4 ᠳ᠋ᠤᠭᠡᠷ ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠪᠡᠶ᠎ᠡ ᠶᠢᠨ | ᠲᠠᠮᠢᠷ ᠤᠨ ᠲᠥᠪ ᠠᠴᠠ ᠭᠤᠣᠯᠯᠠᠨ ᠡᠷᠭᠢᠯᠡᠭᠰᠡᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ︽ᠵᠢᠷᠭᠤᠭ᠎ᠠ ᠶᠢ | ᠣᠷᠣᠭᠤᠯᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠬᠥᠬᠡᠬᠤᠲᠠ ᠶᠢᠨ ᠲᠣᠭᠲᠠᠬᠤ ᠰᠢᠶᠠᠨ ᠳᠤ | ᠬᠦᠷᠴᠦ᠂ ᠲᠣᠭᠲᠠᠬᠤ ᠰᠢᠶᠠᠨ ᠤ ᠠᠷᠠᠳ ᠣᠯᠠᠨ ᠳᠤ 3 ᠡᠳᠦᠷ ᠤᠨ ᠬᠤᠭᠤᠴᠠᠭ᠎ᠠ ᠲᠠᠢ ᠪᠡᠶ᠎ᠡ ᠴᠢᠭᠢᠷᠠᠭᠵᠢᠭᠤᠯᠬᠤ | ᠵᠢᠯᠣᠭᠤᠳᠤᠯᠭ᠎ᠠ ᠪᠠ ᠰᠠᠶᠢᠨ ᠳᠤᠷ᠎ᠠ ᠶᠢᠨ ᠦᠢᠯᠡᠴᠢᠯᠡᠭᠡ ᠥᠷᠨᠢᠭᠦᠯᠵᠦ᠂ 50 ᠭᠠᠷᠤᠢ ᠪᠡᠶ᠎ᠡ ᠴᠢᠭᠢᠷᠠᠭᠵᠢᠭᠤᠯᠬᠤ | ᠪᠥᠵᠢᠭ ᠲᠤ ᠪᠠᠭ᠋ᠠᠲᠠᠢ ᠬᠥᠮᠥᠰ ᠣᠷᠣᠯᠴᠠᠵᠠᠢ᠃ | ᠪᠣᠯᠪᠠᠰᠤᠷᠠᠭᠤᠯᠤᠯ ᠳᠤ ᠰᠤᠷᠴᠤ ᠬᠡᠷᠡᠭᠯᠡᠬᠦ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ | ᠦᠢᠯᠡᠳᠦᠯᠭᠡ ᠶᠢᠨ ᠴᠢᠨᠠᠷ ᠪᠠ ᠬᠡᠷᠡᠭᠯᠡᠭᠡᠨ ᠤ ᠴᠢᠨᠠᠷ ᠢ ᠴᠢᠬᠤᠯᠠᠴᠢᠯᠠᠨ᠂ ᠦᠢᠯᠡᠳᠦᠯᠭᠡ ᠶᠢᠨ ᠵᠢᠭᠠᠨ ᠰᠤᠷᠭᠠᠯᠲᠠ᠂ | ᠬᠥᠳᠡᠯᠭᠡᠭᠡᠨ ᠤ ᠪᠣᠯᠪᠠᠰᠤᠷᠠᠭᠤᠯᠤᠯ ᠢᠶᠠᠷ ᠭᠤᠣᠯ ᠪᠣᠯᠭᠠᠵᠤ᠂ ᠦᠨᠳᠦᠰᠦᠨ ᠣᠨᠣᠯ ᠢ ᠪᠠᠭᠲᠠᠭᠠᠨ᠎ᠠ᠃ ᠨᠡᠶᠢᠭᠡᠮ ᠤᠨ | ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠲᠠᠯᠠᠪᠠᠢ ᠶᠢᠨ ᠪᠥᠵᠢᠭ ᠲᠤ | ᠪᠠᠭ᠋ᠠᠲᠠᠢ ᠤᠯᠠᠨ ᠲᠦᠮᠡᠨ ᠳᠤ ᠮᠡᠷᠭᠡᠵᠢᠯ ᠤᠨ ᠬᠥᠳᠡᠯᠭᠡᠭᠡᠨ ᠤ ᠵᠢᠱᠢᠶ᠎ᠡ ᠦᠵᠡᠭᠦᠯᠵᠦ᠂ ᠬᠥᠳᠡᠯᠭᠡᠭᠡᠨ ᠤ ᠠᠨᠢᠰᠤ ᠶᠢ | ᠲᠠᠶᠢᠯᠪᠤᠷᠢᠯᠠᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ | ᠪᠡᠶ᠎ᠡ ᠶᠢᠨ ᠲᠠᠮᠢᠷ ᠤᠨ ᠴᠤᠭᠯᠠᠭᠠᠨ ᠤ ᠣᠯᠠᠨ ᠲᠦᠮᠡᠨ ᠤ ᠲᠥᠷᠥᠯ ᠵᠦᠢᠯ ᠤᠨ ᠪᠡᠶ᠎ᠡ ᠴᠢᠭᠢᠷᠠᠭᠵᠢᠭᠤᠯᠬᠤ ᠲᠠᠯᠠᠪᠠᠶ ᠶᠢᠨ | ᠪᠥᠵᠢᠭ ᠤᠨ ᠤᠷᠤᠯᠳᠤᠭᠠᠨ ᠤᠳᠠᠯ ᠦᠭᠡᠢ ᠲᠣᠭᠲᠠᠬᠤ ᠰᠢᠶᠠᠨ ᠳᠤ ᠶᠠᠪᠤᠭᠳᠠᠬᠤ ᠪᠣᠯᠣᠨ᠎ᠠ᠃ ᠲᠠᠯᠠᠪᠠᠶ ᠶᠢᠨ ᠪᠥᠵᠢᠭ | ᠢ ᠲᠣᠭᠲᠠᠬᠤ ᠰᠢᠶᠠᠨ ᠳᠤ ᠲᠦᠭᠡᠮᠡᠯᠵᠢᠭᠦᠯᠦᠨ ᠳᠡᠭᠡᠭᠰᠢᠯᠡᠭᠦᠯᠬᠦ ᠶᠢᠨ ᠲᠥᠯᠥᠭᠡ᠂ ᠪᠣᠯᠪᠠᠰᠤᠷᠠᠭᠤᠯᠬᠤ ᠶᠢᠨ ᠵᠡᠷᠭᠡ ᠳᠤ | ᠨᠡᠶᠢᠭᠡᠮ ᠤᠨ ᠵᠢᠭᠠᠨ ᠵᠢᠯᠣᠭᠤᠳᠤᠭᠴᠢ ᠪᠠᠰᠠ ᠰᠤᠷᠤᠭᠴᠢᠳ ᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠣᠯᠠᠨ ᠲᠦᠮᠡᠨ ᠤ | ᠲᠥᠷᠥᠯ ᠵᠦᠢᠯ ᠤᠨ ᠪᠡᠶ᠎ᠡ ᠴᠢᠭᠢᠷᠠᠭᠵᠢᠭᠤᠯᠬᠤ ᠲᠠᠯᠠᠪᠠᠶ ᠶᠢᠨ ᠪᠥᠵᠢᠭ ᠤᠨ ᠤᠷᠤᠯᠳᠤᠭᠠᠨ ᠤ ᠳᠦᠷᠢᠮ ᠵᠡᠷᠭᠡ | ᠠᠭᠤᠯᠭ᠎ᠠ ᠶᠢ ᠬᠦᠷᠭᠡᠨ ᠥᠭᠴᠦ᠂ ᠰᠤᠷᠤᠭᠴᠢᠳ ᠢ ᠪᠠᠭ᠎ᠠ ᠪᠤᠰᠤ ᠣᠯᠣᠯᠲᠠ ᠲᠠᠢ ᠪᠣᠯᠭᠠᠵᠠᠢ᠃ | ᠲᠣᠰ ᠤᠳᠠᠭᠠᠨ ᠤ ᠪᠣᠯᠪᠠᠰᠤᠷᠠᠭᠤᠯᠤᠯ ᠤᠨ ᠠᠵᠢᠯᠯᠠᠭ᠎ᠠ ᠶᠢ ᠥᠷᠨᠢᠭᠦᠯᠦᠭᠰᠡᠨ ᠨᠢ ᠣᠯᠠᠨ ᠲᠦᠮᠡᠨ ᠤ | ᠠᠵᠢᠯ ᠤᠨ ᠴᠢᠯᠦᠭᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠲᠣᠭᠲᠠᠬᠤ ᠰᠢᠶᠠᠨ ᠤ ᠲᠠᠯᠠᠪᠠᠶ ᠶᠢᠨ | ᠪᠥᠵᠢᠭ ᠤᠨ ᠪᠡᠶ᠎ᠡ ᠴᠢᠭᠢᠷᠠᠭᠵᠢᠭᠤᠯᠬᠤ ᠣᠯᠠᠨ ᠲᠦᠮᠡᠨ ᠤ ᠲᠤᠰᠬᠠᠢ ᠮᠡᠷᠭᠡᠵᠢᠯ ᠤᠨ ᠬᠢᠷᠢ ᠲᠦᠪᠰᠢᠨ ᠪᠠ | ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠥᠷᠭᠡᠨ ᠣᠯᠠᠨ ᠠᠷᠠᠳ ᠲᠦᠮᠡᠨ ᠤ ᠣᠶᠤᠨ ᠰᠠᠨᠠᠭ᠎ᠠ | ᠰᠣᠶᠣᠯ ᠤᠨ ᠬᠡᠷᠡᠭᠴᠡᠭᠡ ᠶᠢ ᠨᠠᠩ ᠰᠠᠶᠢᠨ ᠬᠠᠩᠭᠠᠬᠤ ᠳᠤ ᠰᠠᠶᠢᠨ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ |