ᠬᠤᠲᠠ ᠰᠢᠶᠠᠨ ᠬᠤᠶᠠᠷ ᠱᠠᠲᠤᠨ ᠤ ᠴᠠᠭ ᠠᠭᠤᠷ ᠤᠨ ᠰᠠᠯᠠᠭ᠎ᠠ ᠮᠥᠴᠢᠷ ᠮᠠᠨ ᠤ ᠰᠢᠶᠠᠨ ᠤ ᠣᠳᠣ ᠦᠶ᠎ᠡ ᠶᠢᠨ ᠡᠪᠡᠰᠦᠨ ᠤ ᠦᠢᠯᠡᠰ ᠤᠨ ᠬᠥᠭᠵᠢᠯᠲᠡ ᠳᠤ ᠵᠢᠠᠭᠠᠨ ᠵᠢᠯᠤᠭᠤᠳᠤᠮᠵᠢ ᠬᠢᠪᠡ
ᠨᠡᠶᠢᠲᠡᠯᠡᠭᠰᠡᠨ ᠴᠠᠭ᠄
2023/4/13
      ᠣᠶᠢᠷ᠎ᠠ ᠳᠤ᠂ ᠬᠥᠬᠡᠬᠤᠲᠠ ᠶᠢᠨ ᠴᠠᠭ ᠠᠭᠤᠷ ᠤᠨ ᠲᠣᠪᠴᠢᠶ᠎ᠠ ᠶᠢᠨ ᠬᠠᠷᠢᠭᠤᠴᠠᠯᠭᠠᠲᠠᠨ ᠲᠤᠬᠠᠶᠢᠯᠠᠭᠰᠠᠨ ᠠᠵᠢᠯ ᠤᠨ ᠰᠠᠯᠠᠭ᠎ᠠ᠂ ᠴᠠᠭ ᠠᠭᠤᠷ ᠤᠨ ᠲᠣᠪᠴᠢᠶ᠎ᠠ᠂ ᠲᠣᠭᠲᠠᠬᠤ ᠰᠢᠶᠠᠨ ᠤ ᠴᠠᠭ ᠠᠭᠤᠷ ᠤᠨ ᠲᠣᠪᠴᠢᠶ᠎ᠠ ᠶᠢᠨ ᠬᠠᠷᠢᠭᠤᠴᠠᠯᠭᠠᠲᠠᠨ ᠪᠠ ᠠᠵᠢᠭᠯᠠᠯᠲᠠ ᠶᠢᠨ ᠥᠷᠲᠡᠭᠡ ᠶᠢᠨ ᠲᠤᠰᠬᠠᠢ ᠮᠡᠷᠭᠡᠵᠢᠯᠲᠡᠨ ᠢ ᠳᠠᠭᠠᠭᠤᠯᠤᠨ ᠦᠱᠧᠨ ᠪᠠᠯᠭᠠᠰᠤᠨ ᠤ ᠮᠧᠩ ᠨᠢᠦ ᠪᠦᠯᠦᠭᠯᠡᠯ ᠤᠨ ᠣᠲᠣ ᠦᠶ᠎ᠡ ᠶᠢᠨ ᠡᠪᠡᠰᠦᠨ ᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠳᠤ ᠬᠦᠷᠴᠦ ᠴᠠᠭ ᠠᠭᠤᠷ ᠤᠨ ᠲᠤᠰᠬᠠᠢ ᠦᠢᠯᠡᠴᠢᠯᠡᠭᠡᠨ ᠤ ᠠᠵᠢᠯ ᠢ ᠵᠣᠯᠭᠠᠭᠤᠯᠬᠤ ᠶᠢᠨ ᠬᠠᠮᠲᠤ ᠲᠤᠬᠠᠢ ᠶᠢᠨ ᠭᠠᠵᠠᠷ ᠲᠤᠨᠢ ᠵᠢᠭᠠᠨ ᠵᠢᠯᠣᠭᠤᠳᠪᠠ᠃      ᠤᠳᠤ ᠦᠶ᠎ᠡ ᠶᠢᠨ ᠡᠪᠡᠰᠦᠨ ᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ 5.3 ᠲᠦᠮᠡᠨ ᠮᠦ ᠭᠠᠵᠠᠷ ᠢ ᠡᠵᠡᠯᠡᠵᠦ᠂ ᠲᠣᠭᠲᠠᠬᠤ ᠰᠢᠶᠠᠨ ᠤ ᠦᠱᠧᠨ ᠪᠠᠯᠭᠠᠰᠤ ᠶᠢᠨ 9 ᠵᠠᠰᠠᠭ ᠵᠠᠬᠢᠷᠭᠠᠨ ᠤ ᠲᠣᠰᠬᠤᠨ ᠢ ᠪᠦᠷᠬᠦᠵᠦ᠂ ᠢᠷᠡᠬᠦ ᠲᠠᠪᠤᠨ ᠵᠢᠯ ᠳᠤ ︽ᠤᠯᠤᠰ ᠤᠨ ᠳᠣᠲᠣᠭᠠᠳᠤ ᠶᠢᠨ ᠬᠠᠮᠤᠭ ᠤᠨ ᠶᠡᠭᠡ᠂ ᠬᠠᠮᠤᠭ ᠤᠨ ᠪᠠᠷᠢᠮᠵᠢᠶ᠎ᠠ ᠲᠠᠢ᠂ ᠬᠠᠮᠤᠭ ᠤᠨ ᠲᠥᠯᠥᠭᠡᠯᠡᠬᠦ ᠴᠢᠨᠠᠷᠲᠠᠢ ᠤᠳᠤ ᠦᠶ᠎ᠡ ᠶᠢᠨ ᠡᠪᠡᠰᠦ ᠪᠣᠷᠳᠤᠭ᠎ᠠ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ︾ ᠪᠣᠯᠭᠠᠨ ᠪᠠᠶᠢᠭᠤᠯᠬᠤ ᠪᠣᠯᠣᠨ᠎ᠠ᠃ ᠣᠳᠣ ᠦᠶ᠎ᠡ ᠶᠢᠨ ᠡᠪᠡᠰᠦᠨ ᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠳᠤ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠬᠢᠨ ᠲᠠᠷᠢᠶᠠᠨ ᠭᠠᠵᠠᠷ ᠲᠤ ᠭᠦᠨᠵᠡᠭᠡᠶᠢᠷᠡᠵᠦ᠂ ᠲᠠᠷᠢᠮᠠᠯ ᠤᠨ ᠲᠥᠯᠦᠪᠵᠢᠭᠦᠯᠭᠡ᠂ ᠬᠥᠷᠥᠰᠥ ᠰᠢᠷᠣᠢ ᠶᠢᠨ ᠰᠢᠨᠵᠢ ᠴᠢᠨᠠᠷ᠂ ᠤᠰᠤᠯᠠᠯᠲᠠ ᠶᠢᠨ ᠨᠥᠬᠦᠴᠡᠯ᠂ ᠬᠥᠷᠥᠰᠥ ᠰᠢᠷᠣᠢ ᠶᠢ ᠰᠠᠶᠢᠵᠢᠷᠠᠭᠤᠯᠬᠤ ᠠᠷᠭ᠎ᠠ ᠬᠡᠮᠵᠢᠶ᠎ᠡ᠂ ᠡᠪᠡᠰᠦ ᠪᠡᠯᠴᠢᠭᠡᠷ ᠤᠨ ᠦᠷᠡᠵᠢᠯ ᠤᠨ ᠴᠢᠬᠤᠯᠠ ᠬᠤᠭᠤᠴᠠᠭᠠᠨ ᠤ ᠣᠨᠴᠠᠯᠢᠭ ᠵᠢᠴᠢ ᠴᠠᠭ ᠠᠭᠤᠷ ᠤᠨ ᠦᠢᠯᠡᠴᠢᠯᠡᠭᠡᠨ ᠤ ᠬᠡᠷᠡᠭᠴᠡᠭᠡ ᠶᠢ ᠨᠠᠷᠢᠨ ᠣᠶᠢᠯᠠᠭᠠᠬᠤ ᠶᠢᠨ ᠬᠠᠮᠲᠤ᠂ ᠬᠤᠶᠢᠰᠢᠳᠠ ᠬᠤᠲᠠ ᠰᠢᠶᠠᠨ ᠬᠤᠶᠠᠷ ᠱᠠᠲᠤᠨ ᠤ ᠴᠠᠭ ᠠᠭᠤᠷ ᠤᠨ ᠰᠠᠯᠠᠭ᠎ᠠ ᠮᠥᠴᠢᠷ ᠴᠠᠭ ᠠᠭᠤᠷ ᠤᠨ ᠬᠤᠪᠢᠷᠠᠯᠲᠠ ᠶᠢ ᠨᠢᠭᠲᠠ ᠠᠩᠬᠠᠷᠴᠤ᠂ ᠰᠠᠨᠠᠭᠠᠴᠢᠯᠠᠭ᠎ᠠ   ᠠᠴᠠ ᠪᠠᠨ ᠠᠵᠢᠯᠯᠠᠵᠤ᠂ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠨ᠂ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ ᠦᠢᠯᠡᠴᠢᠯᠡᠭᠡ ᠶᠢ ᠰᠠᠶᠢᠲᠤᠷ ᠬᠢᠵᠦ᠂ ᠨᠠᠩ ᠪᠣᠳᠠᠲᠠᠢ ᠶᠢ ᠡᠷᠬᠢᠮᠯᠡᠬᠦ ᠠᠷᠭ᠎ᠠ ᠬᠡᠮᠵᠢᠶ᠎ᠡ ᠪᠠᠷ ᠴᠠᠭ ᠠᠭᠤᠷ ᠤᠨ ᠲᠠᠷᠢᠶᠠᠯᠠᠩ ᠳᠤ ᠦᠢᠯᠡᠴᠢᠯᠡᠬᠦ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠤᠨ᠎ᠠ ᠭᠡᠵᠦ ᠢᠯᠡᠷᠬᠡᠶᠢᠯᠡᠪᠡ᠃      ᠣᠶᠢᠷ᠎ᠠ ᠶᠢᠨ ᠵᠢᠯ ᠤᠳ ᠲᠤ᠂ ᠬᠥᠬᠡᠬᠤᠲᠠ ᠶᠢᠨ ᠴᠠᠭ ᠠᠭᠤᠷ ᠤᠨ ᠲᠣᠪᠴᠢᠶ᠎ᠠ ᠪᠣᠯᠣᠨ ᠲᠣᠭᠲᠠᠬᠤ ᠰᠢᠶᠠᠨ ᠤ ᠴᠠᠭ ᠠᠭᠤᠷ ᠤᠨ ᠲᠣᠪᠴᠢᠶ᠎ᠠ ︽ᠳᠤᠮᠳᠠᠳᠤ ᠤᠯᠤᠰ ᠤᠨ ᠰᠠᠭᠠᠯᠢ ᠶᠢᠨ ᠬᠤᠲᠠ︾ ᠶᠢᠨ ᠬᠥᠬᠡᠬᠤᠲᠠ ᠶᠢᠨ ᠠᠵᠤ ᠦᠢᠯᠡᠰ ᠤᠨ ᠬᠡᠯᠬᠢᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢᠨ ᠬᠠᠷᠠᠯᠲᠠ ᠪᠠ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠬᠥᠲᠥᠯᠪᠦᠷᠢ ︵2022 ︱ 2035 ᠣᠨ︶ ᠶᠢᠨ ᠱᠠᠭᠠᠷᠳᠠᠯᠭ᠎ᠠ ᠳᠤ ᠴᠢᠭᠯᠡᠭᠦᠯᠦᠨ᠂ ᠣᠳᠣ ᠦᠶ᠎ᠡ ᠶᠢᠨ ᠡᠪᠡᠰᠦᠨ ᠤ ᠦᠢᠯᠡᠰ ᠤᠨ ᠲᠠᠷᠢᠮᠠᠯ ᠤᠨ ᠲᠥᠯᠦᠪᠵᠢᠭᠦᠯᠭᠡ᠂ ᠬᠥᠷᠥᠰᠥ ᠰᠢᠷᠣᠢ ᠶᠢᠨ ᠰᠢᠨᠵᠢ ᠴᠢᠨᠠᠷ᠂ ᠤᠰᠤᠯᠠᠯᠲᠠ ᠶᠢᠨ ᠨᠥᠬᠦᠴᠡᠯ᠂ ᠬᠥᠷᠥᠰᠥ ᠰᠢᠷᠣᠢ ᠶᠢ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠ ᠡᠪᠡᠰᠦ ᠪᠡᠯᠴᠢᠭᠡᠷ ᠤᠨ ᠦᠷᠡᠵᠢᠯ ᠤᠨ ᠴᠢᠬᠤᠯᠠ ᠬᠤᠭᠤᠴᠠᠭᠠᠨ ᠤ ᠣᠨᠴᠠᠯᠢᠭ ᠲᠠᠢ ᠤᠶᠠᠯᠳᠤᠭᠤᠯᠤᠨ᠂ ᠨᠠᠷᠢᠯᠢᠭ ᠬᠢᠨᠠᠨ ᠬᠡᠮᠵᠢᠬᠦ᠂ ᠨᠠᠷᠢᠯᠢᠭ ᠣᠨᠣᠴᠠᠲᠠᠢ ᠪᠠᠷ ᠤᠷᠢᠳᠴᠢᠯᠠᠨ ᠮᠡᠳᠡᠭᠡᠯᠡᠬᠦ ᠪᠠ ᠨᠠᠷᠢᠯᠢᠭ ᠦᠢᠯᠡᠴᠢᠯᠡᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠴᠠᠭ ᠠᠭᠤᠷ ᠤᠨ ᠣᠲᠣ ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠣᠲᠣ ᠦᠶ᠎ᠡ ᠶᠢᠨ ᠡᠪᠡᠰᠦᠨ ᠤ ᠦᠢᠯᠡᠰ ᠤᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ᠂ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠴᠠᠭ ᠠᠭᠤᠷ ᠤᠨ ᠬᠦᠴᠦᠨ ᠴᠢᠳᠠᠯ ᠢᠶᠠᠨ ᠡᠷᠭᠦᠵᠦ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1