ᠲᠤᠭᠳᠠᠬᠤ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠠᠯᠠᠭᠤᠴᠤᠳ ᠪᠠᠭᠠᠴᠤᠳ ᠤᠨ ᠭᠠᠶᠢᠯᠢ ᠲᠠᠲᠠᠪᠤᠷᠢ ᠶᠢᠨ ᠬᠠᠤᠯᠢ ᠲᠦᠭᠡᠮᠡᠯᠵᠢᠭᠦᠯᠬᠦ ᠲᠤᠰᠬᠠᠢ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/4/14
      4 ᠳ᠋ᠤᠭᠡᠷ ᠰᠠᠷ᠎ᠠ ᠶᠢᠨ 12 ᠤᠨ ᠡᠳᠦᠷ᠂ ᠲᠣᠭᠲᠠᠬᠤ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠵᠠᠯᠠᠭᠤᠴᠤᠳ ᠪᠠᠭᠠᠴᠤᠳ ᠤᠨ ᠭᠠᠶᠢᠯᠢ ᠲᠠᠲᠠᠪᠤᠷᠢ ᠶᠢᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠲᠤᠰᠬᠠᠢ ᠰᠡᠳᠦᠪᠲᠦ ᠠᠵᠢᠯᠯᠠᠭ᠎ᠠ ︽ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠲᠠᠨ ᠲᠠᠢ ᠬᠠᠮᠲᠤ ᠵᠠᠯᠠᠭᠤ ᠨᠠᠰᠤᠨ ᠤ ᠬᠦᠰᠡᠯ ᠵᠡᠭᠦᠳᠦ ᠪᠠᠨ ᠲᠡᠷᠭᠡᠯᠰᠢᠭᠦᠯᠦᠶ᠎ᠡ︾ ᠲᠣᠭᠲᠠᠬᠤ ᠰᠢᠶᠠᠨ ᠤ ᠬᠤᠶᠠᠳᠤᠭᠠᠷ ᠳᠤᠮᠳᠠᠳᠤ ᠰᠤᠷᠭᠠᠭᠤᠯᠢ ᠳᠤ ᠶᠠᠪᠤᠭᠳᠠᠪᠠ᠃      ᠲᠣᠭᠲᠠᠬᠤ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠬᠠᠤᠯᠢ ᠳᠦᠷᠢᠮ ᠤᠨ ᠲᠠᠰᠤᠭ ᠤᠨ ᠬᠠᠷᠢᠭᠤᠴᠠᠯᠭᠠᠲᠠᠨ ᠠᠴᠠ ᠰᠤᠷᠤᠭᠴᠢᠳ ᠲᠤ ᠭᠠᠶᠢᠯᠢ ᠲᠠᠲᠠᠪᠤᠷᠢ ᠶᠢᠨ ᠮᠡᠳᠡᠯᠭᠡ ᠶᠢ ᠲᠠᠨᠢᠯᠴᠠᠭᠤᠯᠤᠭᠰᠠᠨ ᠪᠥᠭᠡᠳ ᠳᠥᠭᠦᠮ ᠣᠶᠢᠯᠠᠭᠠᠮᠵᠢᠲᠠᠢ ᠳᠦᠷᠰᠦᠯᠡᠨ ᠲᠣᠭᠠᠴᠢᠬᠤ᠂ ᠠᠮᠢᠳᠤᠯᠢᠭ ᠳᠦᠷᠰᠦᠯᠢᠭ ᠺᠠᠷᠲ᠋ᠣᠨ ᠵᠢᠷᠤᠭ ᠢᠶᠠᠷ ᠳᠠᠮᠵᠢᠭᠤᠯᠵᠤ᠂ ᠭᠠᠶᠢᠯᠢ ᠲᠠᠲᠠᠪᠤᠷᠢ ᠶᠢᠨ ᠲᠡᠦᠬᠡ᠂ ᠭᠠᠶᠢᠯᠢ ᠲᠠᠲᠠᠪᠤᠷᠢ ᠶᠢᠨ ᠣᠨᠴᠠᠯᠢᠭ᠂ ᠭᠠᠶᠢᠯᠢ ᠲᠠᠲᠠᠪᠤᠷᠢ ᠶᠢᠨ ᠦᠢᠯᠡᠳᠦᠯ ᠵᠡᠷᠭᠡ ᠠᠭᠤᠯᠭ᠎ᠠ ᠶᠢᠨ ᠲᠣᠭᠤᠷᠢᠨ ᠳᠤ ᠰᠤᠷᠤᠭᠴᠢᠳ ᠲᠤ ᠭᠠᠶᠢᠯᠢ ᠲᠠᠲᠠᠪᠤᠷᠢ ᠶᠢᠨ ᠴᠢᠬᠤᠯᠠ ᠴᠢᠨᠠᠷ ᠪᠣᠯᠣᠨ ᠠᠴᠢ ᠬᠤᠯᠪᠣᠭᠳᠠᠯ ᠢ ᠣᠶᠢᠯᠠᠭᠠᠭᠤᠯᠵᠤ᠂ ᠲᠡᠳᠡᠨ ᠤ ᠰᠡᠳᠬᠢᠯ ᠳᠤ ︽ᠭᠠᠶᠢᠯᠢ ᠲᠠᠲᠠᠪᠤᠷᠢ ᠶᠢ ᠣᠶᠢᠯᠠᠭᠠᠬᠤ᠂ ᠭᠠᠶᠢᠯᠢ ᠲᠠᠲᠠᠪᠤᠷᠢ ᠶᠢ ᠬᠠᠮᠠᠭᠠᠯᠠᠬᠤ︾ ᠦᠷ᠎ᠡ ᠶᠢ ᠰᠠᠴᠤᠵᠠᠢ᠃ ᠡᠨᠡ ᠬᠤᠭᠤᠴᠠᠭᠠᠨ ᠳᠤ᠂ ᠤᠬᠠᠭᠤᠯᠤᠨ ᠲᠠᠶᠢᠯᠪᠤᠷᠢᠯᠠᠭᠴᠢ ᠪᠠᠰᠠ ᠱᠠᠩᠨᠠᠯ ᠲᠠᠢ ᠠᠰᠠᠭᠤᠯᠲᠠ ᠬᠠᠷᠢᠭᠤᠯᠲᠠ ᠶᠢᠨ ᠭᠤᠭᠴᠤᠭ᠎ᠠ ᠶᠢ ᠰᠣᠯᠪᠢᠴᠠᠭᠤᠯᠵᠤ᠂ ᠰᠤᠷᠤᠭᠴᠢᠳ ᠢᠳᠡᠪᠬᠢᠲᠡᠢ ᠪᠠᠷ ᠭᠠᠷ ᠡᠷᠭᠦᠵᠦ᠂ ᠢᠳᠡᠪᠬᠢᠲᠡᠢ ᠪᠠᠷ ᠠᠰᠠᠭᠤᠯᠲᠠ ᠶᠢ ᠬᠠᠷᠢᠭᠤᠯᠵᠤ᠂ ᠪᠠᠶᠠᠷᠯᠠᠨ ᠬᠥᠭᠡᠷᠦᠯᠳᠦᠬᠦ ᠳᠤᠮᠳᠠ ᠤᠬᠠᠭᠤᠯᠤᠨ ᠲᠠᠶᠢᠯᠪᠤᠷᠢᠯᠠᠭᠴᠢ ᠭᠠᠶᠢᠯᠢ ᠶᠢᠨ ᠬᠠᠤᠯᠢ ᠶᠢᠨ ᠮᠡᠳᠡᠯᠭᠡ ᠶᠢ ᠰᠤᠷᠤᠭᠴᠢᠳ ᠤᠨ ᠰᠡᠳᠬᠢᠯ ᠳᠤ ᠭᠦᠨ ᠬᠠᠳᠠᠩᠰᠢᠭᠤᠯᠵᠠᠢ᠃      