠭᠠᠷ ᠤᠨ ︽ᠠᠶ ᠴᠢᠩ ᠴᠧᠩ︾ App ᠶᠢ ᠪᠠᠭᠤᠯᠭᠠᠨ ᠠᠪᠴᠤ᠂ ︽ᠰᠠᠪᠠ ᠶᠢᠨ ᠬᠦᠵᠦᠭᠦᠨ ‍ᠤ‌ᠥᠮᠡᠨ ᠤ ᠸᠠᠺᠼᠢᠨ ᠢ ᠤᠷᠢᠳᠴᠢᠯᠠᠨ ᠪᠣᠯᠵᠣᠬᠤ︾ ᠶᠢ ᠲᠤᠪᠴᠢᠳᠠᠵᠤ ︽ᠬᠥᠬᠡᠬᠤᠲᠠ ᠶᠢᠨ ᠰᠠᠪᠠ ᠶᠢᠨ ᠬᠦᠵᠦᠭᠦᠨ ᠤ ᠥᠮᠡᠨ ‍ᠤ‌‍ᠸᠠᠺᠼᠢᠨ ᠤ ᠲᠠᠷᠢᠯᠭ᠎ᠠ ᠶᠢᠨ ᠲᠠᠪᠴᠠᠩ ︵ᠲᠤᠷᠰᠢᠨ ᠠᠵᠢᠯᠯᠠᠭᠤᠯᠬᠤ︶ ᠤᠨ ᠤᠷᠢᠳᠴᠢᠯᠠᠨ ᠪᠣᠯᠵᠣᠬᠤ ᠲᠠᠪᠴᠠᠩ ᠳᠤ ᠤᠷᠤᠭᠠᠳ ᠪᠤᠯᠵᠤᠬᠤ ᠴᠤᠪᠤᠷᠠᠯ ᠢᠶᠠᠷ ᠨᠢ ᠤᠷᠢᠳᠴᠢᠯᠠᠨ ᠪᠣᠯᠵᠣᠪᠠᠯ  ᠪᠤᠯᠴᠢᠬᠠᠨ᠎ᠠ᠂ ᠪᠤᠯᠵᠤᠬᠤ ᠳᠠᠭᠠᠨ ᠬᠥᠮᠦᠨ ᠤ ᠲᠤᠭ᠎ᠠ ᠪᠠᠷ ᠢᠶᠠᠨ ᠤᠷᠢᠳᠴᠢᠯᠠᠨ ᠪᠣᠯᠵᠣᠨ᠎ᠠ ︵ᠨᠡᠶᠢᠲᠡ ᠭᠤᠷᠪᠠᠨ ᠤᠳᠠᠭ᠎ᠠ ᠶᠢᠨ︶᠂ ᠬᠤᠶᠠᠳᠤᠭᠠᠷ᠂ ᠭᠤᠷᠪᠠᠳᠤᠭᠠᠷ ᠤᠳᠠᠭ᠎ᠠ ᠤᠷᠢᠳᠴᠢᠯᠠᠨ ᠪᠣᠯᠵᠣᠬᠤ ︵ᠤᠷᠢᠳᠴᠢᠯᠠᠨ ᠦᠯᠡᠳᠡᠭᠡᠨ᠎ᠡ︶ ᠴᠢᠬᠤᠯᠠ ᠥᠬᠡᠶ᠂ ᠲᠣᠭᠲᠠᠭᠰᠠᠨ ᠴᠠᠭ ᠲᠠᠭᠠᠨ ᠣᠴᠢᠵᠤ  ᠲᠠᠷᠢᠯᠭ᠎ᠠ ᠳᠠᠷᠢᠪᠠᠯ ᠪᠣᠯᠴᠢᠬᠠᠨ᠎ᠠ᠂ ᠣᠨᠴᠠᠭᠠᠶ ᠪᠠᠶᠢᠳᠠᠯ ᠳᠤ ᠰᠦᠢᠳᠭᠡᠯ ᠲᠤᠰᠢᠶᠠᠬᠤ ᠦᠶ᠎ᠡ ᠳᠤ ᠲᠣᠳᠣᠷᠬᠠᠶᠢᠯᠠᠯᠲᠠ ᠬᠢᠨ᠎ᠠ᠃              3᠂ ᠲᠠᠷᠢᠯᠭ᠎ᠠ ᠶᠢᠨ ᠶᠠᠪᠤᠴᠠ᠄  ᠤᠯᠤᠰ ᠲᠠᠭᠠᠨ ᠦᠢᠯᠡᠳᠪᠦᠷᠢᠯᠡᠭᠰᠡᠨ ᠬᠤᠶᠠᠷ ᠸᠠᠯᠧᠨ᠋ᠲᠳᠦ  ᠸᠠᠺᠼᠢᠨ  ᠪᠠ ᠭᠠᠳᠠᠭᠠᠳᠤ ᠠᠴᠠ ᠣᠷᠣᠭᠤᠯᠤᠭᠰᠠᠨ ᠬᠤᠶᠠᠷ ᠸᠠᠯᠧᠨ᠋ᠲᠳᠦ ᠸᠠᠺᠼᠢᠨ ᠢ᠄ 0᠂ 1᠂ 6 ᠰᠠᠷ᠎ᠠ ᠳᠤ  ᠲᠣᠰ  ᠲᠣᠰ ᠨᠢᠭᠡ ᠵᠡᠭᠦᠦ ᠳᠠᠷᠢᠵᠤ᠂ ᠪᠥᠬᠦ ᠶᠠᠪᠤᠴᠠ ᠳᠤ ᠭᠤᠷᠪᠠᠨ ᠵᠡᠭᠦᠦ ᠳᠠᠷᠢᠨ᠎ᠠ︔ ᠭᠠᠳᠠᠭᠠᠳᠤ ᠠᠴᠠ ᠣᠷᠣᠭᠤᠯᠤᠭᠰᠠᠨ ᠳᠥᠷᠪᠡᠨ ᠸᠠᠯᠧᠨ᠋ᠲᠳᠦ ᠸᠠᠺᠼᠢᠨ ᠪᠠ ᠭᠠᠳᠠᠭᠠᠳᠤ ᠠᠴᠠ ᠣᠷᠣᠭᠤᠯᠤᠭᠰᠠᠨ ᠶᠢᠰᠦᠨ ᠸᠠᠯᠧᠨ᠋ᠲᠳᠦ ᠸᠠᠺᠼᠢᠨ ᠢ᠄ 0᠂ 2᠂ 6 ᠰᠠᠷ᠎ᠠ ᠳᠤ ᠲᠣᠰ ᠲᠣᠰ ᠨᠢᠭᠡ  ᠵᠡᠭᠦᠦ‌‍ᠲ᠋ᠠᠷᠢᠵᠤ᠂ ᠪᠥᠬᠦ ᠶᠠᠪᠤᠴᠠ ᠳᠤ ᠭᠤᠷᠪᠠᠨ ᠵᠡᠭᠦᠦ ᠳᠠᠷᠢᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1