ᠲᠤᠭᠳᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤᠮᠳᠠᠭᠠᠨ ᠤ ᠦᠢᠯᠡᠴᠢᠯᠡᠭᠡᠨ ᠤ ᠵᠠᠩᠭᠢᠯᠠᠭ᠎ᠠ ᠳᠠᠬᠢ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠢ ᠵᠢᠭᠰᠠᠭᠠᠨ ᠪᠠᠶᠢᠴᠠᠭᠠᠵᠦ ᠴᠡᠭᠴᠡᠯᠡᠨ ᠵᠠᠰᠠᠬᠤ ᠠᠵᠢᠯ ᠦᠷᠨᠢᠭᠦᠯᠪᠡ
ᠨᠡᠶᠢᠲᠡᠯᠡᠭᠰᠡᠨ ᠴᠠᠭ᠄
2023/4/13
      ᠢᠳᠡᠭᠡᠨ ᠤᠮᠳᠠᠭᠠᠨ ᠤ ᠦᠢᠯᠡᠴᠢᠯᠡᠭᠡᠨ ᠤ ᠠᠵᠤ ᠠᠬᠤᠶᠢᠯᠠᠯ ᠤᠨ ᠡᠵᠡᠩᠨᠡᠯᠲᠡ ᠶᠢᠨ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠥᠷᠭᠡᠨ ᠣᠯᠠᠨ ᠠᠷᠠᠳ ᠲᠦᠮᠡᠨ ᠤ ᠢᠳᠡᠭᠡᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ 4 ᠳ᠋ᠤᠭᠡᠷ ᠰᠠᠷ᠎ᠠ ᠶᠢᠨ 10 ᠤ ᠡᠳᠦᠷ᠂ ᠲᠤᠭᠳᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠶᠢᠨ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠢᠳᠡᠭᠡᠨ ᠤᠮᠳᠠᠭᠠᠨ ᠤ ᠬᠤᠳᠠᠯᠳᠤᠭᠠᠴᠢᠨ ᠡᠷᠦᠬᠡ ᠶᠢᠨ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ  ᠨᠠᠶᠢᠳᠠᠪᠦᠷᠢᠵᠢᠭᠤᠯᠪᠠ᠃
     ᠬᠠᠤᠯᠢ ᠬᠡᠷᠡᠭᠵᠢᠭᠦᠯᠬᠦ ᠠᠵᠢᠯᠲᠠᠨ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠳᠤ ᠬᠦᠷᠬᠦ ᠪᠦᠷᠢ᠂ ᠡᠩ ᠲᠡᠷᠢᠭᠦᠨ ᠳᠤ ᠬᠤᠭᠤᠯᠠ ᠢᠳᠡᠬᠦ ᠭᠠᠵᠠᠷ ᠪᠠ ᠲᠣᠭᠤᠭᠠᠨ ᠭᠡᠷ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯ ᠢ ᠨᠠᠷᠢᠨ ᠨᠢᠮᠪᠠᠢ ᠪᠠᠶᠢᠴᠠᠭᠠᠵᠤ᠂ ᠲᠣᠭᠤᠭᠠᠨ ᠭᠡᠷ ᠤᠨ ᠪᠠᠭᠠᠵᠢ ᠬᠡᠷᠡᠭᠰᠡᠯ᠂ ᠬᠤᠭᠤᠯᠠᠨ ᠤ ᠪᠠᠭᠠᠵᠢ ᠬᠡᠷᠡᠭᠰᠡᠯ ᠢ ᠤᠬᠢᠶᠠᠵᠤ ᠠᠷᠢᠭᠤᠳᠬᠠᠬᠤ ᠶᠠᠪᠤᠴᠠ ᠪᠠ ᠣᠷᠴᠢᠨ ᠲᠣᠭᠤᠷᠢᠨ ᠤ ᠠᠷᠢᠭᠤᠨ ᠴᠡᠪᠡᠷ ᠢ ᠪᠠᠶᠢᠴᠠᠭᠠᠨ ᠦᠵᠡᠵᠦ᠂ ᠬᠡᠷᠡᠭᠯᠡᠭᠴᠢᠳ ᠤᠨ ᠬᠤᠭᠤᠯᠠ ᠢᠳᠡᠬᠦ ᠣᠷᠴᠢᠨ ᠲᠣᠭᠤᠷᠢᠨ ᠤ ᠠᠷᠢᠭᠤᠨ ᠴᠡᠪᠡᠷ ᠢ ᠦᠨᠡᠨ ᠬᠦ ᠪᠠᠳᠤᠯᠠᠪᠠ ︔ ᠳᠠᠷᠠᠭ᠎ᠠ ᠨᠢ᠂ ᠡᠯ᠎ᠡ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠶᠢᠨ ᠪᠠᠷᠠᠭ᠎ᠠ ᠬᠠᠩᠭᠠᠬᠤ ᠭᠡᠷ᠎ᠡ᠂ ᠬᠤᠳᠠᠯᠳᠤᠨ ᠠᠪᠬᠤ ᠭᠡᠷᠡᠴᠢ ᠠᠪᠬᠤ᠂ ᠢᠳᠡᠭᠡᠨ ᠤ ᠶᠠᠩᠵᠤ ᠦᠯᠡᠳᠡᠭᠡᠬᠦ᠂ ᠬᠤᠭᠤᠯᠠᠨ ᠤ ᠰᠠᠪᠠ ᠬᠡᠷᠡᠭᠰᠡᠯ ᠢ ᠤᠬᠢᠶᠠᠵᠤ ᠠᠷᠢᠯᠭᠠᠭᠰᠠᠨ ᠲᠡᠮᠳᠡᠭᠯᠡᠯ ᠵᠡᠷᠭᠡ ᠡᠬᠡ ᠳᠠᠩᠰᠠ ᠶᠢᠨ ᠮᠠᠲ᠋ᠧᠷᠢᠶᠠᠯ ᠪᠦᠷᠢᠨ ᠭᠦᠢᠴᠡᠳ ᠪᠠᠶᠢᠬᠤ ᠡᠰᠡᠬᠦ  ᠶᠢ ᠪᠠᠶᠢᠴᠠᠭᠠᠨ᠎ᠠ᠃ ᠢᠳᠡᠭᠡᠨ ᠳᠤ ᠬᠤᠣᠷᠳᠠᠭᠳᠠᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠥᠰᠥᠯ ᠪᠦᠷᠢᠨ ᠲᠡᠭᠦᠯᠳᠡᠷ ᠪᠠᠶᠢᠬᠤ ᠡᠰᠡᠬᠦ ᠵᠡᠷᠭᠡ ᠲᠠᠯ᠎ᠠ ᠪᠠᠷ᠂ ᠢᠳᠡᠭᠡᠨ ᠤᠮᠳᠠᠭᠠᠨ ᠤ ᠡᠵᠡᠩᠨᠡᠯᠲᠡ   ᠶᠢᠨ ᠬᠡᠰᠡᠭ ᠨᠢᠭᠡᠴᠡ   ᠶᠢᠨ ᠭᠠᠯ ᠲᠣᠭᠤᠭᠠᠨ ᠤ ᠬᠡᠷᠡᠭᠰᠡᠯ   ᠢ ᠵᠢᠷᠤᠮᠵᠢᠭᠤᠨ ᠬᠡᠷᠡᠭᠯᠡᠭᠰᠡᠨ ᠦᠭᠡᠢ᠂ ᠭᠠᠯ ᠲᠣᠭᠤᠭᠠᠨ ᠤ ᠠᠷᠢᠭᠤᠨ ᠴᠡᠪᠡᠷ ᠤᠨ ᠨᠥᠬᠦᠴᠡᠯ ᠪᠠᠷᠤᠭᠲᠠᠢ ᠪᠠᠶᠢᠬᠤ ᠵᠡᠷᠭᠡ ᠠᠰᠠᠭᠤᠳᠠᠯ ᠳᠤ ᠴᠢᠭᠯᠡᠭᠦᠯᠦᠨ᠂ ᠳᠠᠷᠤᠶᠢᠬᠠᠨ ᠴᠡᠭᠴᠡᠯᠡᠨ ᠥᠭᠡᠷᠡᠴᠢᠯᠡᠬᠦ ᠬᠡᠷᠡᠭᠲᠡᠢ ᠭᠡᠵᠦ ᠱᠠᠭᠠᠷᠳᠠᠭᠰᠠᠨ ᠪᠥᠭᠡᠳ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠡᠷᠭᠢᠵᠦ ᠬᠠᠷᠠᠬᠤ︾ ᠠᠵᠢᠯᠯᠠᠭ᠎ᠠ ᠶᠠᠪᠤᠭᠤᠯᠵᠤ᠂ ᠴᠡᠭᠴᠡᠯᠡᠨ ᠥᠭᠡᠷᠡᠴᠢᠯᠡᠬᠦ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ   ᠶᠢ ᠦᠨᠡᠨᠬᠦ ᠪᠠᠳᠤᠯᠠᠪᠠ᠃
     ᠲᠠᠷᠠᠭᠠᠴᠢ ᠶᠢᠨ ᠠᠯᠬᠤᠮ ᠳᠤ᠂ ᠲᠤᠭᠳᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠢᠨᠠᠯᠲᠠ ᠪᠠᠶᠢᠴᠠᠭᠠᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠮᠥᠷᠳᠡᠨ ᠳᠠᠭᠠᠬᠤ᠂ ᠴᠠᠭ ᠵᠦᠷᠢᠭᠦᠯᠬᠦ ᠵᠡᠷᠭᠡ ᠪᠠᠶᠢᠴᠠᠭᠠᠯᠲᠠ ᠶᠢᠨ ᠠᠷᠭ᠎ᠠ ᠮᠠᠶ᠋ᠢᠭ ᠢ ᠠᠪᠴᠤ᠂ ᠢᠳᠡᠭᠡᠨ ᠤᠮᠳᠠᠭᠠᠨ ᠤ ᠬᠠᠷᠢᠭᠤᠴᠠᠯᠭᠠᠲᠠᠨ ᠢ ᠲᠠᠨᠢᠯᠲᠠ ᠪᠠᠨ ᠳᠡᠭᠡᠭᠰᠢᠯᠡᠭᠦᠯᠵᠦ᠂ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠣᠶᠢᠯᠠᠭᠠᠵᠤ᠂ ᠢᠳᠡᠭᠡᠨ ᠤ ᠠᠮᠤᠷ ᠲᠦᠪᠰᠢᠨ ᠤ ᠨᠠᠭᠠᠲᠤ ᠵᠠᠬ᠎ᠠ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1