︽2023 ᠣᠨ ᠤ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯᠯᠠᠭ᠎ᠠ ᠥᠷᠨᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠠᠯᠪᠠᠨ ᠭᠡᠷ ᠤᠨ ᠮᠡᠳᠡᠭᠳᠡᠯ︾ ᠢ ᠤᠯᠠᠮᠵᠢᠯᠠᠨ ᠲᠠᠷᠬᠠᠭᠠᠬᠤ ᠲᠤᠬᠠᠢ ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠤᠨ ᠮᠡᠳᠡᠭᠳᠡᠯ
ᠨᠡᠶᠢᠲᠡᠯᠡᠭᠰᠡᠨ ᠴᠠᠭ᠄
2023/4/11
      ᠡᠯ᠎ᠡ ᠦᠨᠳᠦᠰᠦᠨ ᠱᠠᠲᠤᠨ ᠤ ᠠᠵᠢᠯᠴᠢᠨ ᠤ ᠡᠪᠯᠡᠯ᠄      ︽2023 ᠣᠨ ᠤ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯᠯᠠᠭ᠎ᠠ ᠥᠷᠨᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠠᠯᠪᠠᠨ ᠭᠡᠷ ᠤᠨ ᠮᠡᠳᠡᠭᠳᠡᠯ︾ ᠢ ᠡᠳᠦᠭᠡ ᠲᠠᠨᠠᠷ ᠲᠤ ᠤᠯᠠᠮᠵᠢᠯᠠᠨ ᠶᠠᠪᠤᠭᠤᠯᠤᠯ᠎ᠠ ᠃ ᠡᠯ᠎ᠡ ᠦᠨᠳᠦᠰᠦᠨ ᠱᠠᠲᠤᠨ ᠤ ᠠᠵᠢᠯᠴᠢᠨ ᠤ ᠡᠪᠯᠡᠯ ᠮᠡᠳᠡᠭᠳᠡᠯ ᠤᠨ ᠵᠣᠷᠢᠭ ᠰᠠᠨᠠᠭ᠎ᠠ ᠶᠢ ᠦᠨᠳᠦᠰᠦᠯᠡᠵᠦ᠂ ᠲᠤᠰ ᠨᠢᠭᠡᠴᠡ ᠶᠢᠨ ᠢᠶᠠᠨ ᠪᠣᠳᠠᠲᠤ ᠪᠠᠶᠢᠳᠠᠯ  ᠲᠠᠢ ᠤᠶᠠᠯᠳᠤᠭᠤᠯᠤᠨ᠂ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯᠯᠠᠭ᠎ᠠ ᠶᠢ ᠤᠬᠠᠭᠤᠯᠤᠨ ᠳᠠᠶᠢᠴᠢᠯᠠᠬᠤ ᠠᠵᠢᠯ ᠢ ᠦᠨᠡᠨᠬᠦ ᠰᠠᠶᠢᠲᠤᠷ ᠠᠳᠬᠤᠵᠤ᠂ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢ ᠠᠵᠢᠯᠴᠢᠨ ᠤ ᠡᠪᠯᠡᠯ ᠤᠨ ᠦᠢᠯᠡᠴᠢᠯᠡᠭᠡᠨ ᠤ ᠠᠷᠭ᠎ᠠ ᠵᠠᠮ ᠢ ᠥᠷᠭᠡᠳᠬᠡᠬᠦ᠂ ᠠᠵᠢᠯᠲᠠᠨ ᠠᠵᠢᠯᠴᠢᠨ ᠤ ᠲᠤᠰ ᠪᠡᠶ᠎ᠡ ᠶᠢᠨ ᠡᠷᠬᠡ ᠠᠰᠢᠭ ᠢ ᠬᠠᠮᠠᠭᠠᠯᠠᠬᠤ ᠪᠦᠲᠦᠮᠵᠢᠲᠡᠢ ᠠᠷᠭ᠎ᠠ ᠵᠠᠮ ᠪᠣᠯᠭᠠᠵᠤ᠂ ᠥᠷᠭᠡᠨ ᠣᠯᠠᠨ ᠠᠵᠢᠯᠲᠠᠨ ᠠᠵᠢᠯᠴᠢᠨ ᠳᠤ ᠡᠮ ᠡᠮᠨᠡᠯᠭᠡ ᠶᠢᠨ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯᠯᠠᠭ᠎ᠠ ᠶᠢᠨ ᠴᠢᠬᠤᠯᠠ ᠴᠢᠨᠠᠷ ᠢ ᠤᠬᠠᠭᠤᠯᠵᠤ᠂ ᠨᠢᠭᠡᠴᠡ ᠶᠢᠨ ᠠᠵᠢᠯ ᠤᠨ ᠪᠦᠯᠦᠭᠯᠡᠯ ᠤᠨ ᠬᠠᠷᠢᠯᠴᠠᠨ ᠬᠠᠪᠰᠤᠷᠤᠯᠴᠠᠬᠤ ᠠᠵᠢᠯᠯᠠᠭ᠎ᠠ ᠶᠢᠨ ᠵᠣᠷᠢᠯᠭᠠᠲᠤ ᠠᠴᠢ ᠬᠤᠯᠪᠣᠭᠳᠠᠯ᠂ ᠨᠥᠬᠦᠪᠦᠷᠢ ᠥᠭᠬᠦ ᠪᠠᠷᠢᠮᠵᠢᠶ᠎ᠠ᠂ ᠭᠦᠢᠴᠡᠳᠬᠡᠬᠦ ᠶᠠᠪᠤᠴᠠ ᠵᠢᠴᠢ ᠨᠥᠬᠦᠪᠦᠷᠢ ᠥᠭᠬᠦ ᠪᠣᠳᠠᠲᠤ ᠵᠢᠱᠢᠶ᠎ᠡ ᠶᠢ ᠭᠦᠢᠴᠡᠳ ᠠᠰᠢᠭᠯᠠᠵᠤ᠂ ᠬᠠᠷᠢᠯᠴᠠᠨ ᠬᠠᠪᠰᠤᠷᠤᠯᠴᠠᠬᠤ ᠠᠵᠢᠯᠯᠠᠭ᠎ᠠ ᠶᠢᠨ ︽ᠡᠪᠡᠳᠴᠢᠲᠡᠨ ᠪᠠᠶᠢᠪᠠᠯ ᠨᠠᠳᠠ ᠶᠢ ᠬᠠᠪᠰᠤᠷᠤᠨ᠎ᠠ᠂ ᠡᠪᠡᠳᠴᠢᠨ ᠦᠭᠡᠢ ᠪᠣᠯ ᠪᠢ ᠪᠤᠰᠤᠳ ᠢ ᠬᠠᠪᠰᠤᠷᠤᠨ᠎ᠠ︾ ᠭᠡᠰᠡᠨ ᠠᠩᠬᠠᠨ ᠤ ᠵᠣᠷᠢᠯᠲᠠ ᠶᠢ ᠲᠣᠳᠣᠷᠬᠠᠢ ᠲᠠᠶᠢᠯᠪᠤᠷᠢᠯᠠᠵᠤ᠂ ᠳᠡᠷᠭᠡᠳᠡᠬᠢ ᠬᠥᠮᠥᠨ ᠪᠠ ᠳᠡᠷᠭᠡᠳᠡᠬᠢ ᠶᠠᠪᠤᠳᠠᠯ ᠢᠶᠠᠨ ᠭᠦᠢᠴᠡᠳ ᠠᠰᠢᠭᠯᠠᠨ᠂ ᠬᠠᠷᠢᠯᠴᠠᠨ ᠬᠠᠪᠰᠤᠷᠤᠯᠴᠠᠬᠤ ᠠᠵᠢᠯᠯᠠᠭ᠎ᠠ ᠶᠢᠨ ᠠᠵᠢᠯᠲᠠᠨ ᠠᠵᠢᠯᠴᠢᠨ ᠳᠤ ᠠᠪᠴᠢᠷᠠᠭᠰᠠᠨ ᠦᠨᠡᠨ ᠪᠣᠳᠠᠲᠠᠢ ᠠᠰᠢᠭ ᠲᠤᠰᠠ ᠶᠢ ᠭᠡᠷᠡᠴᠢᠯᠡᠵᠦ᠂ ᠠᠵᠢᠯᠲᠠᠨ ᠠᠵᠢᠯᠴᠢᠨ ᠤ ᠬᠠᠷᠢᠯᠴᠠᠨ ᠬᠠᠪᠰᠤᠷᠤᠯᠴᠠᠬᠤ ᠠᠵᠢᠯᠯᠠᠭ᠎ᠠ ᠶᠢ ᠥᠷᠨᠢᠭᠦᠯᠬᠦ ᠳᠤ ᠶᠠᠷᠢᠶ᠎ᠠ ᠬᠡᠯᠡᠯᠴᠡᠭᠡᠨ ᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠵᠤ᠂ ᠠᠵᠢᠯᠲᠠᠨ ᠠᠵᠢᠯᠴᠢᠨ ᠨᠢᠭᠡᠪᠦᠷᠢ ᠳᠤ ᠴᠥᠮ ᠡᠨᠡ ᠬᠦ ᠪᠠᠲᠤᠯᠠᠭ᠎ᠠ ᠶᠢ ᠡᠳ᠋ᠯᠡᠭᠦᠯᠬᠦ ᠬᠡᠷᠡᠭᠲᠡᠢ᠃                   ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ                        2023 ᠣᠨ ᠤ 4 ᠳ᠋ᠤᠭᠡᠷ ᠰᠠᠷ᠎ᠠ ᠶᠢᠨ 10 ᠤ ᠡᠳᠦᠷ       2023 ᠣᠨ ᠤ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯᠯᠠᠭ᠎ᠠ ᠥᠷᠨᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠠᠯᠪᠠᠨ ᠭᠡᠷ ᠤᠨ ᠮᠡᠳᠡᠭᠳᠡᠯᠡᠯ᠎ᠡ ᠠᠶᠢᠮᠠᠭ ᠬᠤᠲᠠ ᠶᠢᠨ ᠠᠵᠢᠯᠴᠢᠨ ᠤ ᠡᠪᠯᠡᠯ᠂ ᠡᠯ᠎ᠡ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠠᠵᠢᠯᠴᠢᠨ ᠤ ᠡᠪᠯᠡᠯ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠠᠵᠢᠯᠴᠢᠨ ᠤ ᠡᠪᠯᠡᠯ ᠤᠨ ᠠᠵᠢᠯᠯᠠᠬᠤ ᠵᠥᠪᠯᠡᠯ᠂ ᠡᠯ᠎ᠡ ᠬᠤᠯᠪᠣᠭᠳᠠᠯ ᠪᠦᠬᠦᠢ ᠠᠵᠤ ᠠᠬᠤᠶᠢᠯᠠᠯ ᠤᠨ ᠠᠵᠢᠯᠴᠢᠨ ᠤ ᠡᠪᠯᠡᠯ ᠳᠤ᠄      2022 ᠣᠨ ᠳᠤ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠠᠵᠢᠯᠲᠠᠨ ᠠᠵᠢᠯᠴᠢᠨ ᠢᠶᠠᠷ ᠭᠤᠣᠯ ᠪᠣᠯᠭᠠᠬᠤ ᠠᠵᠢᠯ ᠤᠨ ᠤᠳᠤᠷᠢᠳᠤᠮᠵᠢ ᠶᠢ ᠪᠠᠷᠢᠮᠲᠠᠯᠠᠵᠤ᠂ ︽ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠠᠵᠢᠯᠲᠠᠨ ᠠᠵᠢᠯᠴᠢᠨ ᠲᠦᠮᠡᠨ ᠳᠤ ᠦᠨᠡᠨᠴᠢ ᠪᠠᠷ ᠦᠢᠯᠡᠴᠢᠯᠡᠬᠦ ︾ ᠦᠨᠳᠦᠰᠦᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯᠯᠠᠭ᠎ᠠ ᠶᠢᠨ ᠰᠢᠨ᠎ᠡ ᠰᠢᠪᠲᠤᠯᠤᠯᠲᠠ ᠶᠢ ᠪᠡᠶᠡᠯᠡᠭᠦᠯᠵᠦ᠂ ᠪᠥᠬᠦ ᠣᠷᠣᠨ ᠤ ᠰᠢᠨ᠎ᠡ ᠪᠠᠷ ᠨᠡᠮᠡᠭᠳᠡᠭᠰᠡᠨ ᠬᠠᠷᠢᠯᠴᠠᠨ ᠬᠠᠪᠰᠤᠷᠤᠯᠴᠠᠬᠤ ᠨᠢᠭᠡᠴᠡ 2 ᠮᠢᠩᠭ᠎ᠠ ᠭᠠᠷᠤᠢ ᠪᠣᠯᠵᠤ᠂ ᠰᠢᠨ᠎ᠡ ᠪᠠᠷ ᠨᠡᠮᠡᠭᠳᠡᠭᠰᠡᠨ ᠭᠡᠰᠢᠭᠦᠨ 35 ᠲᠦᠮᠡ ᠪᠣᠯᠵᠤ᠂ ᠬᠠᠷᠢᠯᠴᠠᠨ ᠬᠠᠪᠰᠤᠷᠤᠯᠴᠠᠬᠤ ᠭᠡᠰᠢᠭᠦᠨ 155 ᠲᠦᠮᠡ ᠳᠤ ᠬᠦᠷᠴᠦ᠂ 5.3 ᠲᠦᠮᠡᠨ ᠬᠥᠮᠥᠨ ᠤᠳᠠᠭ᠎ᠠ ᠶᠢᠨ ᠡᠪᠡᠳᠴᠢᠯᠡᠭᠰᠡᠨ ᠠᠵᠢᠯᠲᠠᠨ ᠠᠵᠢᠯᠴᠢᠨ ᠳᠤ 5000 ᠭᠠᠷᠤᠢ ᠲᠦᠮᠡᠨ ᠲᠥᠭᠦᠷᠢᠭ ᠤᠨ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠮᠥᠩᠭᠦ ᠲᠠᠷᠬᠠᠭᠠᠵᠤ᠂ ᠠᠵᠢᠯᠲᠠᠨ ᠠᠵᠢᠯᠴᠢᠨ ᠤ ᠬᠠᠮᠤᠷᠬᠤ ᠬᠡᠪᠴᠢᠶ᠎ᠡ ᠪᠠ ᠠᠰᠢᠭ ᠭᠥᠷᠳᠡᠬᠦ ᠨᠣᠷᠮ᠎ᠠ ᠦᠷᠭᠦᠯᠵᠢᠯᠡᠨ ᠳᠡᠭᠡᠭᠰᠢᠯᠡᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠭᠦᠢᠴᠡᠳ ᠨᠤᠲᠠᠯᠠᠯᠲᠠ ᠶᠢ ᠣᠯᠪᠠ᠃2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠠᠴᠠ ᠠᠵᠢᠯᠲᠠᠨ ᠠᠵᠢᠯᠴᠢᠨ ᠤ ᠡᠮᠨᠡᠯᠭᠡ ᠳᠤ ᠰᠠᠭᠤᠵᠤ ᠡᠮᠴᠢᠯᠡᠭᠦᠯᠬᠦ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯᠯᠠᠭ᠎ᠠ ᠪᠠ ᠡᠮᠡᠭᠲᠡᠶᠢᠴᠦᠳ ᠤᠨ ᠰᠢᠨ᠎ᠡ ᠡᠷᠡᠭᠦᠯᠵᠢᠯ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠵᠢᠯᠲᠠᠨ ᠠᠵᠢᠯᠴᠢᠨ ᠤ ᠡᠮᠨᠡᠯᠭᠡ ᠳᠤ ᠰᠠᠭᠤᠵᠤ ᠡᠮᠴᠢᠯᠡᠭᠦᠯᠬᠦ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯᠯᠠᠭ᠎ᠠ ᠳᠤ ᠣᠷᠣᠯᠴᠠᠭᠰᠠᠨ ᠭᠡᠰᠢᠭᠦᠨ ᠨᠢᠭᠡᠪᠦᠷᠢ ᠳᠤ ᠦᠷᠭᠦᠯᠵᠢᠯᠡᠨ 10 ᠲᠥᠭᠦᠷᠢᠭ ᠨᠥᠬᠦᠪᠦᠷᠢᠯᠡᠨ᠎ᠡ᠃ ᠡᠳᠦᠭᠡ ᠬᠤᠯᠪᠣᠭᠳᠠᠯ ᠪᠦᠬᠦᠢ ᠵᠦᠢᠯ ᠢ ᠳᠣᠣᠷᠠᠬᠢ ᠮᠡᠲᠦ ᠮᠡᠳᠡᠭᠳᠡᠶ᠎ᠡ᠃      ᠨᠢᠭᠡ᠂ ᠵᠢᠯᠤᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠠᠵᠢᠯᠴᠢᠨ ᠠᠩᠭᠢ ᠪᠣᠯᠣᠨ ᠠᠵᠢᠯᠴᠢᠨ ᠤ ᠡᠪᠯᠡᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠨᠠᠶᠢᠳᠠᠪᠤᠷᠢᠵᠢᠭᠤᠯᠤᠨ᠂ ᠥᠪᠥᠷ ᠮᠣᠩᠭᠤᠯ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢᠨ ᠲᠤᠬᠠᠢ ᠪᠦᠬᠦ ᠣᠷᠣᠨ ᠤ ᠠᠵᠢᠯᠲᠠᠨ ᠠᠵᠢᠯᠴᠢᠳ ᠤᠨ ᠡᠩᠨᠡᠭᠡᠨ ᠤ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠤᠯᠠᠨ ᠲᠡᠰ ᠳᠠᠪᠬᠤᠷᠭ᠎ᠠ ᠶᠢᠨ ᠡᠮᠨᠡᠯᠭᠡ ᠶᠢᠨ ᠪᠠᠲᠤᠯᠠᠭ᠎ᠠ ᠶᠢᠨ ᠰᠢᠰᠲ᠋ᠧᠮᠵᠢ ᠶᠢ ᠪᠠᠶᠢᠭᠤᠯᠬᠤ ᠪᠠ ᠲᠡᠭᠦᠯᠳᠡᠷᠵᠢᠭᠦᠯᠬᠦ ᠶᠢ ᠠᠬᠢᠭᠤᠯᠬᠤ ᠳᠤ ᠠᠵᠢᠯᠴᠢᠨ ᠤ ᠡᠪᠯᠡᠯ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠡᠷᠬᠡ ᠪᠠᠨ ᠬᠠᠮᠠᠭᠠᠯᠠᠬᠤ ᠦᠢᠯᠡᠴᠢᠯᠡᠭᠡᠨ ᠤ ᠦᠨᠳᠦᠰᠦᠨ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ᠂ ᠠᠵᠢᠯᠲᠠᠨ ᠠᠵᠢᠯᠴᠢᠳ ᠤᠨ ᠡᠮᠨᠡᠯᠭᠡ ᠶᠢᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠲᠠᠰᠤᠷᠠᠯᠳᠠ ᠦᠭᠡᠢ ᠲᠡᠭᠡᠭᠰᠢᠯᠡᠭᠦᠯᠦᠨ᠎ᠡ᠃      ᠬᠤᠶᠠᠷ᠂ ᠠᠵᠢᠯᠯᠠᠭ᠎ᠠ ᠶᠢᠨ ᠠᠭᠤᠯᠭ᠎ᠠ      2023 ᠣᠨ ᠤ ᠠᠵᠢᠯᠲᠠᠨ ᠠᠵᠢᠯᠴᠢᠨ ᠤ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯᠯᠠᠭ᠎ᠠ ᠨᠢ ᠬᠤᠶᠠᠷ ᠵᠦᠢᠯ ᠤᠨ ᠠᠭᠤᠯᠭ᠎ᠠ ᠶᠢ ᠬᠠᠮᠤᠷᠴᠤ᠂ ᠲᠣᠰ ᠲᠣᠰ ᠠᠵᠢᠯᠲᠠᠨ ᠠᠵᠢᠯᠴᠢᠨ ᠤ ᠡᠮᠨᠡᠯᠭᠡ ᠳᠤ ᠰᠠᠭᠤᠵᠤ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯᠯᠠᠭ᠎ᠠ ᠪᠠ ᠡᠮᠡᠭᠲᠡᠶᠢᠴᠦᠳ ᠤᠨ ᠰᠢᠨ᠎ᠡ ᠡᠷᠡᠭᠦᠯᠵᠢᠯ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯᠯᠠᠭ᠎ᠠ ᠪᠣᠯᠣᠨ᠎ᠠ᠃ ︽ᠥᠪᠥᠷ ᠮᠣᠩᠭᠤᠯ ᠤᠨ ᠠᠵᠢᠯᠲᠠᠨ ᠠᠵᠢᠯᠴᠢᠨ ᠤ ᠡᠮᠨᠡᠯᠭᠡ ᠳᠤ ᠰᠠᠭᠤᠵᠤ ᠡᠮᠨᠡᠭᠦᠯᠬᠦ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ 2023 ᠣᠨ ᠤ ︵5 ᠳ᠋ᠤᠭᠠᠷ ᠬᠤᠭᠤᠴᠠᠭ᠎ᠠ︶ ᠶᠢᠨ ᠠᠵᠢᠯᠯᠠᠭ᠎ᠠ ᠶᠢᠨ ᠬᠡᠷᠡᠭᠵᠢᠭᠦᠯᠬᠦ ᠨᠠᠷᠢᠨ ᠳᠦᠷᠢᠮ︾ ᠪᠠ ︽ᠥᠪᠥᠷ ᠮᠣᠩᠭᠤᠯ ᠤᠨ ᠡᠮᠡᠭᠲᠡᠶᠢᠴᠦᠳ ᠤᠨ ᠰᠢᠨ᠎ᠡ ᠡᠷᠡᠭᠦᠯᠵᠢᠯ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ 2023 ᠣᠨ ᠤ ︵2 ᠳ᠋ᠤᠭᠠᠷ ᠬᠤᠭᠤᠴᠠᠭ᠎ᠠ︶ ᠶᠢᠨ ᠠᠵᠢᠯᠯᠠᠭ᠎ᠠ ᠶᠢᠨ ᠬᠡᠷᠡᠭᠵᠢᠭᠦᠯᠬᠦ ᠨᠠᠷᠢᠨ ᠳᠦᠷᠢᠮ︾ ᠳᠤ ᠨᠠᠷᠢᠪᠴᠢᠯᠠᠨ ᠦᠵᠡᠭᠡᠷᠡᠢ᠃      ᠭᠤᠷᠪᠠ᠂ ᠠᠵᠢᠯ ᠤᠨ ᠱᠠᠭᠠᠷᠳᠠᠯᠭ᠎ᠠ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠲᠣᠳᠣᠷᠬᠠᠶᠢᠯᠠᠬᠤ ᠬᠡᠷᠡᠭᠲᠡᠢ᠃ ᠡᠯ᠎ᠡ ᠱᠠᠲᠤᠨ ᠤ ᠠᠵᠢᠯᠴᠢᠨ ᠤ ᠡᠪᠯᠡᠯ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠠᠵᠢᠯᠲᠠᠨ ᠠᠵᠢᠯᠴᠢᠨ ᠤ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢ ᠣᠨ ᠤ ᠭᠤᠣᠯᠳᠠᠯᠭ᠎ᠠ ᠲᠠᠢ ᠠᠵᠢᠯ ᠳᠤ ᠣᠷᠣᠭᠤᠯᠤᠨ ᠨᠢᠭᠡᠳᠦᠯᠲᠡᠢ ᠠᠷᠭ᠎ᠠ ᠰᠦᠪᠡᠭᠴᠢᠯᠡᠬᠦ᠂ ᠨᠢᠭᠡᠳᠦᠯᠲᠡᠢ ᠪᠠᠶᠢᠷᠢᠯᠠᠭᠤᠯᠬᠤ᠂ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢ ᠠᠵᠢᠯᠴᠢᠨ ᠤ ᠡᠪᠯᠡᠯ ᠤᠨ ᠦᠢᠯᠡᠴᠢᠯᠡᠭᠡᠨ ᠤ ᠠᠷᠭ᠎ᠠ ᠵᠠᠮ ᠢ ᠥᠷᠭᠡᠳᠬᠡᠬᠦ᠂ ᠠᠵᠢᠯᠲᠠᠨ ᠠᠵᠢᠯᠴᠢᠨ ᠤ ᠲᠣᠰ ᠪᠡᠶ᠎ᠡ ᠶᠢᠨ ᠠᠰᠢᠭ ᠲᠤᠰᠠ ᠶᠢ ᠬᠠᠮᠠᠭᠠᠯᠠᠬᠤ᠂ ᠠᠵᠢᠯᠲᠠᠨ ᠠᠵᠢᠯᠴᠢᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠪᠦᠲᠦᠮᠵᠢᠲᠡᠢ ᠠᠷᠭ᠎ᠠ ᠵᠠᠮ ᠪᠣᠯᠭᠠᠵᠤ᠂ ᠭᠤᠣᠯ ᠤᠳᠤᠷᠢᠳᠤᠯᠭ᠎ᠠ ᠨᠢᠭᠡᠳᠦᠯᠲᠡᠢ ᠲᠥᠯᠥᠪᠯᠡᠨ ᠠᠳᠬᠤᠬᠤ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠣᠳᠠᠲᠠᠢ ᠪᠠᠷ ᠠᠳᠬᠤᠬᠤ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠰᠠᠨᠠᠭᠠᠴᠢᠯᠠᠭ᠎ᠠ ᠠᠴᠠ ᠪᠠᠨ ᠠᠳᠬᠤᠬᠤ᠂ ᠠᠵᠢᠯᠴᠢᠨ ᠤ ᠡᠪᠯᠡᠯ ᠬᠦᠴᠦ ᠪᠠᠨ ᠬᠠᠮᠲᠤᠳᠬᠠᠨ ᠠᠳᠬᠤᠬᠤ ᠠᠵᠢᠯ ᠤᠨ ᠪᠠᠶᠢᠷᠢᠰᠢᠯ ᠢ ᠪᠣᠶ ᠪᠣᠯᠭᠠᠨ᠎ᠠ᠃ ᠬᠦᠴᠦᠨ ᠤ ᠲᠣᠬᠢᠷᠠᠭᠤᠯᠤᠯᠲᠠ ᠶᠢ ᠴᠢᠩᠭᠠᠳᠬᠠᠵᠤ᠂ ᠲᠤᠰᠬᠠᠢ ᠬᠥᠮᠥᠨ ᠢᠶᠠᠷ ᠬᠠᠷᠢᠭᠤᠴᠠᠬᠤ ᠶᠢ ᠲᠣᠳᠣᠷᠬᠠᠶᠢᠯᠠᠵᠤ᠂ ᠠᠶᠢᠮᠠᠭ ᠬᠤᠲᠠ ᠶᠢᠨ ᠱᠠᠲᠤᠨ ᠤ ᠬᠡᠷᠡᠭ ᠡᠷᠬᠢᠯᠡᠬᠦ ᠭᠠᠵᠠᠷ ᠢ 2 ᠬᠥᠮᠥᠨ ᠠᠴᠠ ᠳᠤᠲᠠᠭᠤ ᠪᠠᠶᠢᠯᠭᠠᠵᠤ ᠪᠣᠯᠬᠤ ᠦᠭᠡᠢ ᠂ ᠬᠤᠰᠢᠭᠤ ᠰᠢᠶᠠᠨ ᠤ ᠱᠠᠲᠤᠨ ᠤ ᠣᠷᠣᠯᠠᠨ ᠭᠦᠢᠴᠡᠳᠬᠡᠬᠦ ᠴᠡᠭ  ᠲᠤ 1 ᠬᠥᠮᠥᠨ ᠠᠴᠠ ᠳᠤᠲᠠᠭᠤ ᠪᠠᠶᠢᠯᠭᠠᠵᠤ ᠪᠣᠯᠬᠤ ᠦᠭᠡᠢ᠂ ᠠᠵᠢᠯᠲᠠᠨ ᠠᠵᠢᠯᠴᠢᠨ ᠤ ᠡᠮᠴᠢᠯᠡᠭᠡᠨ ᠤ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯᠯᠠᠭ᠎ᠠ ᠶᠢ ᠲᠤᠰᠬᠠᠢ ᠬᠥᠮᠥᠨ ᠢᠶᠠᠷ ᠲᠤᠰᠬᠠᠢ ᠬᠠᠮᠢᠶᠠᠷᠤᠭᠤᠯᠵᠤ᠂ ᠵᠢᠷᠤᠮᠵᠢᠭᠤᠯᠤᠨ ᠬᠡᠷᠡᠭᠵᠢᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃      ︵ᠬᠤᠶᠠᠷ︶ ᠨᠠᠷᠢᠨ ᠨᠢᠭᠲᠠ ᠪᠠᠶᠢᠷᠢᠯᠠᠭᠤᠯᠤᠨ ᠲᠣᠬᠢᠷᠠᠭᠤᠯᠵᠤ᠂ ᠡᠮᠬᠢ ᠵᠢᠷᠤᠮ ᠲᠠᠢ ᠪᠥᠭᠡᠳ ᠬᠦᠴᠦᠲᠡᠢ ᠠᠬᠢᠭᠤᠯᠤᠨ᠎ᠠ᠃ ᠡᠯ᠎ᠡ ᠱᠠᠲᠤᠨ ᠤ ᠠᠵᠢᠯᠴᠢᠨ ᠤ ᠡᠪᠯᠡᠯ ᠲᠤᠰ ᠭᠠᠵᠠᠷ ᠣᠷᠣᠨ ᠲᠤᠰ  ᠨᠢᠭᠡᠴᠡ ᠶᠢᠨ ᠢᠶᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠨᠠᠷᠢᠨ ᠨᠢᠮᠪᠠᠢ ᠪᠠᠶᠢᠷᠢᠯᠠᠭᠤᠯᠵᠤ᠂ ᠲᠣᠭᠲᠠᠭᠰᠠᠨ ᠴᠠᠭ ᠤᠨ ᠳᠣᠲᠣᠷ᠎ᠠ ᠠᠵᠢᠯ ᠤᠨ ᠡᠭᠦᠷᠭᠡ ᠪᠠᠨ ᠡᠷᠬᠡᠪᠰᠢ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠬᠡᠷᠡᠭᠲᠡᠢ᠃ ᠪᠣᠳᠠᠲᠠᠢ ᠲᠣᠬᠢᠷᠠᠭᠤᠯᠤᠯᠲᠠ ᠨᠢ᠄ 3 ᠳ᠋ᠤᠭᠠᠷ ᠰᠠᠷ᠎ᠠ ᠶᠢᠨ 1 ᠤ ᠡᠳᠦᠷ ᠠᠴᠠ 12 ᠳ᠋ᠤᠭᠠᠷ ᠰᠠᠷ᠎ᠠ ᠶᠢᠨ 10 ᠤ ᠡᠳᠦᠷ ᠪᠣᠯᠲᠠᠯ᠎ᠠ᠂ ᠡᠮᠡᠭᠲᠡᠶᠢᠴᠦᠳ ᠤᠨ ᠰᠢᠨ᠎ᠡ ᠡᠷᠡᠭᠦᠯᠵᠢᠯ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯᠯᠠᠭ᠎ᠠ ᠥᠷᠨᠢᠭᠦᠯᠦᠨ᠎ᠡ︔ 5 ᠳ᠋ᠤᠭᠠᠷ ᠰᠠᠷ᠎ᠠ ᠶᠢᠨ 1 ᠤ ᠡᠳᠦᠷ ᠠᠴᠠ 12 ᠳ᠋ᠤᠭᠠᠷ ᠰᠠᠷ᠎ᠠ ᠶᠢᠨ 10 ᠤ ᠡᠳᠦᠷ ᠪᠣᠯᠲᠠᠯ᠎ᠠ᠂ ᠠᠵᠢᠯᠲᠠᠨ ᠠᠵᠢᠯᠴᠢᠨ ᠤ ᠡᠮᠨᠡᠯᠭᠡ ᠳᠤ ᠰᠠᠭᠤᠵᠤ ᠡᠮᠨᠡᠭᠦᠯᠬᠦ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯᠯᠠᠭ᠎ᠠ ᠥᠷᠨᠢᠭᠦᠯᠦᠨ᠎ᠡ︔      ︵ᠭᠤᠷᠪᠠ︶ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠎ᠠ᠃ ᠡᠯ᠎ᠡ ᠱᠠᠲᠤᠨ ᠤ ᠠᠵᠢᠯᠴᠢᠨ ᠤ ᠡᠪᠯᠡᠯ ᠥᠷᠭᠡᠨ ᠣᠯᠠᠨ ᠠᠵᠢᠯᠲᠠᠨ ᠠᠵᠢᠯᠴᠢᠨ ᠳᠤ ᠡᠮ ᠡᠮᠨᠡᠯᠭᠡ ᠶᠢᠨ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯᠯᠠᠭ᠎ᠠ ᠶᠢᠨ ᠴᠢᠬᠤᠯᠠ ᠴᠢᠨᠠᠷ ᠢ ᠤᠬᠠᠭᠤᠯᠵᠤ᠂ ᠰᠣᠨᠢᠨ᠂ ᠷᠠᠳᠢᠣ᠋ ᠬᠤᠷᠢᠶ᠎ᠠ᠂ ᠲᠧᠯᠸᠢᠰ ᠬᠤᠷᠢᠶ᠎ᠠ᠂ ᠰᠦᠯᠵᠢᠶ᠎ᠡ ᠵᠡᠷᠭᠡ ᠵᠢᠭᠰᠠᠭᠠᠯ ᠤᠨ ᠭᠠᠵᠠᠷ ᠪᠠ ᠠᠴᠢᠶᠠᠯᠠᠪᠤᠷᠢ ᠶᠢ ᠭᠦᠢᠴᠡᠳ ᠠᠰᠢᠭᠯᠠᠵᠤ᠂ ᠬᠠᠷᠢᠯᠴᠠᠨ ᠬᠠᠪᠰᠤᠷᠤᠯᠴᠠᠬᠤ ᠠᠵᠢᠯᠯᠠᠭ᠎ᠠ ᠶᠢᠨ ᠵᠣᠷᠢᠯᠲᠠ ᠶᠢᠨ ᠠᠴᠢ ᠬᠤᠯᠪᠣᠭᠳᠠᠯ᠂ ᠲᠥᠷᠥ ᠶᠢᠨ ᠪᠣᠳᠣᠯᠭ᠎ᠠ ᠶᠢᠨ ᠲᠣᠭᠲᠠᠭᠠᠯ᠂ ᠭᠦᠢᠴᠡᠳᠬᠡᠬᠦ ᠶᠠᠪᠤᠴᠠ ᠵᠢᠴᠢ ᠲᠤᠰᠠᠯᠠᠮᠵᠢ ᠶᠢᠨ ᠪᠣᠳᠠᠲᠤ ᠵᠢᠱᠢᠶ᠎ᠡ ᠶᠢ ᠥᠷᠭᠡᠨ ᠢᠶᠠᠷ ᠤᠬᠠᠭᠤᠯᠵᠤ᠂ ᠬᠠᠷᠢᠯᠴᠠᠨ ᠬᠠᠪᠰᠤᠷᠤᠯᠴᠠᠬᠤ ᠠᠵᠢᠯᠯᠠᠭ᠎ᠠ ᠶᠢᠨ ︽ᠡᠪᠡᠳᠴᠢᠲᠡᠨ ᠪᠠᠶᠢᠪᠠᠯ ᠨᠠᠳᠠ ᠶᠢ ᠬᠠᠪᠰᠤᠷᠤᠨ᠎ᠠ᠂ ᠡᠪᠡᠳᠴᠢᠨ ᠦᠭᠡᠢ ᠪᠣᠯ ᠪᠢ ᠪᠤᠰᠤᠳ ᠢ ᠬᠠᠪᠰᠤᠷᠤᠨ᠎ᠠ︾ ᠭᠡᠰᠡᠨ ᠤᠭ ᠰᠠᠨᠠᠭ᠎ᠠ ᠶᠢ ᠲᠣᠳᠣᠷᠬᠠᠶᠢᠯᠠᠨ ᠶᠠᠷᠢᠵᠤ᠂ ᠳᠡᠷᠭᠡᠳᠡᠬᠢ ᠬᠥᠮᠥᠰ ᠤᠨ ᠳᠡᠷᠭᠡᠳᠡᠬᠢ ᠶᠠᠪᠤᠳᠠᠯ ᠢ ᠭᠦᠢᠴᠡᠳ ᠠᠰᠢᠭᠯᠠᠨ᠂ ᠬᠠᠷᠢᠯᠴᠠᠨ ᠬᠠᠪᠰᠤᠷᠤᠯᠴᠠᠬᠤ ᠠᠵᠢᠯᠯᠠᠭ᠎ᠠ ᠶᠢᠨ ᠠᠵᠢᠯᠲᠠᠨ ᠠᠵᠢᠯᠴᠢᠨ ᠳᠤ ᠠᠪᠴᠢᠷᠠᠭᠰᠠᠨ ᠦᠨᠡᠨ ᠪᠣᠳᠠᠲᠠᠢ ᠠᠰᠢᠭ ᠲᠤᠰᠠ ᠶᠢ ᠭᠡᠷᠡᠴᠢᠯᠡᠵᠦ᠂ ᠠᠵᠢᠯᠲᠠᠨ ᠠᠵᠢᠯᠴᠢᠨ ᠤ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢ ᠥᠷᠨᠢᠭᠦᠯᠬᠦ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠢ᠃      ︵ᠳᠥᠷᠪᠡ︶ ᠰᠢᠯᠭᠠᠨ ᠬᠢᠨᠠᠵᠤ ᠤᠷᠮᠠᠰᠢᠭᠤᠯᠬᠤ ᠶᠢ ᠴᠢᠩᠭᠠᠳᠬᠠᠵᠤ᠂ ᠦᠷᠭᠦᠯᠵᠢᠯᠡᠨ ᠮᠥᠷᠳᠡᠵᠦ ᠦᠷ᠎ᠡ ᠪᠦᠲᠦᠮᠵᠢ ᠶᠢ ᠨᠢ ᠠᠰᠠᠭᠤᠨ᠎ᠠ᠃ ᠣᠷᠣᠨ ᠤ ᠶᠡᠷᠦᠩᠬᠡᠢ ᠵᠠᠬᠢᠷᠭ᠎ᠠ ᠠᠴᠠ ᠠᠵᠢᠯᠲᠠᠨ ᠠᠵᠢᠯᠴᠢᠨ ᠤ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯᠯᠠᠭ᠎ᠠ ᠶᠢ ᠠᠵᠢᠯᠲᠠᠨ ᠠᠵᠢᠯᠴᠢᠨ ᠳᠤ ᠦᠢᠯᠡᠴᠢᠯᠡᠬᠦ ᠪᠠᠲᠤᠯᠠᠭ᠎ᠠ ᠶᠢᠨ ᠨᠢᠭᠡ ᠵᠦᠢᠯ ᠤᠨ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠠᠶᠢᠮᠠᠭ ᠬᠤᠲᠠ ᠶᠢᠨ ᠠᠵᠢᠯᠴᠢᠨ ᠤ ᠡᠪᠯᠡᠯ ᠤᠨ ᠣᠨ ᠤ ᠰᠢᠯᠭᠠᠨ ᠬᠢᠨᠠᠬᠤ ᠠᠵᠢᠯ ᠤᠨ ᠬᠠᠷᠠᠯᠲᠠ ᠳᠤ ᠣᠷᠣᠭᠤᠯᠤᠨ᠂ ᠡᠯ᠎ᠡ ᠠᠶᠢᠮᠠᠭ ᠬᠤᠲᠠ ᠶᠢᠨ ᠬᠤᠲᠠ ᠪᠠᠯᠭᠠᠰᠤ ᠶᠢᠨ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠬᠥᠮᠥᠨ ᠤ ᠲᠤᠭ᠎ᠠ ᠶᠢ ᠦᠨᠳᠦᠰᠦᠯᠡᠨ᠂ ᠡᠷᠬᠡ ᠲᠡᠭᠰᠢ ᠲᠥᠪ ᠭᠤᠣᠯᠴᠢ ᠪᠠᠶᠢᠬᠤ ᠵᠠᠷᠴᠢᠮ ᠶᠣᠰᠣᠭᠠᠷ᠂ ᠣᠨ ᠤ ᠬᠠᠷᠢᠯᠴᠠᠨ ᠣᠷᠣᠯᠴᠠᠬᠤ ᠬᠠᠷᠠᠯᠲᠠ ᠶᠢᠨ ᠵᠢᠯᠤᠭᠤᠳᠬᠤ ᠲᠥᠯᠥᠪᠯᠡᠭᠡ ᠶᠢ ᠪᠠᠭᠤᠯᠭᠠᠬᠤ ᠬᠡᠷᠡᠭᠲᠡᠢ᠃                   2023 ᠣᠨ ᠤ 2 ᠳ᠋ᠤᠭᠠᠷ ᠰᠠᠷ᠎ᠠ ᠶᠢᠨ 22 ᠤᠨ ᠡᠳᠦᠷ
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1