ᠪᠡᠭᠡᠵᠢᠩ ᠤᠨ ᠰᠢᠶ᠋ᠧ ᠾᠧ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠬᠠᠪᠰᠤᠷᠤᠯᠭ᠎ᠠ ᠳᠣᠣᠷ᠎ᠠ ᠲᠣᠭᠲᠠᠬᠤ ᠰᠢᠶᠠᠨ ᠤ ᠡᠮᠨᠡᠯᠭᠡ ᠶᠢᠨ ᠬᠤᠷᠢᠶ᠎ᠠ ᠠᠩᠬ᠎ᠠ ᠤᠳᠠᠭ᠎ᠠ MDT ᠣᠯᠠᠨ ᠰᠢᠨᠵᠢᠯᠡᠭᠡᠨ ᠤ ᠬᠠᠮᠲᠤᠷᠠᠭᠰᠠᠨ ᠣᠨᠣᠰᠢᠯᠠᠭ᠎ᠠ ᠶᠢ ᠠᠮᠵᠢᠯᠲᠠᠲᠠᠢ ᠥᠷᠨᠢᠭᠦᠯᠪᠡ
ᠨᠡᠶᠢᠲᠡᠯᠡᠭᠰᠡᠨ ᠴᠠᠭ᠄
2023/4/13
      ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠬᠠᠪᠤᠳᠠᠷ ᠤᠨ ᠳᠣᠲᠣᠷ ᠰᠠᠯᠠᠭᠠᠨ ᠤ ᠫᠷᠤᠹᠧᠰᠰᠤᠷ ᠵᠠᠩ ᠼᠦᠢ ᠶᠢᠩ ᠨᠠᠷ ᠪᠡᠭᠡᠵᠢᠩ ᠤᠨ ᠰᠢᠶ᠋ᠧ ᠾᠧ ᠡᠮᠨᠡᠯᠭᠡ ᠶᠢᠨ ᠬᠤᠷᠢᠶ᠎ᠠ ᠶᠢᠨ ᠠᠷᠪᠠᠨ ᠲᠠᠪᠤᠳᠤᠭᠠᠷ ᠪᠦᠯᠦᠭ ᠤᠨ ᠲᠤᠰᠠᠯᠠᠬᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠂ ᠰᠢᠶᠠᠨ ᠤ ᠡᠮᠨᠡᠯᠭᠡ ᠶᠢᠨ ᠬᠤᠷᠢᠶ᠎ᠠ ᠶᠢᠨ ᠬᠠᠪᠤᠳᠠᠷ ᠤᠨ ᠳᠣᠲᠣᠷ ᠰᠠᠯᠠᠭᠠᠨ ᠤ ᠰᠠᠯᠠᠭ᠎ᠠ ᠲᠠᠢ ᠲᠣᠭᠲᠠᠬᠤ ᠰᠢᠶᠠᠨ ᠤ ᠡᠮᠨᠡᠯᠭᠡ ᠶᠢᠨ ᠬᠤᠷᠢᠶ᠎ᠠ ᠶᠢᠨ ᠠᠩᠬ᠎ᠠ ᠤᠳᠠᠭᠠᠨ ᠤ MDT ᠣᠯᠠᠨ ᠰᠢᠨᠵᠢᠯᠡᠭᠡᠨ ᠤ ᠬᠠᠮᠲᠤᠷᠠᠭᠰᠠᠨ ᠣᠨᠣᠰᠢᠯᠠᠭ᠎ᠠ ᠶᠢ ᠠᠮᠵᠢᠯᠲᠠᠲᠠᠢ ᠥᠷᠨᠢᠭᠦᠯᠪᠡ᠃      ᠪᠡᠭᠡᠵᠢᠩ ᠤᠨ ᠰᠢᠶ᠋ᠧ ᠾᠧ ᠡᠮᠨᠡᠯᠭᠡ ᠶᠢᠨ ᠬᠤᠷᠢᠶᠠᠨ ᠤ ᠬᠠᠪᠤᠳᠠᠷ ᠤᠨ ᠳᠣᠲᠣᠷ ᠰᠠᠯᠠᠭᠠᠨ ᠤ ᠳᠡᠳ᠋ ᠡᠷᠬᠢᠯᠡᠭᠴᠢ ᠵᠣᠣ ᠯᠢᠨ᠂ ᠦᠨᠳᠦᠰᠦᠨ ᠭᠠᠳᠠᠷ ᠰᠠᠯᠠᠭᠠᠨ ᠤ ᠡᠷᠬᠢᠯᠡᠭᠴᠢ ᠶᠢᠨ ᠲᠤᠰᠠᠯᠠᠭᠴᠢ ᠶᠧ ᠰᠢᠨ᠂ ᠴᠥᠮ᠎ᠡ ᠶᠢᠨ ᠠᠨᠠᠭᠠᠬᠤ ᠤᠬᠠᠭᠠᠨ ᠤ ᠰᠠᠯᠠᠭᠠᠨ ᠤ ᠳᠡᠳ᠋ ᠡᠷᠬᠢᠯᠡᠭᠴᠢ ᠡᠮᠴᠢ ᠯᠢᠦ ᠢ ᠮᠢᠨ᠂ ᠰᠠᠴᠤᠷᠠᠭ ᠵᠠᠰᠠᠯ ᠤᠨ ᠰᠠᠯᠠᠭᠠᠨ ᠤ ᠠᠨᠠᠭᠠᠬᠤ ᠤᠬᠠᠭᠠᠨ ᠤ ᠳ᠋ᠣᠺᠲ᠋ᠣᠷ ᠮᠧᠩ ᠴᠢᠩ ᠢᠦᠢ᠂ ᠶᠠᠰᠤᠨ ᠤ ᠰᠠᠯᠠᠭᠠᠨ ᠤ ᠳᠡᠳ᠋ ᠡᠷᠬᠢᠯᠡᠭᠴᠢ ᠡᠮᠴᠢ ᠯᠦ ᠰᠢᠨ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠬᠠᠪᠤᠳᠠᠷ ᠤᠨ ᠳᠣᠲᠣᠷ ᠰᠠᠯᠠᠭᠠᠨ ᠤ ᠡᠷᠬᠢᠯᠡᠭᠴᠢ ᠡᠮᠴᠢ ᠵᠠᠩ ᠼᠦᠢ ᠶᠢᠩ᠂ ᠡᠪᠡᠳᠴᠢᠨ ᠤ ᠵᠦᠢ ᠶᠢᠨ ᠰᠠᠯᠠᠭᠠᠨ ᠤ ᠳᠡᠳ᠋ ᠡᠷᠬᠢᠯᠡᠭᠴᠢ ᠸᠠᠩ ᠹᠧᠩ᠂ ᠦᠨᠳᠦᠰᠦᠨ ᠭᠠᠳᠠᠷ ᠰᠠᠯᠠᠭᠠᠨ ᠤ ᠲᠤᠰᠬᠠᠢ ᠮᠡᠷᠭᠡᠵᠢᠯᠲᠡᠨ ᠭᠤᠸ ᠰᠢᠶᠣᠣ ᠫᠢᠩ ᠫᠷᠤᠹᠧᠰᠰᠤᠷ︔ ᠰᠢᠶᠠᠨ ᠤ ᠡᠮᠨᠡᠯᠭᠡ ᠶᠢᠨ ᠬᠤᠷᠢᠶᠠᠨ ᠤ ᠳᠠᠷᠤᠭ᠎ᠠ ᠯᠢ ᠶᠤᠸᠠᠢ ᠸᠠᠩ᠂ ᠬᠠᠪᠤᠳᠠᠷ ᠤᠨ ᠳᠣᠲᠣᠷ ᠰᠠᠯᠠᠭᠠᠨ ᠤ ᠡᠷᠬᠢᠯᠡᠭᠴᠢ ᠵᠧᠦ ᠾᠧ ᠤᠷᠤᠯᠴᠠᠪᠠ᠃      ᠬᠤᠷᠠᠯ ᠳᠡᠭᠡᠷ᠎ᠡ᠂ ᠪᠡᠭᠡᠵᠢᠩ ᠤᠨ ᠰᠢᠶ᠋ᠧ ᠾᠧ ᠡᠮᠨᠡᠯᠭᠡ ᠶᠢᠨ ᠬᠤᠷᠢᠶᠠᠨ ᠤ ᠬᠠᠪᠤᠳᠠᠷ ᠤᠨ ᠳᠣᠲᠣᠷ ᠰᠠᠯᠠᠭᠠᠨ ᠤ ᠳᠡᠳ᠋ ᠡᠷᠬᠢᠯᠡᠭᠴᠢ᠂ ᠠᠷᠪᠠᠨ ᠲᠠᠪᠤᠳᠤᠭᠠᠷ ᠪᠦᠯᠦᠭ ᠤᠨ ᠲᠤᠰᠠᠯᠠᠬᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠳᠠᠷᠤᠭ᠎ᠠ ᠵᠣᠣ ᠯᠢᠨ ᠬᠤᠷᠠᠯ ᠳᠤ ᠣᠷᠣᠯᠴᠠᠭᠰᠠᠳ ᠲᠤ ᠪᠡᠭᠡᠵᠢᠩ ᠤᠨ ᠰᠢᠶ᠋ᠧ ᠾᠧ ᠡᠮᠨᠡᠯᠭᠡ ᠶᠢᠨ ᠬᠤᠷᠢᠶᠠᠨ ᠤ MDT ᠣᠯᠠᠨ ᠰᠢᠨᠵᠢᠯᠡᠭᠡᠨ ᠤ ᠰᠠᠯᠠᠭ᠎ᠠ ᠶᠢᠨ ᠬᠠᠮᠲᠤᠷᠠᠭᠰᠠᠨ ᠣᠨᠣᠰᠢᠯᠠᠭ᠎ᠠ ᠶᠢᠨ ᠬᠥᠭᠵᠢᠯᠲᠡ ᠶᠢᠨ ᠶᠠᠪᠤᠴᠠ ᠪᠠ ᠣᠶᠢᠷ᠎ᠠ ᠶᠢᠨ ᠵᠢᠯ ᠤᠨ ᠠᠵᠢᠯᠯᠠᠭᠠᠨ ᠤ ᠪᠠᠶᠢᠳᠠᠯ ᠢ ᠲᠠᠨᠢᠯᠴᠠᠭᠤᠯᠪᠠ᠃ ᠲᠡᠷᠡ ᠵᠢᠭᠠᠵᠤ ᠭᠠᠷᠭᠠᠭᠰᠠᠨ ᠨᠢ ᠂ ᠣᠯᠠᠨ ᠰᠢᠨᠵᠢᠯᠡᠭᠡᠨ ᠤ ᠰᠠᠯᠠᠭᠠᠨ ᠤ ᠬᠠᠮᠲᠤᠷᠠᠨ ᠣᠨᠣᠰᠢᠯᠠᠬᠤ ᠶᠢᠨ ᠳᠠᠪᠠᠭᠤᠯᠢᠭ ᠲᠠᠯ᠎ᠠ ᠭᠡᠪᠡᠯ᠄ ᠡᠪᠡᠳᠴᠢᠲᠡᠨ ᠤ ᠣᠨᠣᠰᠢᠯᠠᠬᠤ ᠪᠠ ᠡᠮᠨᠡᠨ ᠵᠠᠰᠠᠬᠤ ᠶᠢ ᠬᠦᠯᠢᠶᠡᠬᠦ ᠴᠠᠭ ᠢ ᠪᠦᠲᠦᠮᠵᠢᠲᠡᠶ ᠪᠣᠭᠤᠨᠢᠰᠬᠠᠵᠤ ᠴᠢᠳᠠᠨ᠎ᠠ︔ ᠳᠠᠬᠢᠨ ᠳᠠᠪᠲᠠᠨ ᠪᠠᠶᠢᠴᠠᠭᠠᠬᠤ ᠪᠠ ᠡᠮᠨᠡᠨ ᠵᠠᠰᠠᠬᠤ ᠠᠴᠠ ᠵᠠᠶᠢᠯᠠᠰᠬᠢᠬᠦ ᠨᠢ ᠬᠠᠮᠤᠭ ᠤᠨ ᠰᠠᠶᠢᠨ ᠥᠪᠡᠷᠮᠢᠴᠡ ᠡᠮᠴᠢᠯᠡᠭᠡᠨ ᠤ ᠲᠥᠰᠥᠯ ᠢ ᠥᠨᠳᠥᠷ ᠪᠦᠲᠦᠮᠵᠢᠲᠡᠶ ᠪᠠᠷ ᠡᠷᠢᠵᠦ ᠣᠯᠬᠤ ᠳᠤ ᠠᠰᠢᠭᠲᠠᠢ︔ ᠡᠪᠡᠳᠴᠢᠲᠡᠨ ᠤ ᠡᠪᠡᠳᠴᠢᠨ ᠦᠵᠡᠭᠦᠯᠬᠦ ᠥᠩᠭᠡᠷᠡᠯᠲᠡ ᠪᠠ ᠣᠷᠣᠰᠢᠨ ᠠᠮᠢᠳᠤᠷᠠᠬᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ ᠴᠢᠳᠠᠨ᠎ᠠ᠃      ᠬᠤᠷᠠᠯ ᠳᠡᠭᠡᠷ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠬᠠᠪᠤᠳᠠᠷ ᠤᠨ ᠳᠣᠲᠣᠷ ᠰᠠᠯᠠᠭᠠᠨ ᠤ ᠠᠨᠠᠭᠠᠬᠤ ᠤᠬᠠᠭᠠᠨ ᠤ ᠳ᠋ᠣᠺᠲ᠋ᠣᠷ ᠯᠢ ᠮᠧᠶ ᠴᠢᠩ᠂ ᠴᠢᠶᠣᠤ ᠮᠧᠩ ᠪᠣᠯᠣᠨ ᠲᠣᠰ ᠡᠮᠨᠡᠯᠭᠡ ᠶᠢᠨ ᠬᠤᠷᠢᠶ᠎ᠠ ᠶᠢᠨ ᠬᠠᠪᠤᠳᠠᠷ ᠤᠨ ᠳᠣᠲᠣᠷ ᠰᠠᠯᠠᠭᠠᠨ ᠤ ᠡᠮᠴᠢ ᠵᠠᠩ ᠵᠢᠩ ᠴᠢ ᠨᠡᠶᠢᠲᠡᠯᠢᠭ ᠡᠪᠡᠳᠴᠢᠨ ᠤ ᠵᠢᠱᠢᠶ᠎ᠡ ᠪᠠ ᠬᠦᠴᠢᠷ ᠲᠦᠪᠡᠭᠲᠡᠢ ᠡᠪᠡᠳᠴᠢᠨ ᠤ ᠵᠢᠱᠢᠶ᠎ᠡ ᠶᠢ ᠬᠤᠪᠢᠶᠠᠯᠴᠠᠪᠠ᠃ ᠪᠡᠭᠡᠵᠢᠩ ᠤᠨ ᠰᠢᠶ᠋ᠧ ᠾᠧ ᠡᠮᠨᠡᠯᠭᠡ ᠶᠢᠨ ᠬᠤᠷᠢᠶ᠎ᠠ ᠶᠢᠨ ᠠᠷᠪᠠᠨ ᠲᠠᠪᠤᠳᠤᠭᠠᠷ ᠪᠦᠯᠦᠭ ᠤᠨ ᠲᠤᠰᠠᠯᠠᠬᠤ ᠲᠤᠰᠬᠠᠢ ᠮᠡᠷᠭᠡᠵᠢᠯᠲᠡᠨ ᠤ ᠳᠤᠭᠤᠶᠢᠯᠠᠩ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠬᠠᠪᠤᠳᠠᠷ ᠤᠨ ᠳᠣᠲᠣᠷ ᠰᠠᠯᠠᠭᠠᠨ ᠤ ᠲᠤᠰᠬᠠᠢ ᠮᠡᠷᠭᠡᠵᠢᠯᠲᠡᠨ ᠤ ᠪᠦᠯᠬᠦᠮ ᠪᠠ ᠲᠣᠰ ᠡᠮᠨᠡᠯᠭᠡ ᠶᠢᠨ ᠬᠤᠷᠢᠶ᠎ᠠ ᠶᠢᠨ ᠬᠠᠪᠤᠳᠠᠷ ᠤᠨ ᠳᠣᠲᠣᠷ ᠰᠠᠯᠠᠭ᠎ᠠ ᠳᠤ ᠲᠣᠰ ᠲᠣᠰ ᠬᠠᠪᠤᠳᠠᠷ ᠤᠨ ᠳᠣᠲᠣᠷ ᠰᠠᠯᠠᠭ᠎ᠠ᠂ ᠴᠥᠮ᠎ᠡ ᠶᠢᠨ ᠡᠮᠨᠡᠯᠭᠡ ᠶᠢᠨ ᠰᠠᠯᠠᠭ᠎ᠠ᠂ ᠰᠠᠴᠤᠷᠠᠭ ᠵᠠᠰᠠᠯ ᠤᠨ ᠰᠠᠯᠠᠭ᠎ᠠ᠂ ᠦᠨᠳᠦᠰᠦᠨ ᠭᠠᠳᠠᠷ ᠰᠠᠯᠠᠭ᠎ᠠ᠂ ᠡᠪᠡᠳᠴᠢᠨ ᠤ ᠵᠦᠢ ᠶᠢᠨ ᠰᠠᠯᠠᠭ᠎ᠠ ᠵᠡᠷᠭᠡ ᠣᠯᠠᠨ ᠰᠢᠨᠵᠢᠯᠡᠭᠡᠨ ᠤ ᠠᠳᠠᠯᠢ ᠪᠤᠰᠤ ᠲᠠᠯ᠎ᠠ ᠠᠴᠠ ᠡᠪᠡᠳᠴᠢᠨ ᠤ ᠵᠢᠱᠢᠶ᠎ᠡ ᠶᠢ ᠶᠠᠷᠢᠯᠴᠠᠵᠠᠢ᠃ᠬᠤᠷᠠᠯ ᠤᠨ ᠲᠠᠯᠠᠪᠠᠢ ᠳᠤ᠂ ᠶᠠᠷᠢᠯᠴᠠᠭᠠᠨ ᠤ ᠠᠭᠤᠷ ᠠᠮᠢᠰᠬᠤᠯ ᠮᠠᠰᠢ ᠬᠥᠭᠵᠢᠶᠡᠨᠲᠡᠢ ᠪᠠᠶᠢᠵᠤ᠂ ᠬᠤᠷᠠᠯ ᠳᠤ ᠣᠷᠣᠯᠴᠠᠭᠰᠠᠨ ᠲᠤᠰᠬᠠᠢ ᠮᠡᠷᠭᠡᠵᠢᠯᠲᠡᠳ ᠥᠪᠡᠷ ᠥᠪᠡᠷ ᠤᠨ ᠰᠠᠨᠠᠯ ᠢᠶᠠᠨ ᠶᠠᠷᠢᠵᠤ᠂ ᠪᠦᠲᠦᠮᠵᠢᠲᠡᠢ ᠪᠥᠭᠡᠳ ᠤᠯᠠᠨ ᠰᠢᠨᠵᠢᠯᠡᠭᠡᠨ ᠤ ᠰᠠᠯᠠᠭ᠎ᠠ ᠪᠠᠷ ᠰᠢᠯᠭᠠᠨ ᠪᠠᠲᠤᠯᠠᠭᠰᠠᠨ ᠡᠮᠨᠡᠨ ᠵᠠᠰᠠᠬᠤ ᠲᠥᠰᠥᠯ ᠢ ᠪᠦᠷᠢᠯᠳᠦᠭᠦᠯᠵᠦ᠂ ᠡᠪᠡᠳᠴᠢᠲᠡᠨ ᠤ ᠳᠠᠷᠠᠭᠠᠴᠢ ᠶᠢᠨ ᠠᠯᠬᠤᠮ ᠤᠨ ᠡᠮᠨᠡᠨ ᠵᠠᠰᠠᠯᠲᠠ ᠳᠤ ᠡᠷᠬᠢᠮ ᠨᠠᠨᠳᠢᠨ ᠵᠢᠯᠤᠭᠤᠳᠬᠤ ᠰᠠᠨᠠᠯ ᠬᠠᠩᠭᠠᠵᠠᠢ᠃      ᠪᠡᠭᠡᠵᠢᠩ ᠤᠨ ᠰᠢᠶ᠋ᠧ ᠾᠧ ᠡᠮᠨᠡᠯᠭᠡ ᠶᠢᠨ ᠬᠤᠷᠢᠶᠠᠨ ᠤ ᠠᠷᠪᠠᠨ ᠲᠠᠪᠤᠳᠤᠭᠠᠷ ᠪᠦᠯᠦᠭ ᠤᠨ ᠲᠤᠰᠠᠯᠠᠬᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠬᠠᠪᠰᠤᠷᠤᠯᠭ᠎ᠠ ᠪᠠᠷ᠂ ᠲᠣᠰ ᠡᠮᠨᠡᠯᠭᠡ ᠶᠢᠨ ᠬᠤᠷᠢᠶ᠎ᠠ 2023 ᠣᠨ ᠤ 4 ᠳ᠋ᠤᠭᠡᠷ ᠰᠠᠷ᠎ᠠ ᠶᠢᠨ 12 ᠤᠨ ᠡᠳᠦᠷ ᠠᠴᠠ ᠡᠬᠢᠯᠡᠵᠦ᠂ ᠭᠠᠷᠠᠭ ᠤᠨ ᠭᠤᠷᠪᠠᠨ ᠤ ᠦᠳᠡ ᠶᠢᠨ ᠬᠤᠶᠢᠨ᠎ᠠ ᠪᠣᠯᠭᠠᠨ ᠤ MDT ᠣᠯᠠᠨ ᠰᠢᠨᠵᠢᠯᠡᠭᠡᠨ ᠤ ᠰᠠᠯᠠᠭ᠎ᠠ ᠶᠢᠨ ᠬᠠᠮᠲᠤᠷᠠᠭᠰᠠᠨ ᠣᠨᠣᠰᠢᠯᠠᠭ᠎ᠠ ᠦᠷᠨᠢᠭᠦᠯᠪᠡ᠃ ᠡᠭᠦᠨ ᠤ ᠵᠣᠷᠢᠯᠭ᠎ᠠ ᠨᠢ ᠪᠡᠭᠡᠵᠢᠩ ᠤᠨ ᠰᠢᠶ᠋ᠧ ᠾᠧ ᠡᠮᠨᠡᠯᠭᠡ ᠶᠢᠨ ᠬᠤᠷᠢᠶᠠᠨ ᠤ ᠲᠤᠰᠠᠯᠠᠬᠤ ᠲᠤᠰᠬᠠᠢ ᠮᠡᠷᠭᠡᠵᠢᠯᠲᠡᠨ ᠤ ᠳᠤᠭᠤᠶᠢᠯᠠᠩ᠂ ᠭᠠᠳᠠᠨ᠎ᠠ ᠠᠴᠠ ᠤᠷᠢᠭᠰᠠᠨ ᠲᠤᠰᠬᠠᠢ ᠮᠡᠷᠭᠡᠵᠢᠯᠲᠡᠨ᠂ ᠲᠤᠰ ᠡᠮᠨᠡᠯᠭᠡ ᠶᠢᠨ ᠬᠤᠷᠢᠶᠠᠨ ᠤ ᠡᠯ᠎ᠡ ᠰᠠᠯᠠᠭ᠎ᠠ ᠲᠠᠰᠤᠭ ᠤᠨ ᠲᠤᠰᠬᠠᠢ ᠮᠡᠷᠭᠡᠵᠢᠯᠲᠡᠨ ᠢᠶᠠᠷ ᠪᠦᠷᠢᠯᠳᠦᠭᠰᠡᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠢᠶᠠᠷ ᠳᠡᠮᠵᠢᠵᠦ᠂ ᠬᠠᠪᠤᠳᠠᠷ ᠡᠪᠡᠳᠴᠢᠲᠡᠨ᠂ ᠬᠦᠴᠢᠷ ᠲᠦᠪᠡᠭᠲᠡᠢ ᠡᠪᠡᠳᠴᠢᠲᠡᠨ ᠳᠤ ᠨᠡᠩ ᠪᠦᠬᠦ ᠲᠠᠯ᠎ᠠ ᠶᠢᠨ ᠪᠥᠭᠡᠳ ᠵᠦᠢ ᠵᠣᠬᠢᠰᠲᠠᠢ ᠣᠨᠣᠰᠢᠯᠠᠨ ᠡᠮᠨᠡᠬᠦ ᠰᠠᠨᠠᠯ ᠬᠠᠩᠭᠠᠵᠤ᠂ ᠡᠪᠡᠳᠴᠢᠲᠡᠨ ᠤ ᠣᠨᠣᠰᠢᠯᠠᠬᠤ ᠪᠠ ᠡᠮᠨᠡᠨ ᠵᠠᠰᠠᠬᠤ ᠶᠢ ᠬᠦᠯᠢᠶᠡᠬᠦ ᠴᠠᠭ ᠢ ᠪᠣᠭᠤᠨᠢᠰᠬᠠᠨ᠂ ᠳᠠᠪᠬᠤᠷᠳᠠᠭᠤᠯᠤᠨ ᠪᠠᠶᠢᠴᠠᠭᠠᠬᠤ ᠪᠠ ᠡᠮᠨᠡᠨ ᠵᠠᠰᠠᠬᠤ ᠠᠴᠠ ᠵᠠᠶᠢᠯᠠᠰᠬᠢᠵᠦ᠂ ᠡᠪᠡᠳᠴᠢᠲᠡᠨ ᠳᠤ ᠬᠠᠮᠤᠭ ᠤᠨ ᠰᠠᠶᠢᠨ ᠥᠪᠡᠷᠮᠢᠴᠡ ᠴᠢᠨᠠᠷᠲᠠᠢ ᠡᠮᠨᠡᠨ ᠵᠠᠰᠠᠬᠤ ᠲᠥᠰᠥᠯ ᠲᠣᠭᠲᠠᠭᠠᠨ ᠥᠭᠴᠦ᠂ ᠡᠪᠡᠳᠴᠢᠲᠡᠨ ᠤ ᠡᠪᠡᠳᠴᠢᠨ ᠦᠵᠡᠭᠦᠯᠬᠦ ᠥᠩᠭᠡᠷᠡᠯᠲᠡ ᠪᠠ ᠣᠷᠣᠰᠢᠨ ᠠᠮᠢᠳᠤᠷᠠᠬᠤ ᠶᠠᠰᠤ ᠴᠢᠨᠠᠷ ᠢ ᠳᠡᠭᠡᠭᠰᠢᠯᠡᠭᠦᠯᠦᠨ᠎ᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1