ᠲᠣᠭᠲᠠᠬᠤ ᠰᠢᠶᠠᠨ᠄ ᠣᠳᠣᠬᠢᠴᠢᠯᠠᠭᠰᠠᠨ ᠮᠠᠯᠵᠢᠯ ᠤᠨ ᠲᠠᠯᠠᠪᠠᠶ ᠶᠢ ᠪᠣᠶ ᠪᠣᠯᠭᠠᠵᠤ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2023/4/11
     ᠣᠶᠢᠷ᠎ᠠ ᠶᠢᠨ ᠵᠢᠯ ᠠᠴᠠ᠂ ᠲᠣᠭᠲᠠᠬᠤ ᠰᠢᠶᠠᠨ ᠤᠯᠤᠰ ᠤᠨ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯᠳᠤ ᠬᠤᠭᠤᠴᠠᠭ᠎ᠠ ᠶᠢ ᠴᠢᠩᠭ᠎ᠠ ᠠᠳᠬᠤᠵᠤ᠂ ᠰᠦ ᠶᠢᠨ ᠦᠢᠯᠡᠰ ᠤᠨ ᠬᠥᠭᠵᠢᠯᠲᠡ ᠶᠢᠨ ᠣᠷᠣᠨ ᠪᠦᠰᠡ ᠶᠢᠨ ᠳᠠᠪᠠᠭᠤᠯᠢᠭ ᠢ ᠠᠰᠢᠭᠯᠠᠨ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠰᠦ ᠶᠢᠨ ᠢᠷᠡᠯᠲᠡ ᠶᠢᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠥᠷᠨᠢᠭᠦᠯᠵᠦ᠂ ᠣᠳᠣᠬᠢᠴᠢᠯᠠᠭᠰᠠᠨ ᠮᠠᠯᠵᠢᠯ ᠤᠨ ᠲᠠᠯᠠᠪᠠᠢ ᠶᠢ ᠦᠷᠭᠦᠯᠵᠢᠯᠡᠨ ᠴᠣᠭᠴᠠᠯᠠᠪᠠ᠃ ᠢᠯᠢ ᠶᠢᠨ 18 ᠲᠦᠮᠡᠨ ᠰᠠᠭᠠᠯᠢ ᠶᠢᠨ ᠦᠨᠢᠶ᠎ᠡ ᠶᠢᠨ ᠪᠣᠬᠢᠷᠲᠤᠯ ᠦᠭᠡᠢ ᠣᠶᠤᠨᠴᠢ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠬᠦᠷᠢᠶᠡᠯᠡᠩ ᠤᠨ ᠮᠠᠯᠵᠢᠯ ᠤᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢᠨ ᠨᠢᠭᠡ ᠪᠣᠯᠤᠭᠰᠠᠨ ᠾᠧᠩ ᠹᠦ᠋ ᠮᠠᠯᠵᠢᠯ ᠤᠨ ᠲᠠᠯᠠᠪᠠᠶ ᠶᠢᠨ ᠴᠢᠨᠠᠷ ᠰᠠᠶᠢᠲᠠᠢ ᠬᠥᠭᠵᠢᠯᠲᠡ ᠶᠢ ᠪᠠᠷᠢᠮᠲᠠᠯᠠᠨ᠂ ᠮᠠᠯᠵᠢᠯ ᠤᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠰᠠᠭᠠᠯᠢ ᠶᠢᠨ ᠦᠨᠢᠶ᠎ᠡ ᠶᠢᠨ ᠲᠡᠵᠢᠭᠡᠨ ᠦᠷᠡᠵᠢᠭᠦᠯᠦᠯᠲᠡ ᠶᠢᠨ ᠬᠡᠪᠴᠢᠶᠡᠵᠢᠯᠲᠡ᠂ ᠪᠠᠷᠢᠮᠵᠢᠶᠠᠵᠢᠯᠲᠠ᠂ ᠮᠠᠰᠢᠨᠴᠢᠯᠠᠯᠲᠠ ᠂ ᠵᠣᠬᠢᠶᠠᠨ ᠪᠠᠶᠢᠭᠤᠯᠤᠯᠲᠠ ᠶᠢᠨ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠵᠦ᠂ ᠰᠠᠭᠠᠯᠢ ᠶᠢᠨ ᠦᠢᠯᠡᠰ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠢᠯᠡᠳᠲᠡ ᠳᠡᠭᠡᠭᠰᠢᠯᠡᠭᠦᠯᠪᠡ᠃
     ︽2023 ᠣᠨ ᠳᠤ᠂ ᠡᠯ᠎ᠡ ᠱᠠᠲᠤᠨ ᠤ ᠵᠠᠰᠠᠭ ᠤᠨ ᠣᠷᠳᠣᠨ ᠤ ᠳᠡᠮᠵᠢᠯᠭᠡ ᠳᠣᠣᠷ᠎ᠠ᠂ ᠥᠪᠥᠷ ᠮᠣᠩᠭᠤᠯ ᠤᠨ ᠾᠧᠩ ᠹᠦ᠋ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠪᠠᠶᠢᠭᠤᠯᠤᠭᠳᠠᠵᠤ᠂ ᠢᠯᠢ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ 3 ᠳ᠋ᠤᠭᠠᠷ ᠮᠠᠯᠵᠢᠯ ᠤᠨ ᠲᠠᠯᠠᠪᠠᠶ ᠶᠢ ᠦᠷᠭᠦᠯᠵᠢᠯᠡᠨ ᠪᠠᠶᠢᠭᠤᠯᠪᠠ᠃ 3 ᠳ᠋ᠤᠭᠠᠷ ᠨᠣᠮᠧᠷᠲᠤ ᠮᠠᠯᠵᠢᠯ ᠤᠨ ᠲᠠᠯᠠᠪᠠᠶ ᠶᠢᠨ ᠡᠵᠡᠯᠡᠬᠦ ᠲᠠᠯᠠᠪᠠᠶ 3000 ᠮᠦ ᠪᠠᠶᠢᠵᠤ᠂ ᠪᠦᠲᠦᠭᠡᠨ ᠪᠠᠶᠢᠭᠤᠯᠵᠤ ᠳᠠᠭᠤᠰᠤᠭᠰᠠᠨ ᠤ ᠳᠠᠷᠠᠭ᠎ᠠ ᠨᠡᠶᠢᠲᠡ 27000 ᠰᠠᠭᠠᠯᠢ ᠶᠢᠨ ᠦᠨᠢᠶ᠎ᠡ ᠪᠠᠭᠲᠠᠭᠠᠨ᠎ᠠ᠂ ᠣᠳᠣᠬᠠᠨ ᠳᠤ ᠨᠢᠭᠡᠨᠲᠡ 12000 ᠰᠠᠭᠠᠯᠢ ᠶᠢᠨ ᠦᠨᠢᠶ᠎ᠡ ᠪᠠᠭᠲᠠᠭᠠᠨ᠎ᠠ᠂ ᠲᠠᠷᠠᠭᠠᠴᠢ ᠶᠢᠨ ᠠᠯᠬᠤᠮ ᠳᠤ 15000 ᠰᠠᠭᠠᠯᠢ ᠶᠢᠨ ᠦᠨᠢᠶ᠎ᠡ ᠪᠠᠭᠲᠠᠭᠠᠨ᠎ᠠ᠃ ᠮᠠᠯᠵᠢᠯ ᠤᠨ ᠲᠠᠯᠠᠪᠠᠶ ᠶᠢ ᠦᠷᠭᠦᠯᠵᠢᠯᠡᠨ ᠪᠠᠶᠢᠭᠤᠯᠤᠨ᠎ᠠ᠂ ᠡᠭᠦᠨ ᠤ ᠡᠵᠡᠯᠡᠬᠦ ᠲᠠᠯᠠᠪᠠᠶ ᠨᠢ 1200 ᠮᠦ ᠪᠣᠯᠣᠨ᠎ᠠ᠃ ᠭᠠᠵᠠᠷ ᠰᠢᠷᠣᠢ ᠶᠢᠨ ᠡᠷᠭᠢᠯᠲᠡ ᠶᠢᠨ ᠭᠠᠷ ᠭᠦᠢᠴᠡᠳᠬᠡᠯ᠂ ᠭᠠᠵᠠᠷ ᠰᠢᠨᠵᠢᠯᠡᠭᠡᠨ ᠤ ᠬᠠᠶᠢᠨ ᠰᠢᠨᠵᠢᠯᠡᠯᠲᠡ ᠶᠢᠨ ᠭᠠᠷ ᠭᠦᠢᠴᠡᠳᠬᠡᠯ ᠢ ᠨᠢᠭᠡᠨᠲᠡ ᠭᠦᠢᠴᠡᠳᠬᠡᠵᠦ ᠳᠠᠭᠤᠰᠬᠠᠭᠠᠳ᠂ ᠣᠶ ᠰᠢᠭᠤᠢ ᠶᠢᠨ ᠬᠠᠶᠢᠨ ᠰᠢᠨᠵᠢᠯᠡᠯᠲᠡ᠂ ᠦᠨᠡᠯᠡᠯᠲᠡ ᠵᠡᠷᠭᠡ ᠭᠠᠷ ᠭᠦᠢᠴᠡᠳᠬᠡᠯ ᠢ ᠶᠠᠭ ᠭᠦᠢᠴᠡᠳᠬᠡᠵᠦ ᠪᠠᠶᠢᠨ᠎ᠠ᠂ ᠵᠢᠱᠢᠯᠲᠡ ᠪᠠᠷ ᠳᠥᠷᠪᠡᠳᠦᠭᠡᠷ ᠰᠠᠷ᠎ᠠ ᠶᠢᠨ ᠰᠡᠭᠦᠯᠴᠢ ᠪᠠᠷ ᠭᠦᠢᠴᠡᠳᠬᠡᠵᠦ ᠳᠠᠭᠤᠰᠬᠠᠭᠠᠳ᠂ ᠲᠠᠪᠤᠳᠤᠭᠠᠷ ᠰᠠᠷ᠎ᠠ ᠶᠢᠨ ᠡᠬᠢ ᠪᠠᠷ ᠠᠵᠢᠯ ᠢᠶᠠᠨ ᠡᠬᠢᠯᠡᠭᠦᠯᠦᠨ᠎ᠡ︾ ᠭᠡᠵᠦ ᠾᠧᠩ ᠹᠦ᠋ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠯᠥᠸᠧ ᠯᠢ ᠾᠧᠩ ᠰᠤᠷᠪᠤᠯᠵᠢᠯᠠᠭᠴᠢ ᠳᠤ ᠬᠡᠯᠡᠪᠡ᠃
     ︽ᠳᠠᠷᠠᠭᠠᠴᠢ ᠶᠢᠨ ᠠᠯᠬᠤᠮ ᠳᠤ᠂ ᠪᠢᠳᠠ ᠪᠦᠯᠦᠭᠯᠡᠯ ᠤᠨ ᠡᠯ᠎ᠡ ᠲᠤᠬᠠᠶᠢᠯᠠᠭᠰᠠᠨ ᠠᠵᠢᠯ ᠤᠨ ᠬᠡᠰᠡᠭ ᠢ ᠶᠡᠬᠡᠪᠡᠷ ᠬᠥᠭᠵᠢᠭᠦᠯᠵᠦ᠂ ᠭᠠᠷᠤᠯᠲᠠ ᠪᠠᠨ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠠᠵᠤ ᠠᠬᠤᠢ ᠶᠢ ᠬᠥᠭᠵᠢᠭᠦᠯᠦᠨ ᠮᠠᠨᠳᠤᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠤᠳᠤᠷᠢᠳᠤᠮᠵᠢ ᠪᠣᠯᠭᠠᠵᠤ᠂ ᠵᠣᠴᠢᠨ ᠡᠷᠦᠬᠡ ᠶᠢᠨ ᠬᠡᠷᠡᠭᠴᠡᠭᠡ ᠠᠴᠠ ᠡᠭᠦᠰᠴᠦ᠂ ᠠᠵᠤ ᠦᠢᠯᠡᠰ ᠤᠨ ᠬᠡᠯᠬᠢᠶ᠎ᠡ ᠶᠢ ᠪᠦᠬᠦ ᠲᠠᠯ᠎ᠠ ᠪᠠᠷ ᠲᠡᠰ ᠳᠡᠪᠰᠢᠭᠦᠯᠵᠦ᠂ ᠨᠡᠶᠢᠭᠡᠮ ᠤᠨ ᠬᠠᠷᠢᠭᠤᠴᠠᠯᠭ᠎ᠠ ᠶᠢ ᠭᠦᠢᠴᠡᠳᠬᠡᠵᠦ᠂ 3 ᠲᠦᠮᠡᠨ ᠰᠠᠭᠠᠯᠢ ᠶᠢᠨ ᠦᠨᠢᠶ᠎ᠡ᠂ ᠵᠢᠯ ᠤᠨ ᠪᠣᠷᠤᠯᠠᠭᠤᠯᠭ᠎ᠠ ᠶᠢᠨ ᠬᠡᠮᠵᠢᠶ᠎ᠡ 20 ᠲᠦᠮᠡᠨ ᠲᠣᠨ᠂ ᠵᠢᠯ ᠤᠨ ᠠᠯᠠᠰᠢᠨ ᠬᠤᠨᠢ 20 ᠲᠦᠮᠡ ᠳᠤ ᠬᠦᠷᠦᠭᠦᠯᠵᠦ᠂ ᠵᠢᠯ ᠤᠨ ᠭᠠᠷᠤᠯᠲᠠ ᠶᠢᠨ ᠶᠡᠷᠦᠩᠬᠡᠢ ᠦᠷᠳᠡᠭ 15 ᠳ᠋ᠦᠩᠰᠢᠭᠤᠷ ᠲᠥᠭᠦᠷᠢᠭ ᠲᠤ ᠬᠦᠷᠦᠨ᠎ᠡ︾ ᠭᠡᠵᠦ ᠾᠧᠩ ᠹᠦ᠋ ᠪᠦᠯᠦᠭᠯᠡᠯ ᠤᠨ ᠯᠥᠸᠧ ᠯᠢ ᠡᡁᠥᠩ ᠬᠡᠷᠡᠭ ᠮᠡᠳᠡᠭᠴᠢᠳ ᠤᠨ ᠳᠠᠷᠤᠭ᠎ᠠ ᠢᠲᠡᠭᠡᠯ ᠳᠦᠭᠦᠷᠡᠩ ᠬᠡᠯᠡᠪᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1