ᠬᠤᠷᠳᠤᠨ ᠤ ᠵᠠᠮ ᠡᠯᠡᠰᠦᠨ ᠳᠤ ᠪᠤᠯᠠᠭᠳᠠᠪᠠ
ᠨᠡᠶᠢᠲᠡᠯᠡᠭᠰᠡᠨ ᠴᠠᠭ᠄
2023/4/13
      ᠬᠦᠢᠳᠡᠨ ᠤᠷᠤᠰᠬᠠᠯ ᠬᠦᠴᠦᠳᠡᠢ ᠰᠠᠯᠬᠢᠨ ᠤ ᠨᠦᠯᠦᠬᠡ ᠪᠠᠷ᠂ 4 ᠳ᠋ᠤᠭᠡᠷ ᠰᠠᠷ᠎ᠠ ᠶᠢᠨ 10 ᠤ ᠡᠳᠤᠷ ᠠᠴᠠ ᠦᠪᠦᠷ ᠮᠤᠩᠭᠤᠯ ᠤᠨ ᠲᠤᠮᠳᠠ ᠪᠠᠷᠠᠭᠤᠨ  ᠪᠡᠶ᠎ᠡ ᠶᠢᠨ ᠶᠡᠬᠡᠩᠬᠢ ᠨᠤᠲᠤᠭ   ᠢᠶᠠᠷ  ᠡᠯᠡᠰᠦᠨ  ᠰᠢᠭᠤᠷᠭ᠎ᠠ  ᠳᠡᠭᠳᠡᠵᠦ᠂  ᠪᠡᠭᠡᠵᠢᠩ   ᠠᠴᠠ ᠰᠢᠨᠵᠢᠶᠠᠩ ᠳᠤ ᠬᠦᠷᠬᠦ ᠬᠤᠷᠳᠤᠨ ᠤ ᠵᠠᠰᠠᠮᠠᠯ ᠵᠠᠮ ᠤᠨ 969 ᠺᠢᠯᠣᠮᠧᠲᠷ ᠤᠨ ᠣᠷᠴᠢᠮ ᠳᠤ ᠬᠤᠷᠳᠤᠨ ᠤ ᠵᠠᠮ ᠡᠯᠡᠰᠦᠨ ᠳᠤ ᠪᠤᠯᠠᠭᠳᠠᠵᠤ᠂ ᠲᠡᠷᠭᠡ ᠤᠨᠤᠭ᠎ᠠ ᠬᠠᠰᠢᠭᠳᠠᠭᠰᠠᠨ ᠪᠠᠶᠢᠨ᠎ᠠ᠃                              ᠬᠠᠮᠢᠶᠠᠲᠠᠢ ᠪᠠᠶᠢᠳᠠᠯ ᠢ ᠣᠯᠵᠤ ᠮᠡᠳᠡᠭᠰᠡᠨ ᠤ ᠳᠠᠷᠠᠭ᠎ᠠ ᠬᠤᠷᠳᠤᠨ ᠤ ᠵᠠᠰᠠᠮᠠᠯ ᠵᠠᠮ ᠤᠨ ᠴᠠᠭᠳᠠᠭ᠎ᠠ ᠨᠠᠷ ᠲᠡᠷᠡ ᠳᠣᠣᠷ᠎ᠠ ᠨᠢ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠢ ᠬᠡᠷᠡᠭᠵᠢᠭᠦᠯᠵᠦ᠂ ᠬᠤᠷᠳᠤᠨ ᠤ ᠵᠠᠰᠠᠮᠠᠯ ᠵᠠᠮ ᠢ ᠠᠷᠠᠴᠢᠯᠠᠵᠤ ᠬᠠᠮᠠᠭᠠᠯᠠᠬᠤ ᠰᠠᠯᠠᠭ᠎ᠠ ᠮᠥᠴᠢᠷ ᠤᠨ ᠠᠵᠢᠯᠲᠠᠳ ᠲᠠᠢ ᠬᠠᠮᠲᠤ ᠪᠠᠷ ᠡᠯᠡᠰᠦᠨ ᠰᠢᠭᠤᠷᠭᠠᠨ ᠳᠤᠮᠳᠠᠭᠤᠷ 5 ᠴᠠᠭ ᠰᠢᠬᠠᠮ ᠠᠵᠢᠯᠯᠠᠵᠤ ᠪᠠᠶᠢᠭᠠᠳ ᠵᠠᠰᠠᠮᠠᠯ ᠵᠠᠮ ᠢ ᠳᠠᠷᠤᠭᠰᠠᠨ ᠡᠯᠡᠰᠦ ᠰᠢᠷᠣᠢ ᠶᠢ ᠴᠡᠪᠡᠷᠯᠡᠵᠦ᠂ ᠵᠠᠮ ᠱᠤᠭᠤᠮ ᠢ ᠰᠢᠯᠤᠭᠤᠳᠬᠠᠨ᠂ ᠲᠡᠷᠭᠡ ᠤᠨᠤᠭᠠᠨ ᠤ ᠰᠠᠭᠠᠳ ᠦᠭᠡᠢ ᠨᠡᠪᠲᠡᠷᠡᠬᠦ ᠶᠢ ᠪᠠᠲᠤᠯᠠᠭᠰᠠᠨ ᠪᠠᠶᠢᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1