ᠪᠦᠬᠦ ᠰᠢᠶᠠᠨ ᠤ ᠰᠠᠯᠠᠭᠠᠨ ᠳᠡᠰ ᠤᠨ ᠺᠠᠳ᠋ᠷᠴᠤᠳ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ ᠡᠭᠡᠯᠵᠢᠯᠡᠨ ᠪᠣᠯᠪᠠᠰᠤᠷᠠᠭᠤᠯᠬᠤ ᠠᠩᠭᠢ ᠰᠤᠷᠤᠯᠭ᠎ᠠ ᠡᠬᠢᠯᠡᠪᠡ
ᠨᠡᠶᠢᠲᠡᠯᠡᠭᠰᠡᠨ ᠴᠠᠭ᠄
2023/4/11
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠬᠥᠮᠦᠵᠢᠯ ᠪᠣᠯᠪᠠᠰᠤᠷᠠᠭᠤᠯᠤᠯ ᠢ ᠥᠷᠨᠢᠭᠦᠯᠬᠦ ᠲᠤᠬᠠᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠰᠢᠶᠠᠨ ᠤ ᠤᠳᠤᠷᠢᠳᠬᠤ ᠺᠠᠳ᠋ᠷᠴᠤᠳ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠶᠢ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠡᠳᠬᠢᠯ ᠳᠡᠭᠡᠨ ᠰᠢᠩᠭᠡᠭᠡᠵᠦ᠂ ᠪᠦᠬᠦ ᠰᠢᠶᠠᠨ ᠤ ᠤᠳᠤᠷᠢᠳᠬᠤ ᠺᠠᠳ᠋ᠷᠴᠤᠳ ᠢ ᠬᠥᠮᠥᠵᠢᠭᠦᠯᠦᠨ ᠬᠥᠲᠥᠯᠥᠨ ᠵᠢᠯᠤᠭᠤᠳᠬᠤ ᠶᠢ ᠲᠦᠯᠬᠢᠨ ᠠᠬᠢᠭᠤᠯᠬᠤ ᠶᠢᠨ ᠲᠥᠯᠥᠭᠡ᠂ 4 ᠳ᠋ᠤᠭᠡᠷ ᠰᠠᠷ᠎ᠠ ᠶᠢᠨ 10  ᠤ ᠡᠳᠦᠷ᠂ ᠪᠦᠬᠦ ᠰᠢᠶᠠᠨ ᠤ ᠰᠠᠯᠠᠭᠠᠨ ᠲᠡᠰ ᠤᠨ ᠺᠠᠳ᠋ᠷᠴᠤᠳ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ ᠡᠭᠡᠯᠵᠢᠯᠡᠨ ᠪᠣᠯᠪᠠᠰᠤᠷᠠᠭᠤᠯᠬᠤ ᠠᠩᠭᠢ ᠶᠦᠨ ᠵᠦᠩ ᠤᠨ ᠰᠣᠶᠣᠯ ᠤᠨ ᠣᠷᠳᠣᠨ ᠳᠤ ᠰᠤᠷᠤᠯᠭ᠎ᠠ ᠡᠬᠢᠯᠡᠪᠡ᠃      ᠲᠤᠰ ᠤᠳᠠᠭ᠎ᠠ ᠶᠢᠨ ᠪᠣᠯᠪᠠᠰᠤᠷᠠᠯ ᠢ ᠭᠤᠣᠯᠳᠠᠭᠤ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠠᠬᠤᠢ ᠪᠠᠶᠢᠳᠠᠯ ᠢ ᠨᠡᠭᠡᠭᠡᠬᠦ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ᠂ ᠡᠬᠡ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠵᠡᠷᠭᠡ ᠬᠢᠴᠢᠶᠡᠯ ᠤᠨ ᠲᠣᠭᠤᠷᠢᠨ ᠳᠤ ᠥᠷᠨᠢᠭᠦᠯᠵᠡᠢ᠃ ᠡᠭᠡᠯᠵᠢᠯᠡᠨ ᠪᠣᠯᠪᠠᠰᠤᠷᠠᠭᠤᠯᠬᠤ ᠠᠩᠭᠢ ᠶᠢᠨ ᠬᠢᠨ ᠬᠤᠳᠠ ᠶᠢᠨ ᠨᠠᠮ ᠤᠨ ᠬᠤᠷᠢᠶ᠎ᠠ ᠶᠢᠨ ᠤᠯᠤᠰ ᠲᠦᠷᠦ ᠪᠠ ᠬᠠᠤᠯᠢ ᠴᠠᠭᠠᠵᠠ ᠶᠢᠨ ᠵᠢᠭᠠᠨ ᠰᠤᠳᠤᠯᠬᠤ ᠲᠠᠰᠤᠭ ᠤᠨ ᠡᠷᠬᠢᠯᠡᠭᠴᠢ᠂ ᠳᠡᠳ᠋ ᠫᠷᠤᠹᠥᠰᠰᠤᠷ ᠶᠦᠨ ᡁᠢ ᠪᠠᠭᠰᠢ ᠶᠢ ᠤᠷᠢᠵᠤ᠂ ︽ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠤᠯᠤᠰ ᠲᠦᠷᠦ ᠶᠢᠨ ᠲᠤᠩᠬᠠᠭ ᠪᠠ ᠠᠵᠢᠯᠯᠠᠭᠠᠨ ᠤ ᠬᠥᠲᠥᠯᠪᠦᠷᠢ ︱ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠤᠶ᠎ᠠ︾ ᠭᠡᠬᠦ ᠰᠡᠳᠦᠪ ᠢᠶᠠᠷ ᠠᠩᠬ᠎ᠠ ᠤᠳᠠᠭ᠎ᠠ ᠬᠢᠴᠢᠶᠡᠯᠯᠡᠪᠡ᠃ ᠲᠠᠶᠢᠯᠤᠮᠵᠢ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠴᠢᠬᠤᠯᠠ ᠠᠴᠢ ᠬᠤᠯᠪᠣᠭᠳᠠᠯ ᠪᠠ ᠲᠡᠦᠬᠡᠨ ᠪᠠᠶᠢᠷᠢ ᠰᠠᠭᠤᠷᠢ ᠶᠢ ᠭᠦᠢᠴᠡᠳ ᠲᠠᠨᠢᠬᠤ᠂ ᠬᠤᠷᠢᠳᠤᠭᠠᠷ ᠶᠡᠭᠡ ᠬᠤᠷᠠᠯ ᠤᠨ ᠢᠯᠡᠳᠬᠡᠯ ᠤᠨ ᠭᠤᠣᠯ ᠠᠭᠤᠯᠭ᠎ᠠ ᠵᠢᠴᠢ ᠭᠤᠣᠯ ᠴᠢᠬᠤᠯᠠ ᠠᠭᠤᠯᠭ᠎ᠠ ᠶᠢ ᠭᠦᠨᠵᠡᠭᠡᠢ ᠣᠶᠢᠯᠠᠭᠠᠬᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠤᠬᠠᠭᠤᠯᠵᠤ ᠲᠤᠤᠱᠯᠠᠭᠤᠯᠬᠤ ᠵᠡᠷᠭᠡ ᠭᠤᠷᠪᠠᠨ ᠲᠠᠯ᠎ᠠ ᠪᠠᠷ ᠪᠦᠬᠦ ᠲᠠᠯ᠎ᠠ ᠪᠠᠷ ᠪᠣᠳᠠᠲᠠᠢ᠂ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠯᠲᠠ ᠪᠠ ᠲᠣᠳᠣᠷᠬᠠᠶᠢᠯᠠᠯᠲᠠ ᠬᠢᠵᠦ᠂ ᠪᠣᠯᠪᠠᠰᠤᠷᠠᠯ ᠳᠤ ᠣᠷᠣᠯᠴᠠᠭᠰᠠᠨ ᠤᠳᠤᠷᠢᠳᠬᠤ ᠺᠠᠳ᠋ᠷᠴᠤᠳ ᠲᠤ ᠮᠠᠰᠢ ᠤᠯᠠᠨ ᠠᠰᠢᠭ ᠬᠦᠷᠲᠡᠭᠡᠵᠡᠢ᠃      ᠡᠭᠡᠯᠵᠢᠯᠡᠨ ᠪᠣᠯᠪᠠᠰᠤᠷᠠᠭᠤᠯᠬᠤ ᠠᠩᠭᠢ ᠠᠴᠠ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ ᠰᠤᠷᠤᠯᠴᠠᠯᠭ᠎ᠠ ᠶᠢ ᠠᠳᠬᠤᠵᠤ᠂ ᠰᠤᠷᠤᠯᠴᠠᠬᠤ ᠣᠪᠣᠷ ᠢᠶᠠᠨ ᠲᠥᠪ ᠪᠣᠯᠭᠠᠨ᠂ ᠠᠯᠢᠪᠠ ᠬᠠᠷᠰᠢ ᠰᠠᠭᠠᠳ ᠢ ᠠᠷᠢᠯᠭᠠᠵᠤ᠂ ᠨᠢᠭᠡ ᠰᠡᠳᠬᠢᠯ ᠢᠶᠠᠷ ᠰᠤᠷᠤᠯᠴᠠᠵᠤ᠂ ᠨᠠᠷᠢᠨ ᠨᠢᠮᠪᠠᠢ ᠰᠤᠳᠤᠯᠤᠨ ᠪᠣᠳᠣᠯᠬᠢᠯᠠᠵᠤ᠂ ᠰᠤᠷᠤᠯᠴᠠᠪᠠᠯ ᠣᠯᠣᠯᠲᠠ ᠲᠠᠢ᠂ ᠰᠡᠳᠬᠢᠪᠡᠯ ᠠᠮᠵᠢᠯᠲᠠ ᠲᠠᠢ᠂ ᠰᠤᠳᠤᠯᠪᠠᠯ ᠣᠯᠣᠯᠲᠠ ᠲᠠᠢ ᠪᠠᠶᠢᠬᠤ ᠬᠡᠷᠡᠭᠲᠡᠢ᠃ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ ᠨᠠᠶᠢᠳᠠᠪᠤᠷᠢᠵᠢᠭᠤᠯᠤᠯᠲᠠ ᠶᠢ ᠠᠳᠬᠤᠵᠤ᠂ ᠲᠤᠤᠱᠯᠠᠭᠤᠯᠬᠤ ᠶᠢ ᠠᠳᠬᠤᠵᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠪᠠᠷ ᠭᠤᠣᠯ ᠥᠷᠢᠰᠦᠯᠳᠦᠬᠦ ᠬᠦᠴᠦᠨ ᠪᠣᠯᠭᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠢᠳᠡᠪᠬᠢᠲᠡᠢ ᠠᠵᠢᠯᠯᠠᠵᠤ᠂ ᠲᠡᠷᠢᠭᠦᠨ ᠳᠤ ᠣᠷᠣᠬᠤ ᠪᠠᠷ ᠬᠦᠴᠦᠯᠡᠨ ᠴᠢᠷᠮᠠᠶᠢᠵᠤ᠂ ᠪᠦᠬᠦ ᠬᠦᠴᠦᠨ ᠢᠶᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠣᠭᠲᠠᠬᠤ ᠰᠢᠶᠠᠨ ᠤ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠳᠤ ᠲᠤᠤᠱᠯᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠤᠭᠳᠠᠭᠠᠭᠰᠠᠨ︾ ᠢ ᠬᠦᠷᠢᠶᠡᠯᠡᠵᠦ᠂ ︽ᠬᠤᠶᠠᠷ ᠢ ᠬᠦᠷᠢᠶᠡᠯᠡᠬᠦ︾ ᠶᠢ ᠦᠢᠯᠡᠳᠦᠯᠭᠡᠵᠢᠭᠦᠯᠬᠦ ᠬᠡᠷᠡᠭᠲᠡᠢ ᠭᠡᠵᠦ ᠱᠠᠭᠠᠷᠳᠠᠵᠠᠢ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1