ᠲᠣᠭᠲᠠᠬᠤ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶᠠᠨ ᠤ ᠳᠡᠳ᠋ ᠳᠠᠷᠤᠭ᠎ᠠ ᠸᠠᠩ ᠬᠤᠸᠠᠨ ᠶᠤᠸᠠᠢ ᠰᠤᠷᠪᠤᠯᠵᠢᠯᠠᠭᠴᠢ ᠳᠤ᠄ ︽ᠭᠠᠶᠢᠯᠢ ᠶᠢ ᠠᠷᠠᠳ ᠠᠴᠠ ᠬᠤᠷᠢᠶᠠᠵᠤ᠂ ᠠᠷᠠᠳ ᠲᠤ ᠬᠡᠷᠡᠭᠯᠡᠨ᠎ᠡ᠃ ᠲᠤᠭᠳᠠᠬᠤ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠠᠯᠠᠭᠤᠴᠤᠳ ᠪᠠᠭᠠᠴᠤᠳ ᠤᠨ ᠭᠠᠶᠢᠯᠢ ᠲᠠᠲᠠᠪᠤᠷᠢ ᠶᠢᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠲᠤᠰᠬᠠᠢ ᠰᠡᠳᠦᠪᠲᠦ ᠠᠵᠢᠯᠯᠠᠭ᠎ᠠ ᠶᠢ ᠡᠷᠬᠢᠯᠡᠵᠤ᠂ ᠲᠤᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ ᠰᠤᠷᠤᠭᠴᠢᠳ ᠢ ᠭᠠᠶᠢᠯᠢ ᠲᠠᠲᠠᠪᠤᠷᠢ ᠳᠤ ᠣᠷᠣᠭᠤᠯᠵᠤ᠂ ᠭᠠᠶᠢᠯᠢ ᠲᠠᠲᠠᠪᠤᠷᠢ ᠶᠢ ᠲᠠᠨᠢᠭᠤᠯᠵᠤ᠂ ᠬᠠᠷᠠᠬᠠᠨ ᠪᠠᠭ᠎ᠠ ᠠᠴᠠ ᠨᠢ ᠬᠠᠤᠯᠢ ᠶᠣᠰᠣᠭᠠᠷ ᠭᠠᠶᠢᠯᠢ ᠲᠤᠰᠢᠶᠠᠬᠤ ᠤᠬᠠᠮᠰᠠᠷ ᠢ ᠪᠤᠢ ᠪᠣᠯᠭᠠᠬᠤ ᠶᠢ ᠬᠦᠰᠡᠪᠡ᠃ ᠲᠤᠭᠳᠠᠬᠤ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠴᠤ ︿ᠤᠯᠤᠰ ᠤᠨ ᠲᠥᠯᠥᠭᠡ ᠡᠳ᠋ ᠮᠥᠩᠭᠦ ᠬᠤᠷᠠᠮᠳᠤᠭᠤᠯᠵᠤ᠂ ᠠᠷᠠᠳ ᠤᠨ ᠲᠥᠯᠥᠭᠡ ᠭᠠᠶᠢᠯᠢ ᠬᠤᠷᠢᠶᠠᠬᠤ﹀ ᠡᠭᠦᠷᠭᠡ ᠶᠢ ᠪᠠᠲᠤ ᠴᠡᠭᠡᠵᠢᠯᠡᠵᠦ᠂ ᠭᠠᠶᠢᠯᠢ ᠲᠠᠲᠠᠪᠤᠷᠢ ᠶᠢᠨ ᠣᠳᠣᠬᠢᠴᠢᠯᠠᠯᠲᠠ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠦᠢᠯᠡᠴᠢᠯᠡᠨ᠋ ᠎ᠡ︾ ᠭᠡᠵᠦ ᠬᠡᠯᠡᠪᠡ᠃      ᠬᠥᠳᠡᠯᠭᠡᠭᠡᠨ ᠳᠠᠭᠤᠰᠤᠭᠰᠠᠨ ᠤ ᠳᠠᠷᠠᠭ᠎ᠠ᠂ ᠰᠢᠶᠠᠨ ᠤ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠠᠩᠬ᠎ᠠ ᠳᠤᠮᠳᠠᠳᠤ ᠶᠢᠨ ᠨᠢᠭᠡᠳᠦᠭᠡᠷ ᠣᠨ ᠤ ᠠᠷᠪᠠᠨ ᠨᠢᠭᠡᠳᠦᠭᠡᠷ ᠠᠩᠭᠢ ᠶᠢᠨ ᠰᠤᠷᠤᠭᠴᠢ ᠦ᠋ ᠰᠢᠨ ᠴᠧᠨ ᠰᠤᠷᠪᠤᠯᠵᠢᠯᠠᠭᠴᠢ ᠳᠤ ᠬᠡᠯᠡᠭᠰᠡᠨ ᠨᠢ᠄ ︽ᠲᠤᠰ ᠬᠢᠴᠢᠶᠡᠯ ᠳᠤ ᠪᠢᠳᠡ ᠮᠠᠰᠢ ᠶᠡᠭᠡ ᠣᠯᠣᠯᠲᠠ ᠲᠠᠢ᠂ ᠭᠠᠶᠢᠯᠢ ᠲᠠᠲᠠᠪᠤᠷᠢ ᠶᠢᠨ ᠲᠤᠬᠠᠢ ᠮᠡᠳᠡᠯᠭᠡ ᠶᠢ ᠪᠠᠭᠰᠢ ᠠᠴᠠ ᠲᠠᠶᠢᠯᠪᠤᠷᠢᠯᠠᠬᠤ ᠪᠠᠷ ᠳᠠᠮᠵᠢᠭᠠᠳ᠂ ᠭᠠᠶᠢᠯᠢ ᠲᠠᠲᠠᠪᠤᠷᠢ ᠤᠤᠯ  ᠨᠢ ᠮᠠᠨ ᠤ ᠢᠳᠡᠵᠦ ᠡᠮᠦᠰᠬᠦ ᠶᠠᠪᠤᠵᠤ ᠰᠠᠭᠤᠬᠤ ᠲᠠᠢ ᠨᠢᠭᠲᠠ ᠬᠤᠯᠪᠣᠭ᠎ᠠ ᠲᠠᠢ ᠪᠠᠶᠢᠳᠠᠭ᠂ ᠮᠠᠨ ᠤ ᠰᠤᠷᠭᠠᠭᠤᠯᠢ᠂ ᠴᠡᠴᠡᠷᠯᠢᠭ᠂ ᠵᠠᠮ ᠵᠡᠷᠭᠡ ᠣᠯᠠᠨ ᠨᠡᠶᠢᠲᠡ ᠶᠢᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ   ᠶᠢᠨ ᠵᠠᠷᠤᠳᠠᠯ ᠪᠣᠯ ᠴᠥᠮ ᠭᠠᠶᠢᠯᠢ ᠲᠠᠲᠠᠪᠤᠷᠢ ᠠᠴᠠ ᠢᠷᠡᠳᠡᠭ᠂ ᠬᠤᠶᠢᠰᠢᠳᠠ ᠨᠡᠩ ᠣᠯᠠᠨ ᠭᠠᠶᠢᠯᠢ ᠲᠠᠲᠠᠪᠤᠷᠢ   ᠶᠢᠨ ᠲᠤᠬᠠᠢ ᠮᠡᠳᠡᠯᠭᠡ ᠰᠤᠷᠤᠯᠴᠠᠬᠤ ᠶᠢ ᠬᠦᠰᠡᠵᠦ ᠪᠠᠶᠢᠨ᠎ᠠ︾ ᠭᠡᠵᠡᠢ᠃      ᠵᠠᠯᠠᠭᠤᠴᠤᠳ ᠪᠠᠭᠠᠴᠤᠳ ᠪᠣᠯ ᠡᠬᠡ ᠤᠯᠤᠰ ᠤᠨ ᠢᠷᠡᠭᠡᠳᠦᠢ᠂ ᠦᠨᠳᠦᠰᠦᠲᠡᠨ ᠤ ᠬᠦᠰᠡᠯ ᠡᠷᠡᠮᠡᠯᠵᠡᠯ ᠮᠥᠨ ᠂ ᠵᠠᠯᠭᠠᠭᠠᠳ ᠲᠤᠭᠳᠠᠬᠤ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠠᠴᠠ ᠰᠤᠷᠤᠭᠴᠢᠳ ᠤᠨ ᠬᠠᠮᠲᠤᠯᠢᠭ ᠤᠨ ᠭᠠᠶᠢᠯᠢ ᠶᠢᠨ ᠬᠠᠤᠯᠢ ᠶᠢᠨ ᠲᠤᠬᠠᠢ ᠤᠬᠠᠭᠤᠯᠭ᠎ᠠ ᠬᠥᠮᠦᠵᠢᠯ ᠢ ᠦᠷᠭᠦᠯᠵᠢᠯᠡᠨ ᠴᠢᠩᠭᠠᠳᠬᠠᠵᠤ᠂ ᠵᠠᠯᠠᠭᠤᠴᠤᠳ ᠪᠠᠭᠠᠴᠤᠳ ᠰᠤᠷᠤᠭᠴᠢᠳ ᠢ ᠬᠥᠮᠥᠵᠢᠭᠦᠯᠦᠨ ᠬᠠᠷᠠᠬᠠᠨ ᠪᠠᠭ᠎ᠠ ᠠᠴᠠ ᠨᠢ ᠭᠠᠶᠢᠯᠢ ᠲᠠᠲᠠᠪᠤᠷᠢ ᠶᠢᠨ ᠬᠠᠤᠯᠢ ᠪᠠᠷ ᠵᠠᠰᠠᠬᠤ ᠦᠵᠡᠯᠲᠡ ᠲᠠᠢ ᠪᠣᠯᠭᠠᠵᠤ᠂ ᠰᠤᠷᠤᠭᠴᠢᠳ ᠢ ᠬᠥᠲᠥᠯᠥᠨ ᠵᠢᠯᠤᠭᠤᠳᠴᠤ ᠪᠠᠶᠢᠭᠠᠳ ᠭᠠᠶᠢᠯᠢ ᠶᠢᠨ ᠬᠠᠤᠯᠢ ᠶᠢ ᠮᠡᠳᠡᠬᠦ᠂ ᠭᠠᠶᠢᠯᠢ ᠶᠢᠨ ᠬᠠᠤᠯᠢ ᠶᠢ ᠰᠠᠬᠢᠭᠤᠯᠵᠤ᠂ ᠲᠡᠳᠡᠨ ᠤ ︽ᠭᠠᠶᠢᠯᠢ ᠲᠤᠰᠢᠶᠠᠬᠤ ᠨᠢ ᠢᠷᠠᠭᠤ ᠠᠯᠳᠠᠷᠲᠠᠢ︾ ᠪᠠᠶᠢᠬᠤ ᠦᠷ᠎ᠡ ᠶᠢ ᠰᠡᠳᠬᠢᠯ ᠳᠡᠭᠡᠨ ᠭᠦᠨ ᠬᠠᠳᠠᠩᠰᠢᠭᠤᠯᠵᠤ᠂ ︽ᠦᠨᠡᠨᠴᠢ ᠢᠲᠡᠭᠡᠮᠵᠢᠲᠡᠢ ᠪᠠᠷ ᠭᠠᠶᠢᠯᠢ ᠲᠤᠰᠢᠶᠠᠬᠤ︾ ᠦᠵᠡᠯᠲᠡ ᠶᠢ ᠪᠤᠢ ᠪᠣᠯᠭᠠᠨ᠎ᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1