4 ᠳ᠋ᠤᠭᠡᠷ ᠰᠠᠷ᠎ᠠ ᠶᠢᠨ 12 ᠤᠨ ᠡᠳᠦᠷ᠂ ᠲᠣᠭᠲᠠᠬᠤ ᠰᠢᠶᠠᠨ ᠤ ᠡᠮᠨᠡᠯᠭᠡ ᠶᠢᠨ ᠬᠤᠷᠢᠶ᠎ᠠ ᠪᠡᠭᠡᠵᠢᠩ ᠤᠨ | ᠰᠢᠶ᠋ᠧ ᠾᠧ ᠡᠮᠨᠡᠯᠭᠡ ᠶᠢᠨ ᠬᠤᠷᠢᠶᠠᠨ ᠤ ᠰᠠᠴᠤᠷᠠᠭ ᠵᠠᠰᠠᠯ ᠤᠨ ᠰᠠᠯᠠᠭᠠᠨ ᠤ ᠲᠤᠰᠬᠠᠶᠢᠯᠠᠭᠰᠠᠨ ᠲᠣᠭᠲᠠᠬᠤ ᠰᠢᠶᠠᠨ ᠤ | ᠡᠮᠨᠡᠯᠭᠡ ᠶᠢᠨ ᠬᠤᠷᠢᠶ᠎ᠠ ᠶᠢ ᠬᠠᠪᠰᠤᠷᠤᠨ ᠲᠡᠳᠬᠦᠬᠦ ᠠᠯᠤᠰ ᠠᠴᠠ ᠵᠢᠯᠤᠭᠤᠳᠬᠤ ᠠᠵᠢᠯ ᠤᠨ ᠬᠤᠷᠠᠯ ᠬᠢᠪᠡ᠃ | ᠬᠤᠷᠠᠯ ᠤᠨ ᠲᠠᠯᠠᠪᠠᠢ ᠳᠤ᠂ ᠮᠠᠨ ᠤ ᠰᠢᠶᠠᠨ ᠤ ᠬᠤᠯᠪᠣᠭᠳᠠᠯ ᠪᠦᠬᠦᠢ ᠰᠠᠯᠠᠭ᠎ᠠ ᠲᠠᠰᠤᠭ ᠤᠨ ᠡᠮᠴᠢ ᠪᠣᠯᠣᠨ | ᠪᠡᠭᠡᠵᠢᠩ ᠤᠨ ᠰᠢᠶᠧ ᠾᠧ ᠡᠮᠨᠡᠯᠭᠡ ᠶᠢᠨ ᠬᠤᠷᠢᠶ᠎ᠠ ᠠᠴᠠ ᠲᠣᠭᠲᠠᠬᠤ ᠰᠢᠶᠠᠨ ᠤ ᠲᠤᠰᠬᠠᠢ ᠮᠡᠷᠭᠡᠵᠢᠯᠲᠡᠨ ᠤ | ᠳᠤᠭᠤᠶᠢᠯᠠᠩ ᠢ ᠲᠤᠰᠠᠯᠠᠬᠤ ᠪᠠᠷ ᠳᠠᠮᠵᠢᠨ ᠪᠡᠭᠡᠵᠢᠩ ᠤᠨ ᠰᠢᠶᠧ ᠾᠧ ᠡᠮᠨᠡᠯᠭᠡ ᠶᠢᠨ ᠬᠤᠷᠢᠶᠠᠨ ᠤ ᠰᠠᠴᠤᠷᠠᠭ | ᠵᠠᠰᠠᠯ ᠤᠨ ᠰᠠᠯᠠᠭᠠᠨ ᠤ ᠡᠪᠡᠳᠴᠢᠲᠡᠨ ᠤ ᠡᠪᠡᠳᠴᠢᠨ ᠤ ᠪᠠᠶᠢᠳᠠᠯ᠂ ᠣᠨᠣᠰᠢᠯᠠᠨ ᠡᠮᠨᠡᠬᠦ ᠠᠷᠭ᠎ᠠ ᠪᠠᠷᠢᠯ ᠵᠡᠷᠭᠡ | ᠠᠭᠤᠯᠭ᠎ᠠ ᠶᠢᠨ ᠲᠤᠬᠠᠢ ᠰᠤᠳᠤᠯᠤᠨ ᠶᠠᠷᠢᠯᠴᠠᠬᠤ ᠬᠤᠷᠠᠯ ᠢ ᠬᠠᠮᠲᠤ ᠳᠤᠨᠢ ᠲᠣᠭᠤᠷᠢᠨ ᠰᠤᠷᠤᠯᠴᠠᠵᠤ᠂ ᠲᠤᠰ | ᠡᠮᠨᠡᠯᠭᠡ ᠶᠢᠨ ᠬᠤᠷᠢᠶᠠᠨ ᠤ ᠡᠮᠴᠢ ᠲᠠᠢ ᠰᠢᠶᠠᠨ ᠤ ᠡᠮᠨᠡᠯᠭᠡ ᠶᠢᠨ ᠬᠤᠷᠢᠶᠠᠨ ᠤ ᠦᠨᠳᠦᠰᠦᠨ ᠪᠠᠶᠢᠳᠠᠯ ᠢ ︽ | ᠨᠢᠭᠤᠷᠳᠠᠵᠤ︾ ᠰᠣᠯᠢᠯᠴᠠᠵᠤ᠂ ᠬᠤᠶᠢᠰᠢᠳᠠ ᠶᠢᠨ ᠬᠠᠮᠲᠤᠷᠠᠯᠴᠠᠭᠠᠨ ᠤ ᠶᠠᠪᠤᠳᠠᠯ ᠢ ᠶᠠᠷᠢᠯᠴᠠᠪᠠ᠃ | ︽ᠮᠠᠨ ᠤ ᠥᠨᠥᠳᠥᠷ ᠤᠨ ᠶᠠᠪᠤᠭᠤᠯᠵᠤ ᠪᠠᠶᠢᠭ᠎ᠠ ᠠᠯᠤᠰ ᠵᠠᠢ ᠶᠢᠨ ᠵᠢᠯᠣᠭᠤᠳᠤᠯᠭ᠎ᠠ ᠨᠢ ᠰᠢᠯᠢᠳᠡᠭ | ᠡᠮᠴᠢᠯᠡᠭᠡᠨ ᠤ ᠡᠬᠢ ᠪᠠᠶᠠᠯᠢᠭ ᠢ ᠲᠣᠭᠲᠠᠬᠤ ᠰᠢᠶᠠᠨ ᠤ ᠡᠮᠨᠡᠯᠭᠡ ᠶᠢᠨ ᠬᠤᠷᠢᠶᠠᠨ ᠳᠤ ᠪᠠᠭᠤᠯᠭᠠᠵᠤ᠂ ᠬᠤᠶᠠᠷ | ᠲᠠᠯ᠎ᠠ ᠪᠠᠷ ᠢᠶᠠᠨ ᠣᠳᠣ ᠶᠢᠨ ᠡᠮᠴᠢᠯᠡᠭᠡᠨ ᠤ ᠨᠥᠬᠦᠴᠡᠯ ᠲᠠᠢ ᠪᠠᠨ ᠤᠶᠠᠯᠳᠤᠭᠤᠯᠤᠨ᠂ ᠤᠷᠲᠤ ᠬᠤᠭᠤᠴᠠᠭᠠᠨ ᠤ | ᠲᠦᠷᠭᠡᠨ ᠨᠡᠪᠲᠡᠷᠡᠯᠴᠡᠬᠦ ᠲᠣᠭᠲᠠᠴᠠ ᠶᠢ ᠪᠤᠶ ᠪᠣᠯᠭᠠᠵᠤ᠂ ᠡᠪᠡᠳᠴᠢᠲᠡᠨ ᠤ ᠡᠪᠡᠳᠴᠢᠨ ᠤ ᠪᠠᠶᠢᠳᠠᠯ ᠢ ᠲᠡᠷᠡ ᠳᠠᠷᠤᠢ | ᠳᠤᠨᠢ ᠪᠡᠭᠡᠵᠢᠩ ᠤᠨ ᠰᠢᠶ᠋ᠧ ᠾᠧ ᠡᠮᠨᠡᠯᠭᠡ ᠶᠢᠨ ᠬᠤᠷᠢᠶᠠᠨ ᠤ ᠲᠤᠰᠬᠠᠢ ᠮᠡᠷᠭᠡᠵᠢᠯᠲᠡᠨ ᠤ ᠨᠢᠳᠦᠨ ᠡᠮᠦᠨ᠎ᠡ | ᠳᠠᠮᠵᠢᠭᠤᠯᠵᠤ᠂ ᠲᠣᠭᠲᠠᠬᠤ ᠰᠢᠶᠠᠨ ᠤ ᠠᠷᠠᠳ ᠲᠦᠮᠡᠨ ᠳᠤ ᠴᠢᠨᠠᠷ ᠰᠠᠶᠢᠲᠠᠢ ᠡᠮᠴᠢᠯᠡᠭᠡᠨ ᠤ ᠵᠥᠪᠯᠡᠯᠭᠡ ᠪᠠ | ᠡᠮᠴᠢᠯᠡᠭᠡᠨ ᠤ ᠦᠢᠯᠡᠴᠢᠯᠡᠭᠡ ᠬᠠᠩᠭᠠᠨ᠎ᠠ︾᠃ ᠪᠡᠭᠡᠵᠢᠩ ᠤᠨ ᠰᠢᠶ᠋ᠧ ᠾᠧ ᠡᠮᠨᠡᠯᠭᠡ ᠶᠢᠨ ᠬᠤᠷᠢᠶᠠᠨ ᠤ ᠰᠠᠴᠤᠷᠠᠭ | ᠵᠠᠰᠠᠯ ᠤᠨ ᠰᠠᠯᠠᠭᠠᠨ ᠤ ᠠᠨᠠᠭᠠᠬᠤ ᠤᠬᠠᠭᠠᠨ ᠤ ᠳ᠋ᠣᠺᠲ᠋ᠣᠷ ᠮᠧᠩ ᠴᠢᠩ ᠢᠦᠢ ᠰᠣᠷᠪᠤᠯᠵᠢᠯᠠᠭ᠎ᠠ ᠬᠦᠯᠢᠶᠡᠬᠦ ᠳᠡᠭᠡᠨ | ᠢᠩᠬᠢᠵᠦ ᠬᠡᠯᠡᠵᠡᠢ᠃ |