| —2022 ᠣᠨ ᠤ 12 ᠳ᠋ᠤᠭᠠᠷ ᠰᠠᠷ᠎ᠠ ᠶᠢᠨ 30 ᠤ ᠡᠳᠦᠷ ᠬᠥᠬᠡᠬᠤᠲᠠ ᠶᠢᠨ ᠠᠷᠪᠠᠨ ᠵᠢᠷᠭᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯ ᠳᠡᠭᠡᠷ᠎ᠡ | ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠾᠧ ᠬᠠᠢ ᠳ᠋ᠦᠩ | | ᠲᠥᠯᠥᠭᠡᠯᠡᠭᠴᠢᠳ ᠠ᠋᠄ | ᠤᠳᠤ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ | ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ | ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2022 ᠣᠨ ᠤ ᠠᠵᠢᠯ ᠤᠨ ᠡᠷᠭᠢᠴᠡᠭᠦᠯᠦᠯ | 2022 ᠣᠨ ᠪᠣᠯ ᠲᠤᠶᠢᠯ ᠤᠨ ᠶᠡᠷᠦ ᠪᠤᠰᠤ ᠶᠢᠨ᠂ ᠲᠤᠶᠢᠯ ᠤᠨ ᠬᠦᠴᠢᠷ ᠪᠡᠷᠬᠡᠰᠢᠶᠡᠯ ᠲᠠᠢ᠂ ᠲᠤᠶᠢᠯ ᠤᠨ | ᠮᠠᠷᠲᠠᠭᠳᠠᠰᠢ ᠦᠭᠡᠢ ᠨᠢᠭᠡ ᠵᠢᠯ ᠪᠣᠯᠤᠨ᠎ᠠ᠂ ᠪᠢᠳᠡ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ | ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠲᠠ ᠶᠢᠨ ᠨᠠᠮ ᠤᠨ | ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠡᠷᠡ ᠶᠣᠰᠤᠭᠠᠷ ᠨᠢ | ᠲᠤᠭᠤᠰᠢᠯᠠᠭᠤᠯᠵᠤ᠂ ᠤᠯᠤᠰ ᠤᠨ ᠳᠣᠲᠣᠭᠠᠳᠤ ᠶᠢᠨ ᠠᠵᠤ ᠠᠬᠤᠢ ᠶᠢᠨ ᠪᠠᠭᠤᠷᠠᠯᠲᠠ ᠪᠠ ᠬᠢᠵᠢᠭ ᠤᠨ ᠪᠠᠶᠢᠳᠠᠯ | ᠳᠠᠬᠢᠨ ᠳᠠᠪᠲᠠᠨ ᠳᠠᠭᠠᠷᠢᠭᠰᠠᠨ ᠳᠠᠪᠬᠤᠴᠠᠭᠰᠠᠨ ᠨᠥᠯᠥᠭᠡ ᠶᠢ ᠪᠦᠲᠦᠮᠵᠢᠲᠡᠶ ᠠᠷᠭᠠᠴᠠᠭᠠᠭᠠᠳ ᠬᠢᠯᠪᠠᠷ ᠪᠤᠰᠤ᠂ | ᠲᠤᠶᠢᠯ ᠤᠨ ᠨᠠᠨᠳᠢᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠣᠯᠣᠭᠰᠠᠨ ᠪᠠᠶᠢᠨ᠎ᠠ᠃ ᠵᠢᠱᠢᠯᠲᠡ ᠪᠠᠷ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ 3% ᠣᠷᠴᠢᠮ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠨᠡᠮᠡᠭᠳᠡᠯ ᠦᠷᠲᠡᠭ 4% ᠣᠷᠴᠢᠮ ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ 12% ᠣᠷᠴᠢᠮ ᠨᠡᠮᠡᠭᠳᠡᠵᠦ᠂ ᠬᠤᠳᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ | ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠤᠰ ᠲᠤᠰ 4% ᠪᠠ 6% ᠣᠷᠴᠢᠮ ᠨᠡᠮᠡᠭᠳᠡᠬᠦ ᠪᠣᠯᠣᠨ᠎ᠠ᠃ | | ᠪᠢᠳᠡ ᠬᠢᠵᠢᠭ ᠲᠠᠢ ᠲᠡᠮᠡᠴᠡᠵᠦ᠂ ᠳᠣᠲᠣᠭᠠᠳᠤ ᠬᠡᠷᠡᠭᠴᠡᠭᠡ ᠶᠢ ᠥᠷᠭᠡᠳᠬᠡᠨ᠂ ᠪᠥᠬᠦ ᠬᠤᠲᠠ ᠶᠢᠨ ᠠᠵᠤ | ᠠᠬᠤᠢ ᠶᠢᠨ ᠬᠥᠭᠵᠢᠯᠲᠡ ᠶᠢᠨ ᠲᠣᠭᠲᠠᠭᠤᠨ ᠪᠥᠭᠡᠳ ᠰᠠᠶᠢᠨ ᠪᠠᠶᠢᠳᠠᠯ ᠢ ᠪᠠᠲᠤᠯᠠᠪᠠ᠃ ᠤᠯᠤᠰ ᠤᠨ ᠰᠡᠷᠭᠡᠶᠢᠯᠡᠨ | ᠡᠵᠡᠮᠳᠡᠬᠦ ᠲᠦᠷᠦ ᠶᠢᠨ ᠪᠣᠳᠣᠯᠭ᠎ᠠ ᠶᠢ ᠡᠷᠡᠰ ᠨᠠᠶᠢᠳᠠᠪᠤᠷᠢᠵᠢᠭᠤᠯᠤᠨ᠂ ᠣᠯᠠᠨ ᠤᠳᠠᠭᠠᠨ ᠤ ᠰᠢᠨ᠎ᠡ ᠲᠢᠲᠢᠮᠯᠢᠭ | ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠢ ᠪᠦᠲᠦᠮᠵᠢᠲᠡᠶ ᠰᠢᠢᠳᠪᠦᠷᠢᠯᠡᠵᠦ᠂ ᠢᠯᠠᠩᠭᠤᠶ᠎ᠠ ︽2.15︾ | ᠪᠠ ︽9.28︾ ᠤ ᠬᠤᠶᠠᠷ ᠡᠭᠡᠯᠵᠢ ᠶᠢᠨ ᠶᠡᠭᠡ ᠬᠡᠪᠴᠢᠶᠡᠨ ᠤ ᠬᠢᠵᠢᠭ ᠤᠨ ᠪᠠᠶᠢᠳᠠᠯ ᠢ ᠠᠮᠵᠢᠯᠲᠠ ᠲᠠᠢ | ᠠᠷᠭᠠᠴᠠᠭᠠᠵᠤ᠂ ᠬᠢᠵᠢᠭ ᠤᠨ ᠪᠠᠶᠢᠳᠠᠯ ᠤᠨ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠦᠵᠡᠭᠦᠯᠬᠦ | ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠤᠯᠠᠨ ᠲᠦᠮᠡᠨ ᠤ ᠠᠮᠢ ᠨᠠᠰᠤᠨ ᠤ ᠠᠮᠤᠷ ᠲᠦᠪᠰᠢᠨ | ᠪᠠ ᠪᠡᠶ᠎ᠡ ᠮᠠᠬᠠᠪᠤᠳ ᠤᠨ ᠡᠷᠡᠭᠦᠯ ᠮᠡᠨᠳᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠪᠠ᠃ ᠠᠵᠤ ᠠᠬᠤᠢ ᠶᠢ | ᠲᠣᠭᠲᠠᠪᠤᠷᠢᠵᠢᠭᠤᠯᠬᠤ 43 ᠵᠣᠷᠪᠤᠰ᠂ ᠠᠵᠤ ᠦᠢᠯᠡᠳᠪᠦᠷᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ | ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠮᠥᠩᠭᠦᠨ ᠭᠦᠢᠯᠭᠡᠭᠡ ᠪᠠᠷ ᠪᠣᠳᠠᠲᠤ | ᠴᠣᠭᠴᠠ ᠶᠢᠨ ᠠᠵᠤ ᠠᠬᠤᠢ ᠶᠢ ᠳᠡᠮᠵᠢᠬᠦ᠂ ᠳᠣᠲᠣᠭᠠᠳᠤ ᠬᠡᠷᠡᠭᠴᠡᠭᠡ ᠶᠢ ᠢᠳᠡᠪᠬᠢᠲᠡᠢ ᠥᠷᠭᠡᠳᠬᠡᠬᠦ ᠵᠡᠷᠭᠡ ᠠᠯᠢ | ᠤᠯᠠᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠵᠦ᠂ ᠵᠢᠱᠢᠯᠲᠡ ᠪᠠᠷ ᠪᠦᠬᠦ ᠵᠢᠯ ᠳᠤ | ᠨᠡᠶᠢᠳᠡ 90 ᠳ᠋ᠦᠩᠰᠢᠭᠤᠷ ᠲᠥᠭᠦᠷᠢᠭ ᠤᠨ ᠭᠠᠶᠢᠯᠢ ᠶᠢ ᠪᠤᠴᠠᠭᠠᠨ᠂ ᠭᠠᠶᠢᠯᠢ ᠶᠢ ᠬᠥᠩᠭᠡᠯᠡᠵᠦ᠂ ᠰᠦᠢᠳᠬᠡᠯ ᠢ | ᠪᠠᠭᠤᠷᠠᠭᠤᠯᠤᠨ᠂ ᠭᠠᠶᠢᠯᠢ ᠶᠢ ᠬᠤᠶᠢᠰᠢᠯᠠᠭᠤᠯᠵᠤ᠂ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ ᠥᠪᠡᠷ ᠤᠨ | ᠦᠷᠳᠡᠭ ᠢ 7.8 ᠳ᠋ᠦᠩᠰᠢᠭᠤᠷ ᠲᠥᠭᠦᠷᠢᠭ ᠪᠠᠭᠤᠷᠠᠭᠤᠯᠪᠠ᠃ ᠪᠦᠬᠦ ᠵᠢᠯ ᠳᠤ 1055 ᠭᠤᠣᠯᠳᠠᠯᠭ᠎ᠠ ᠲᠠᠢ ᠲᠦᠷᠦᠯ | ᠵᠦᠢᠯ ᠢ ᠬᠡᠷᠡᠭᠵᠢᠭᠦᠯᠵᠦ᠂ ᠵᠢᠱᠢᠯᠲᠡ ᠪᠠᠷ 1114.6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ | ᠪᠡᠶᠡᠯᠡᠭᠦᠯᠵᠦ᠂ ᠠᠩᠬ᠎ᠠ ᠤᠳᠠᠭ᠎ᠠ ︽ᠬᠤᠣᠰ ᠮᠢᠩᠭ᠎ᠠ︾ ᠶᠢᠨ ᠬᠠᠷᠠᠯᠲᠠ ᠶᠢ ᠪᠡᠶᠡᠯᠡᠭᠦᠯᠵᠦ᠂ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ︽ᠬᠤᠶᠠᠷ ᠣᠷᠣᠨᠲᠤ ᠲᠤᠭ᠎ᠠ︾ ᠶᠢᠨ ᠰᠥᠷᠭᠡᠦ ᠨᠡᠮᠡᠭᠳᠡᠯ ᠢ ᠪᠡᠶᠡᠯᠡᠭᠦᠯᠬᠦ | ᠪᠣᠯᠣᠨ᠎ᠠ᠃ ᠢᠯᠠᠩᠭᠤᠶ᠎ᠠ ᠴᠥᠬᠦᠷᠡᠰᠢ ᠦᠭᠡᠢ ᠴᠢᠷᠮᠠᠶᠢᠯᠭ᠎ᠠ ᠪᠠᠷ ᠳᠠᠮᠵᠢᠨ᠂ ᠤᠯᠤᠰ ᠤᠨ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ ᠪᠠᠷ ᠠᠮᠵᠢᠯᠲᠠ ᠲᠠᠢ ᠰᠣᠩᠭᠤᠭᠳᠠᠵᠤ᠂ ᠪᠦᠬᠦ | ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ | ᠠᠵᠢᠯ ᠠᠯᠪᠠᠨ ᠨᠡᠶᠢᠲᠡᠯᠡᠯ ᠤᠨ ᠱᠠᠲᠤᠨ ᠳᠤ ᠣᠷᠣᠵᠤ᠂ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ | ᠪᠠᠶᠢᠭᠤᠯᠬᠤ ᠠᠵᠢᠯ ᠢᠳᠡᠪᠬᠢᠲᠡᠢ ᠦᠷ᠎ᠡ ᠪᠦᠲᠦᠮᠵᠢ ᠣᠯᠵᠤ᠂ ︽2022 ᠴᠢᠨᠠᠷ ᠰᠠᠶᠢᠲᠠᠢ ᠬᠥᠭᠵᠢᠯᠲᠡ ᠶᠢᠨ ᠠᠷᠪᠠᠨ | ᠰᠢᠯᠢᠳᠡᠭ ᠬᠤᠳᠠ︾ ᠶᠢᠨ ᠢᠷᠠᠭᠤ ᠠᠯᠳᠠᠷ ᠢ ᠬᠦᠷᠲᠡᠪᠡ᠃ | ᠪᠢᠳᠡ ︽ᠣᠷᠣᠶᠢᠯᠠᠬᠤ︾ ᠶᠢ ᠠᠳᠬᠤᠨ᠂ ︽ᠬᠡᠯᠬᠢᠶ᠎ᠡ︾ ᠶᠢ ᠨᠥᠬᠦᠪᠦᠷᠢᠯᠡᠵᠦ᠂ ᠵᠢᠷᠭᠤᠭᠠᠨ ᠶᠡᠭᠡ ᠠᠵᠤ | ᠦᠢᠯᠡᠰ ᠤᠨ ᠪᠥᠭᠡᠮᠨᠡᠷᠡᠯ ᠴᠢᠬᠤᠯᠠ ᠠᠬᠢᠯᠲᠠ ᠲᠠᠢ ᠪᠣᠯᠭᠠᠪᠠ᠃ ᠪᠥᠬᠦ ᠤᠯᠤᠰ ᠤᠨ ᠴᠣᠷ ᠤᠨ ᠭᠠᠭᠴᠠ ᠤᠯᠤᠰ ᠤᠨ | ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢᠶᠠᠷ ᠵᠦᠪᠰᠢᠶᠡᠷᠡᠭᠳᠡᠵᠦ᠂ ᠢᠯᠢ ᠶᠢᠨ ᠣᠲᠣ | ᠦᠶ᠎ᠡ ᠶᠢᠨ ᠤᠶᠤᠨᠲᠤ ᠡᠷᠡᠭᠦᠯ ᠮᠡᠨᠳᠦ ᠶᠢᠨ ᠬᠥᠨᠳᠡᠢ ᠶᠢᠨ ᠰᠢᠩᠭᠡᠨ ᠰᠦ᠂ ᠰᠦᠨ ᠲᠠᠯᠬ᠎ᠠ᠂ ᠣᠶᠤᠨᠴᠢ | ᠦᠢᠯᠡᠳᠬᠦ ᠶᠢ ᠪᠡᠶᠡᠴᠢᠯᠡᠨ ᠣᠶᠢᠯᠠᠭᠠᠬᠤ ᠲᠥᠪ᠂ ᠤᠶᠤᠨᠲᠤ ᠮᠠᠯᠵᠢᠯ ᠤᠨ ᠲᠠᠯᠠᠪᠠᠶ ᠵᠡᠷᠭᠡ 4 ᠲᠣᠮᠣ ᠭᠤᠣᠯ ᠲᠥᠷᠥᠯ | ᠵᠦᠢᠯ ᠤᠨ ᠪᠠᠷᠢᠯᠭ᠎ᠠ ᠶᠢᠨ ᠠᠵᠢᠯ ᠳᠠᠭᠤᠰᠴᠤ ᠠᠰᠢᠭᠯᠠᠯᠲᠠ ᠳᠤ ᠣᠷᠣᠪᠠ᠃ ᠮᠧᠩ ᠨᠢᠦ ᠶᠢᠨ ᠰᠦ ᠶᠢᠨ ᠦᠢᠯᠡᠰ ᠤᠨ | ᠠᠵᠤ ᠦᠢᠯᠡᠰ ᠤᠨ ᠬᠦᠷᠢᠶᠡᠯᠡᠩ ᠤᠨ ᠨᠠᠢᠮᠠᠳᠤᠭᠠᠷ ᠬᠤᠭᠤᠴᠠᠭᠠᠨ ᠤ ᠰᠢᠨ᠎ᠡ ᠰᠦ᠂ ᠪᠢᠰᠢᠯᠠᠭ᠂ ᠳᠣᠣᠷ᠎ᠠ ᠳᠤᠯᠠᠭᠠᠨ | ᠵᠡᠷᠭᠡ 3 ᠲᠣᠮᠣ ᠦᠢᠯᠡᠳᠪᠦᠷᠢ ᠶᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ ᠶᠢᠰᠦᠳᠦᠭᠡᠷ | ᠬᠤᠭᠤᠴᠠᠭᠠᠨ ᠤ ᠰᠦᠨ ᠲᠠᠯᠬ᠎ᠠ ᠶᠢᠨ ᠲᠥᠷᠥᠯ ᠵᠦᠢᠯ ᠢ ᠪᠠᠷᠢᠯᠭ᠎ᠠ ᠡᠬᠢᠯᠡᠭᠦᠯᠦᠨ ᠪᠠᠶᠢᠭᠤᠯᠪᠠ᠃ ᠴᠠᠭᠠᠨ ᠢᠳᠡᠭᠡᠨ ᠤ | ᠠᠵᠤ ᠦᠢᠯᠡᠰ ᠤᠨ ᠪᠥᠭᠡᠮᠨᠡᠷᠡᠯ ᠤᠯᠤᠰ ᠤᠨ ᠲᠡᠷᠢᠭᠦᠨ ᠤ ᠦᠶᠯᠡᠳᠬᠦ ᠦᠢᠯᠡᠰ ᠤᠨ ᠪᠥᠭᠡᠮᠨᠡᠷᠡᠯ ᠳᠤ ᠠᠮᠵᠢᠯᠲᠠ ᠲᠠᠢ | ᠰᠣᠩᠭᠤᠭᠳᠠᠨ ᠣᠷᠣᠵᠤ᠂ ᠰᠦ ᠶᠢᠨ ᠦᠢᠯᠡᠰ ᠤᠨ ᠪᠥᠬᠦ ᠠᠵᠤ ᠦᠢᠯᠡᠰ ᠤᠨ ᠬᠡᠯᠬᠢᠶᠡᠨ ᠤ ᠡᠵᠡᠩᠨᠡᠯᠲᠡ ᠶᠢᠨ | ᠣᠷᠣᠯᠭ᠎ᠠ 2200 ᠳ᠋ᠦᠩᠰᠢᠭᠤᠷ ᠲᠥᠭᠦᠷᠢᠭ ᠢ ᠳᠠᠪᠠᠵᠤ᠂ ᠠᠳᠠᠯᠢ ᠬᠤᠭᠤᠴᠠᠭᠠᠨ ᠤ ᠬᠢ ᠠᠴᠠ 10% ᠨᠡᠮᠡᠭᠳᠡᠨ᠂ | ︽ᠳᠤᠮᠳᠠᠳᠤ ᠤᠯᠤᠰ ᠤᠨ ᠰᠦ ᠶᠢᠨ ᠬᠤᠲᠠ︾ ᠶᠢᠨ ᠪᠠᠶᠢᠷᠢ ᠰᠠᠭᠤᠷᠢ ᠨᠠᠩ ᠪᠠᠬᠢᠵᠢᠪᠡ᠃ ᠤᠯᠤᠰ ᠤᠨ ᠢᠨᠲ᠋ᠧᠷ | ᠰᠦᠯᠵᠢᠶᠡᠨ ᠤ ᠭᠤᠣᠯᠯᠠᠭᠴᠢ ᠰᠢᠭᠤᠳ ᠬᠤᠯᠪᠤᠯᠲᠠ ᠶᠢᠨ ᠴᠡᠭ᠂ ᠣᠯᠠᠨ ᠤᠯᠤᠰ ᠤᠨ ᠢᠨᠲ᠋ᠧᠷ ᠰᠦᠯᠵᠢᠶᠡᠨ ᠤ | ᠲᠤᠭ᠎ᠠ ᠪᠠᠷᠢᠮᠲᠠ ᠶᠢᠨ ᠲᠤᠰᠬᠠᠢ ᠵᠠᠮ ᠢ ᠪᠠᠶᠢᠭᠤᠯᠵᠤ ᠨᠡᠪᠲᠡᠷᠡᠭᠦᠯᠦᠨ᠂ ᠪᠦᠬᠦ ᠤᠯᠤᠰ ᠤᠨ ᠨᠢᠭᠡ | ᠴᠤᠭᠴᠠᠵᠢᠭᠤᠯᠤᠭᠰᠠᠨ ᠪᠣᠳᠣᠯᠭ᠎ᠠ ᠶᠢᠨ ᠬᠦᠴᠦᠨ ᠤ ᠰᠦᠯᠵᠢᠶᠡᠨ ᠤ ᠵᠠᠩᠭᠢᠯᠠᠭ᠎ᠠ ᠶᠢᠨ ᠴᠡᠭ ᠤᠨ ᠬᠤᠷᠢᠨᠭᠡᠷ ᠤᠨ | ᠲᠤᠭ᠎ᠠ ᠪᠠᠷᠢᠮᠲᠠ ᠶᠢᠨ ᠲᠥᠪ ᠢ ᠡᠬᠢᠯᠡᠨ ᠪᠠᠶᠢᠭᠤᠯᠵᠤ᠂ ᠳᠤᠮᠳᠠᠳᠤ ᠤᠯᠤᠰ ᠤᠨ ᠪᠠᠩᠬᠢ ᠶᠢᠨ ᠶᠡᠷᠦᠩᠬᠡᠢ ᠪᠠᠩᠬᠢ ᠶᠢᠨ | ᠮᠥᠩᠭᠦᠨ ᠭᠦᠢᠯᠭᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠭ᠎ᠠ ᠪᠠᠷᠢᠮᠲᠠ ᠶᠢᠨ ᠲᠥᠪ ᠤᠨ ᠭᠤᠣᠯ | ᠴᠣᠭᠴᠠ ᠶᠢ ᠪᠠᠶᠢᠭᠤᠯᠤᠨ ᠳᠠᠭᠤᠰᠬᠠᠵᠤ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ᠂ ᠥᠪᠥᠷ ᠮᠣᠩᠭᠤᠯ ᠤᠨ | ᠬᠥᠳᠡᠭᠡ ᠲᠣᠰᠬᠤᠨ ᠤ ᠢᠳᠡᠭᠡᠮᠵᠢ ᠶᠢᠨ ᠬᠤᠷᠰᠢᠶ᠎ᠠ᠂ ᠰᠢᠯᠵᠢᠮᠡᠯ ᠬᠤᠯᠪᠣᠭᠠᠨ ᠤ ᠬᠤᠶᠠᠳᠤᠭᠠᠷ ᠬᠤᠭᠤᠴᠠᠭ᠎ᠠ᠂ | ᠴᠠᠬᠢᠯᠭᠠᠨ ᠬᠤᠯᠪᠣᠭᠠᠨ ᠤ ᠬᠤᠶᠠᠳᠤᠭᠠᠷ ᠬᠤᠭᠤᠴᠠᠭ᠎ᠠ ᠵᠡᠷᠭᠡ ᠲᠤᠭ᠎ᠠ ᠪᠠᠷᠢᠮᠲᠠ ᠶᠢᠨ ᠲᠥᠪ ᠵᠢᠴᠢ ᠰᠢᠨ ᠬᠤᠸᠠ | ᠰᠠᠨ ᠤ ᠲᠥᠪ ᠲᠤᠷᠰᠢᠯᠲᠠ ᠶᠢᠨ ᠲᠠᠰᠤᠭ ᠵᠡᠷᠭᠡ ᠲᠦᠷᠦᠯ ᠵᠦᠢᠯ ᠢ ᠪᠦᠬᠦ ᠲᠠᠯ᠎ᠠ ᠪᠠᠷ ᠪᠠᠷᠢᠯᠭ᠎ᠠ ᠡᠬᠢᠯᠡᠭᠦᠯᠵᠦ᠂ | ᠬᠤᠸᠠ ᠸᠧᠢ ᠡᠭᠦᠯᠡᠨ ᠤ ᠬᠤᠷᠢᠨᠭᠡᠷ ᠤᠨ ᠲᠤᠭ᠎ᠠ ᠪᠠᠷᠢᠮᠲᠠ ᠶᠢᠨ ᠲᠥᠪ᠂ ᠵᠠᠮ ᠬᠠᠷᠢᠯᠴᠠᠭᠠᠨ ᠤ ᠪᠠᠩᠬᠢ ᠶᠢᠨ ᠲᠤᠭ᠎ᠠ | ᠪᠠᠷᠢᠮᠲᠠ ᠶᠢᠨ ᠲᠥᠪ᠂ ᠴᠣᠣ ᠵᠢᠥᠢ ᠪᠢᠶᠠᠨ ᠦᠢᠯᠡᠴᠢᠯᠡᠭᠦᠷ ᠵᠡᠷᠭᠡ ᠲᠦᠷᠦᠯ ᠵᠦᠢᠯ ᠢ ᠭᠡᠷ᠎ᠡ ᠲᠣᠭᠲᠠᠨ | ᠨᠠᠶᠢᠳᠠᠪᠤᠷᠢᠵᠢᠭᠤᠯᠵᠤ᠂ ᠡᠯᠧᠺᠲᠷᠣᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠬᠥᠭᠵᠢᠯᠲᠡ ᠶᠢᠨ ︽ | ᠲᠦᠷᠭᠡᠨ ᠤ ᠵᠠᠮ︾ ᠳᠤ ᠣᠷᠣᠪᠠ᠃ ᠶᠡᠷᠦᠩᠬᠡᠢ ᠪᠡᠯᠡ ᠣᠷᠤᠭᠤᠯᠤᠯᠲᠠ ᠨᠢ 206 ᠳ᠋ᠦᠩᠰᠢᠭᠤᠷ ᠲᠥᠭᠦᠷᠢᠭ ᠤᠨ | ᠵᠥᠩ ᠬᠤᠸᠠᠨ ᠠᠵᠤ ᠦᠢᠯᠡᠰ ᠤᠨ ᠬᠤᠲᠠ ᠶᠢ ᠪᠠᠷᠢᠯᠭ᠎ᠠ ᠡᠬᠢᠯᠡᠭᠦᠯᠦᠨ ᠪᠠᠶᠢᠭᠤᠯᠵᠤ᠂ ᠶᠤᠸᠠᠨ ᠵᠢᠩ ᠣᠶᠤᠨᠴᠢ | ᠦᠶᠯᠡᠳᠬᠦ ᠠᠵᠤ ᠦᠢᠯᠡᠰ ᠤᠨ ᠬᠦᠷᠢᠶᠡᠯᠡᠩ ᠪᠥᠬᠦ ᠲᠠᠯ᠎ᠠ ᠪᠠᠷ ᠪᠠᠷᠢᠯᠭ᠎ᠠ ᠡᠬᠢᠯᠡᠵᠦ᠂ ᠬᠤᠸᠠ ᠶᠣᠣ ᠶᠢᠨ | ᠬᠤᠶᠠᠳᠤᠭᠠᠷ ᠬᠤᠭᠤᠴᠠᠭ᠎ᠠ᠂ ᠱᠧᠩ ᠹᠠᠨ ᠤ ᠬᠤᠶᠠᠳᠤᠭᠠᠷ ᠬᠤᠭᠤᠴᠠᠭ᠎ᠠ ᠭᠤᠷᠪᠠᠳᠤᠭᠠᠷ ᠬᠤᠭᠤᠴᠠᠭ᠎ᠠ᠂ ᠳ᠋ᠦᠩ | ᠹᠠᠩ ᠴᠠᠬᠢᠯᠭᠠᠨ ᠤ ᠤᠶᠤᠨᠲᠤ ᠡᠨᠧᠷᠭᠢ ᠵᠡᠷᠭᠡ ᠲᠥᠷᠥᠯ ᠵᠦᠢᠯ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ | ᠣᠷᠣᠭᠤᠯᠵᠤ᠂ ᠰᠢᠨ᠎ᠡ ᠮᠠᠲ᠋ᠧᠷᠢᠶᠠᠯ ᠪᠠ ᠣᠲᠣ ᠦᠶ᠎ᠡ ᠶᠢᠨ ᠲᠣᠨᠤᠭᠯᠠᠯ ᠦᠶᠯᠡᠳᠬᠦ ᠠᠵᠤ ᠦᠢᠯᠡᠰ ᠲᠠᠰᠤᠷᠠᠯᠲᠠ | ᠦᠭᠡᠢ ᠪᠤᠵᠠᠭᠠᠶᠢᠷᠠᠪᠠ᠃ ᠶᠢᠨ ᠳ᠋ᠠ ᠸᠧᠢ ᠶᠢᠨ ᠳᠠᠭᠠᠯᠲᠠ ᠢᠰᠬᠡᠭᠦᠷ Q10 ᠶᠢ ᠥᠷᠭᠡᠳᠬᠡᠨ ᠪᠠᠶᠢᠭᠤᠯᠵᠤ᠂ ᠶᠢᠨ | ᠢᠦᠢ ᠭᠦᠩ ᠯᠢ ᠶᠢᠨ ᠡᠩᠬᠦᠷᠡᠢ ᠠᠮᠢᠲᠠᠨ ᠤ ᠸᠠᠺᠼᠢᠨ᠂ ᠬᠤᠸᠠ ᠰᠢ ᠠᠮᠢᠳᠤ ᠪᠣᠳᠠᠰ ᠤᠨ ᠠᠮᠢᠲᠠᠨ ᠤ ᠸᠠᠺᠼᠢᠨ | ᠵᠡᠷᠭᠡ ᠲᠥᠷᠥᠯ ᠵᠦᠢᠯ ᠢ ᠵᠢᠩᠬᠢᠨᠢ ᠪᠠᠷ ᠠᠰᠢᠭᠯᠠᠯᠲᠠ ᠳᠤ ᠣᠷᠣᠭᠤᠯᠵᠤ᠂ ᠶᠢᠨ ᠾᠧ ᠶᠢᠤ ᠪᠧᠨ ᠤ ᠠᠮᠢᠲᠠᠨ ᠤ | ᠸᠠᠺᠼᠢᠨ ᠦᠢᠯᠡᠳᠪᠦᠷᠢᠯᠡᠬᠦ ᠰᠠᠭᠤᠷᠢᠨ ᠭᠠᠵᠠᠷ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠲᠤᠷᠰᠢᠨ | ᠦᠢᠯᠡᠳᠪᠦᠷᠢᠯᠡᠵᠦ᠂ ᠪᠥᠸᠧ ᠬᠤᠶ ᠠᠮᠢᠳᠤ ᠪᠣᠳᠠᠰ ᠤᠨ ᠮᠡᠷᠭᠡᠵᠢᠯ ᠤᠨ ᠠᠵᠤ ᠦᠢᠯᠡᠰ ᠤᠨ ᠰᠠᠭᠤᠷᠢᠨ ᠭᠠᠵᠠᠷ᠂ ᠳ᠋ᠠ | ᠲᠠᠩ ᠡᠮ ᠤᠨ ᠦᠢᠯᠡᠰ ᠤᠨ ᠡᠷᠡᠭᠦᠯ ᠮᠡᠨᠳᠦ ᠶᠢᠨ ᠠᠵᠤ ᠦᠢᠯᠡᠰ ᠤᠨ ᠬᠦᠷᠢᠶᠡᠯᠡᠩ᠂ ᠶᠢᠨ ᠾᠧ ᠠᠮᠢᠳᠤ ᠪᠣᠳᠠᠰ ᠤᠨ | ᠥᠨᠳᠥᠷ ᠦᠷ᠎ᠡ ᠠᠰᠢᠭᠲᠤ ᠰᠢᠷ᠎ᠠ ᠬᠦᠬᠡᠴᠦ ᠡᠳ᠋ ᠵᠡᠷᠭᠡ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠠᠮᠢᠳᠤ | ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠦᠳᠲᠡᠷ ᠲᠦᠷᠭᠡᠨ ᠪᠣᠶᠢᠵᠢᠪᠠ᠃ ᠶᠡᠷᠦᠩᠬᠡᠢ ᠪᠡᠯᠡ ᠣᠷᠣᠭᠤᠯᠤᠯᠲᠠ | ᠨᠢ 118 ᠳ᠋ᠦᠩᠰᠢᠭᠤᠷ ᠲᠥᠭᠦᠷᠢᠭ ᠤᠨ ᠵᠢᠦ ᠲᠠᠢ ᠶᠢᠨ 100 ᠲᠦᠮᠡᠨ ᠲᠣᠨ ᠨᠡᠭᠦᠷᠡᠰᠦ ᠪᠠᠷ ᠡᠲ᠋ᠠ ᠬᠤᠶᠠᠷᠴᠢ | ᠠᠯᠺᠣᠣᠯ ᠦᠶᠯᠡᠳᠬᠦ ᠲᠥᠷᠥᠯ ᠵᠦᠢᠯ᠂ ᠶᠡᠷᠦᠩᠬᠡᠢ ᠪᠡᠯᠡ ᠣᠷᠣᠭᠤᠯᠤᠯᠲᠠ ᠨᠢ 48 ᠳ᠋ᠦᠩᠰᠢᠭᠤᠷ ᠲᠥᠭᠦᠷᠢᠭ ᠲᠤ | ᠬᠦᠷᠦᠭᠰᠡᠨ ᠰᠢᠦᠢ ᠶᠠᠩ ᠤᠨ ᠤᠰᠤᠲᠥ᠋ᠷᠥᠭᠴᠢ ᠦᠶᠯᠡᠳᠬᠦ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ | ᠠᠰᠢᠭᠯᠠᠯᠲᠠ ᠳᠤ ᠣᠷᠤᠭᠤᠯᠵᠤ᠂ ᠰᠢᠩ ᠲᠠᠢ ᠶᠢᠨ 30 ᠲᠦᠮᠡᠨ ᠲᠣᠨ BDO᠂ ᠮᠧᠩ ᠯᠢᠶᠠᠨ ᠬᠢᠮᠢ ᠶᠢᠨ ᠠᠵᠤ | ᠦᠢᠯᠡᠳᠪᠦᠷᠢ ᠶᠢᠨ 30 ᠲᠦᠮᠡᠨ ᠲᠣᠨ ᠰᠢᠩᠭᠡᠨᠵᠢᠮᠡᠯ ᠬᠡᠢ ᠶᠢ ᠨᠠᠷᠢᠯᠢᠭ ᠡᠳ᠋ᠰᠢᠭᠦᠯᠬᠦ ᠵᠡᠷᠭᠡ ᠲᠥᠷᠥᠯ ᠵᠦᠢᠯ ᠢ ᠠᠵᠢᠯ | ᠡᠬᠢᠯᠡᠭᠦᠯᠦᠨ ᠪᠦᠲᠦᠭᠡᠨ ᠪᠠᠶᠢᠭᠤᠯᠵᠤ᠂ ᠳᠤᠮᠳᠠᠳᠤ ᠤᠯᠤᠰ ᠤᠨ ᠴᠢᠯᠠᠭᠤᠨ ᠲᠣᠰᠣ ᠶᠢᠨ ᠬᠥᠬᠡᠬᠤᠲᠠ ᠶᠢᠨ ᠴᠢᠯᠠᠭᠤᠨ | ᠲᠣᠰᠣ ᠬᠢᠮᠢ ᠶᠢᠨ ᠺᠣᠮᠫᠠᠨᠢ ᠪᠠ ᠳᠤᠮᠳᠠᠳᠤ ᠤᠯᠤᠰ ᠤᠨ ᠲᠡᠯᠡᠶ ᠶᠢᠨ ᠴᠢᠯᠠᠭᠤᠨ ᠲᠣᠰᠣᠨ ᠤ ᠲᠢᠶᠠᠨ ᠶᠧ ᠬᠢᠮᠢ ᠶᠢᠨ | ᠠᠵᠤ ᠦᠢᠯᠡᠳᠪᠦᠷᠢ ᠪᠠᠶᠢᠯᠳᠤᠬᠤ ᠪᠣᠳᠣᠯᠭ᠎ᠠ ᠶᠢᠨ ᠳᠠᠬᠢᠨ ᠵᠣᠬᠢᠶᠠᠨ ᠪᠠᠶᠢᠭᠤᠯᠬᠤ ᠶᠢ ᠬᠡᠷᠡᠭᠵᠢᠭᠦᠯᠵᠦ᠂ | ᠣᠳᠣᠬᠢᠴᠢᠯᠠᠭᠰᠠᠨ ᠠᠵᠤ ᠦᠢᠯᠡᠳᠪᠦᠷᠢ ᠶᠢᠨ ᠠᠵᠤ ᠦᠢᠯᠡᠰ ᠤᠨ ︽ᠡᠨᠧᠷᠭᠢ ᠬᠢᠮᠢ ᠶᠢᠨ ᠠᠵᠤ ᠦᠢᠯᠡᠳᠪᠦᠷᠢ ᠶᠢ | ᠨᠢᠭᠡ ᠴᠤᠭᠴᠠᠵᠢᠭᠤᠯᠤᠨ︾ ᠬᠡᠯᠪᠡᠷᠢ ᠶᠢ ᠬᠤᠪᠢᠷᠠᠭᠤᠯᠬᠤ ᠶᠢ ᠲᠦᠷᠭᠡᠳᠬᠡᠨ ᠠᠬᠢᠭᠤᠯᠪᠠ᠃ ᠶᠤᠸᠠᠨ ᠵᠢᠩ ᠤᠨ 40 | ᠲᠦᠮᠡᠨ ᠺᠢᠯᠣᠸᠠᠲ ᠤᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤ ᠬᠦᠷᠭᠡᠬᠦ ᠶᠢ | ᠤᠷᠢᠳᠠᠪᠡᠷ ᠬᠡᠷᠡᠭᠵᠢᠬᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠲᠢᠶᠠᠨ ᠨᠧᠩ ᠬᠦᠨᠳᠦ ᠠᠵᠤ ᠦᠢᠯᠡᠳᠪᠦᠷᠢ ᠶᠢᠨ | 15 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠢ ᠦᠨᠳᠦᠰᠦᠨ ᠳᠡᠭᠡᠨ | ᠪᠠᠶᠢᠭᠤᠯᠵᠤ ᠳᠠᠭᠤᠰᠬᠠᠪᠠ᠃ ᠵᠢᠨᠱᠠᠨ ᠴᠠᠬᠢᠯᠭᠠᠨ ᠤ ᠦᠢᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ ᠥᠷᠭᠡᠳᠬᠡᠨ | ᠪᠠᠶᠢᠭᠤᠯᠬᠤ ᠲᠦᠷᠦᠯ ᠵᠦᠢᠯ ᠤᠨ ᠭᠤᠷᠪᠠᠳᠤᠭᠠᠷ ᠨᠣᠮᠧᠷᠲᠤ ᠮᠠᠰᠢᠨ ᠴᠣᠭᠴᠠᠯᠠᠪᠤᠷᠢ ᠶᠢ ᠠᠮᠵᠢᠯᠲᠠ ᠲᠠᠢ ᠲᠣᠣᠷ ᠲᠤ | ᠨᠡᠶᠢᠯᠡᠭᠦᠯᠦᠨ ᠴᠠᠬᠢᠯᠭᠠᠨ ᠭᠠᠷᠭᠠᠵᠤ᠂ ᠳ᠋ᠠ ᠲᠠᠩ ᠤᠨ 200 ᠲᠦᠮᠡᠨ ᠺᠢᠯᠣᠸᠠᠲ ᠤᠨ ᠰᠢᠨ᠎ᠡ ᠡᠨᠧᠷᠭᠢ ᠶᠢ | ᠨᠡᠶᠢᠯᠡᠭᠦᠯᠵᠦ ᠭᠠᠳᠠᠭᠰᠢ ᠬᠦᠷᠭᠡᠬᠦ ᠲᠦᠷᠦᠯ ᠵᠦᠢᠯ ᠢ ᠪᠦᠬᠦ ᠲᠠᠯ᠎ᠠ ᠪᠠᠷ ᠠᠵᠢᠯ ᠡᠬᠢᠯᠡᠭᠦᠯᠵᠦ᠂ ᠬᠥᠬᠡᠬᠤᠲᠠ ᠶᠢᠨ | ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠦᠷᠳᠡᠭᠡ ᠶᠢᠨ ᠬᠤᠶᠠᠳᠤᠭᠠᠷ ᠬᠤᠭᠤᠴᠠᠭ᠎ᠠ ᠶᠢ ᠤᠯᠤᠰ ᠤᠨ | ᠡᠨᠧᠷᠭᠢ ᠶᠢᠨ ᠲᠣᠪᠴᠢᠶ᠎ᠠ ᠳᠤ ᠮᠡᠳᠡᠭᠦᠯᠦᠨ ᠬᠢᠨᠠᠨ ᠬᠠᠷᠭᠤᠭᠤᠯᠵᠤ᠂ ᠴᠡᠪᠡᠷ ᠡᠨᠧᠷᠭᠢ ᠶᠢᠨ ᠠᠵᠤ ᠦᠢᠯᠡᠰ ᠴᠢᠬᠤᠯᠠ | ᠶᠡᠭᠡ ᠬᠥᠭᠵᠢᠯᠲᠡ ᠶᠢᠨ ᠰᠠᠶᠢᠨ ᠠᠵᠠ ᠲᠣᠬᠢᠶᠠᠯ ᠢ ᠤᠭᠲᠤᠨ ᠠᠪᠴᠢᠷᠠᠪᠠ᠃ | ᠪᠢᠳᠡ ᠴᠤᠭᠯᠠᠷᠠᠯ ᠢ ᠠᠳᠬᠤᠵᠤ᠂ ᠶᠠᠰᠤ ᠴᠢᠨᠠᠷ ᠢ ᠳᠡᠭᠡᠭᠰᠢᠯᠡᠭᠦᠯᠵᠦ᠂ ᠦᠢᠯᠡᠴᠢᠯᠡᠭᠡᠨ ᠤ ᠦᠢᠯᠡᠰ ᠤᠨ ᠲᠠᠰ | ᠳᠡᠪᠰᠢᠬᠦ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠪᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠠᠩᠬᠠᠳᠤᠭᠠᠷ ᠪᠦᠯᠦᠭ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠬᠡᠯᠪᠡᠷᠢ ᠶᠢᠨ ᠤᠯᠤᠰ ᠤᠨ ᠪᠠᠷᠠᠭᠠᠨ ᠤ | ᠭᠦᠢᠯᠭᠡᠭᠡᠨ ᠤ ᠬᠦᠢᠰᠦ᠂ ᠤᠯᠤᠰ ᠤᠨ ᠭᠤᠣᠯᠯᠠᠭᠴᠢ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠠᠭᠤᠷᠢᠨ | ᠭᠠᠵᠠᠷ ᠬᠤᠶᠠᠷ ᠲᠣᠮᠣ ᠪᠠᠷᠠᠭᠠᠨ ᠤ ᠭᠦᠢᠯᠭᠡᠭᠡᠨ ᠤ ᠬᠦᠷᠢᠶᠡᠨ ᠤ ︽ᠤᠯᠤᠰ ᠤᠨ ᠨᠡᠷᠡᠲᠦ ᠲᠡᠮᠳᠡᠭᠲᠦ︾ ᠨᠡᠷ᠎ᠡ ᠶᠢᠨ | ᠬᠠᠭᠤᠳᠠᠰᠤ ᠶᠢ ᠠᠮᠵᠢᠯᠲᠠ ᠲᠠᠢ ᠣᠯᠵᠤ᠂ ᠶᠦᠨ ᠳ᠋ᠡ᠂ ᠵᠥᠩ ᠲᠦᠩ ᠵᠡᠷᠭᠡ ᠲᠥᠷᠥᠯ ᠵᠦᠢᠯ ᠢ ᠪᠠᠶᠢᠭᠤᠯᠤᠨ | ᠳᠠᠭᠤᠰᠬᠠᠵᠤ ᠠᠰᠢᠭᠯᠠᠯᠲᠠ ᠳᠤ ᠣᠷᠣᠭᠤᠯᠵᠤ᠂ ᠢ ᠱᠦᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠭᠤᠤᠯ | ᠴᠣᠭᠴᠠ ᠶᠢ ᠪᠠᠶᠢᠭᠤᠯᠤᠨ ᠳᠠᠭᠤᠰᠬᠠᠵᠤ᠂ ᠶᠤᠸᠠᠨ ᠲᠦᠩ᠂ ᠵᠢᠦ ᠵᠧᠤ ᠲᠦᠩ ᠵᠡᠷᠭᠡ ᠲᠥᠷᠥᠯ ᠵᠦᠢᠯ ᠢ | ᠤᠷᠤᠭᠰᠢᠲᠠᠶ ᠠᠬᠢᠭᠤᠯᠵᠤ᠂ ᠬᠤᠸᠠ ᠷᠦᠨ ᠸᠠᠨ ᠰᠢᠶᠠᠩ ᠴᠧᠩ᠂ ᠬᠤᠲᠠ ᠶᠢᠨ ᠡᠮᠦᠨᠡᠬᠢ ᠸᠠᠨ ᠳ᠋ᠠ ᠲᠠᠯᠠᠪᠠᠶ ᠵᠡᠷᠭᠡ | ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢᠨ ᠲᠥᠷᠥᠯ ᠵᠦᠢᠯ ᠢ ᠡᠬᠢᠯᠡᠨ ᠪᠠᠶᠢᠭᠤᠯᠵᠤ᠂ ᠪᠥᠬᠦ ᠤᠯᠤᠰ ᠤᠨ | ᠬᠤᠶᠠᠳᠤᠭᠠᠷ ᠪᠦᠯᠦᠭ ᠤᠨ ᠬᠤᠲᠠ ᠶᠢᠨ ︽ᠠᠷᠠᠳ ᠲᠤ ᠲᠥᠬᠦᠮ ᠦᠵᠡᠭᠦᠯᠬᠦ ᠨᠢᠭᠡ ᠮᠥᠴᠡ ᠶᠢᠨ ᠠᠮᠢᠳᠤᠷᠠᠯ ᠤᠨ | ᠲᠣᠭᠤᠷᠢᠭ︾ ᠤᠨ ᠲᠤᠷᠰᠢᠯᠲᠠ ᠶᠢᠨ ᠭᠠᠵᠠᠷ ᠣᠷᠣᠨ ᠢᠶᠠᠷ ᠠᠮᠵᠢᠯᠲᠠ ᠲᠠᠢ ᠰᠤᠩᠭᠤᠭᠳᠠᠵᠤ᠂ ᠠᠷᠠᠯᠵᠢᠶ᠎ᠠ | ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠠᠵᠤ ᠦᠢᠯᠡᠰ ᠲᠤ ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ | ᠢᠯᠡᠷᠡᠪᠡ᠃ ᠭᠤᠸᠠᠩ ᠹᠠ ᠪᠠᠩᠬᠢ ᠵᠢᠩᠬᠢᠨᠢ ᠪᠠᠷ ᠮᠠᠨ ᠤ ᠬᠤᠲᠠ ᠳᠤ ᠣᠷᠣᠵᠤ ᠰᠠᠭᠤᠪᠠ᠂ ᠡᠸᠦ ᠵᠢᠩ ᠰᠢᠨᠵᠢᠯᠡᠬᠦ | ᠤᠬᠠᠭᠠᠨ ᠮᠡᠷᠭᠡᠵᠢᠯ ᠠᠮᠵᠢᠯᠲᠠ ᠲᠠᠢ ᠪᠠᠷ ᠵᠠᠬ᠎ᠠ ᠳᠡᠯᠭᠡᠭᠦᠷ ᠲᠤ ᠭᠠᠷᠴᠤ᠂ ᠥᠪᠥᠷ ᠮᠣᠩᠭᠤᠯ ᠤᠨ ᠬᠥᠬᠡᠬᠤᠲᠠ ᠶᠢᠨ | ᠰᠦ ᠶᠢᠨ ᠦᠢᠯᠡᠰ ᠤᠨ ᠠᠷᠠᠯᠵᠢᠶᠠᠨ ᠤ ᠲᠥᠪ ᠪᠠᠶᠢᠭᠤᠯᠤᠭᠳᠠᠨ ᠫᠠᠶᠢᠰᠠ ᠰᠡᠬᠦᠵᠦ᠂ ᠠᠷᠠᠳ ᠤᠨ ᠵᠣᠭᠤᠰ ᠤᠨ | ᠵᠢᠭᠡᠯᠡᠯᠭᠡ ᠶᠢᠨ ᠦᠯᠡᠳᠡᠪᠦᠷᠢ ᠲᠤᠭ᠎ᠠ ᠠᠩᠬ᠎ᠠ ᠤᠳᠠᠭ᠎ᠠ ᠲᠦᠮᠡᠨ ᠳ᠋ᠦᠩᠰᠢᠭᠤᠷ ᠲᠥᠭᠦᠷᠢᠭ ᠤᠨ ᠪᠣᠭᠤᠮᠲᠠ ᠶᠢ | ᠳᠠᠪᠠᠵᠤ᠂ ᠮᠥᠩᠭᠦᠨ ᠭᠦᠢᠯᠭᠡᠭᠡᠨ ᠤ ᠠᠵᠤ ᠦᠢᠯᠡᠰ ᠰᠢᠨ᠎ᠡ ᠬᠥᠭᠵᠢᠯᠲᠡ ᠶᠢᠨ ᠳᠡᠭᠲᠡᠷ ᠲᠤ ᠭᠠᠷᠪᠠ᠃ ᠶᠢᠦ ᠷᠠᠨ | ᠮᠠᠯ ᠠᠵᠤ ᠠᠬᠤᠢ ᠶᠢᠨ ᠶᠡᠷᠦᠩᠬᠡᠢ ᠬᠡᠯᠲᠡᠰ ᠪᠣᠯᠤᠨ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ᠂ | ᠬᠤᠸᠠ ᠸᠧᠢ᠂ ᠳᠤᠮᠳᠠᠳᠤ ᠤᠯᠤᠰ ᠤᠨ ᠴᠢᠯᠠᠭᠤᠨ ᠲᠣᠰᠤ ᠬᠢᠮᠢ ᠶᠢᠨ ᠠᠵᠤ ᠦᠢᠯᠡᠳᠪᠦᠷᠢ᠂ ᠤᠯᠤᠰ ᠤᠨ | ᠡᠨᠧᠷᠭᠢ ᠶᠢᠨ ᠪᠦᠯᠦᠭᠯᠡᠯ᠂ ᠵᠢᠩ ᠳ᠋ᠦᠩ᠂ ᠶᠤᠸᠠᠨ ᠵᠢᠩ᠂ ᠲᠧ ᠯᠠᠢ ᠳ᠋ᠢᠶᠠᠨ᠂ ᠰᠠᠨᠰᠠᠷ ᠤᠨ ᠠᠶᠠᠯᠠᠯ ᠤᠨ | ᠵᠢᠷᠭᠤᠳᠤᠭᠠᠷ ᠬᠦᠷᠢᠶᠡᠯᠡᠩ ᠵᠡᠷᠭᠡ ᠣᠷᠣᠨ ᠪᠦᠰᠡ ᠶᠢᠨ ᠶᠡᠷᠦᠩᠬᠡᠢ ᠬᠡᠯᠲᠡᠰ ᠵᠠᠯᠭᠠᠪᠡᠷ ᠰᠠᠭᠤᠷᠢᠰᠢᠵᠤ᠂ ᠶᠡᠷᠦᠩᠬᠡᠢ | ᠬᠡᠯᠲᠡᠰ ᠤᠨ ᠠᠵᠤ ᠠᠬᠤᠢ ᠶᠢᠨ ᠲᠥᠪᠯᠡᠷᠡᠯ ᠤᠨ ᠦᠢᠯᠡᠳᠦᠯ ᠡᠬᠢᠯᠡᠨ ᠢᠯᠡᠷᠡᠵᠡᠢ᠃ ᠶᠡᠭᠡ ᠲᠦᠷᠭᠡᠨ ᠭᠤᠣᠯ ᠤᠨ | ᠲᠡᠭᠦᠷᠭᠡ ᠶᠢᠨ ᠴᠡᠴᠡᠷᠯᠢᠭ ᠢ ᠵᠢᠩᠬᠢᠨᠢ ᠪᠠᠷ ᠨᠡᠭᠡᠭᠡᠵᠦ᠂ ᠮᠠ ᠽᠦᠩ ᠱᠠᠨ ᠠᠭᠤᠯᠠ ᠶᠢᠨ ᠴᠡᠨᠡᠯᠡᠯᠲᠡ ᠶᠢᠨ | ᠲᠠᠯᠠᠪᠠᠢ ᠶᠢᠨ ᠬᠤᠶᠠᠳᠤᠭᠠᠷ ᠬᠤᠭᠤᠴᠠᠭ᠎ᠠ ᠠᠰᠢᠭᠯᠠᠯᠲᠠ ᠳᠤ ᠣᠷᠣᠵᠤ᠂ ᠢᠯᠢ ᠶᠢᠨ ᠪᠦᠬᠦ ᠪᠥᠮᠪᠥᠷᠴᠡᠭ ᠤᠨ | ᠣᠶᠤᠨᠴᠢ ᠦᠢᠯᠡᠳᠬᠦ ᠠᠵᠤ ᠦᠢᠯᠡᠰ ᠤᠨ ᠬᠦᠷᠢᠶᠡᠯᠡᠩ ᠨᠢ ᠤᠯᠤᠰ ᠤᠨ ᠵᠢᠭᠤᠯᠴᠢᠯᠠᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠢᠶᠠᠷ ᠰᠣᠩᠭᠤᠭᠳᠠᠵᠤ᠂ ᠮᠧᠩ ᠨᠢᠦ ᠶᠢᠨ ᠠᠵᠤ ᠦᠢᠯᠡᠳᠪᠦᠷᠢ ᠶᠢᠨ | ᠵᠢᠭᠤᠯᠴᠢᠯᠠᠯ ᠤᠨ ᠣᠷᠣᠨ ᠨᠢ ᠤᠯᠤᠰ ᠤᠨ ᠠᠵᠤ ᠦᠢᠯᠡᠳᠪᠦᠷᠢ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ | ᠰᠠᠭᠤᠷᠢᠨ ᠢᠶᠠᠷ ᠰᠣᠩᠭᠤᠭᠳᠠᠵᠤ᠂ ᠪᠤᠭᠤᠮᠲᠠ ᠶᠢᠨ ᠬᠠᠭᠤᠴᠢᠨ ᠵᠡᠭᠡᠯᠢ ᠨᠢ ᠲᠦᠷᠦᠭᠦᠦ ᠪᠦᠯᠦᠭ ᠤᠨ ᠤᠯᠤᠰ ᠤᠨ | ᠲᠡᠰ ᠤᠨ ᠵᠤᠭᠠᠴᠠᠯ ᠰᠡᠯᠡᠭᠦᠴᠡᠯ ᠤᠨ ᠵᠡᠭᠡᠯᠢ ᠪᠠᠷ ᠦᠨᠡᠯᠡᠭᠳᠡᠵᠦ᠂ ᠰᠢᠨ᠎ᠡ ᠬᠤᠳᠠ ᠲᠣᠭᠤᠷᠢᠭ ᠤᠨ ᠪᠣᠷᠤᠬᠤᠰᠢᠭᠤ | ᠪᠠᠯᠭᠠᠰᠤ ᠨᠢ ᠬᠤᠶᠠᠳᠤᠭᠠᠷ ᠪᠦᠯᠦᠭ ᠤᠨ ᠪᠦᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ | ᠭᠤᠣᠯᠳᠠᠯᠭ᠎ᠠ ᠲᠠᠢ ᠪᠠᠯᠭᠠᠰᠤ ᠪᠠᠷ ᠦᠨᠡᠯᠡᠭᠳᠡᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢᠨ ᠰᠠᠭᠤᠷᠢ ᠨᠡᠩ ᠪᠠᠲᠤᠵᠢᠪᠠ᠃ | ᠪᠢᠳᠡ ᠪᠦᠳᠦᠭᠡᠨ ᠪᠠᠶᠢᠭᠤᠯᠤᠯᠲᠠ ᠶᠢ ᠠᠳᠬᠤᠨ᠂ ᠬᠠᠮᠢᠶᠠᠷᠤᠯᠲᠠ ᠶᠢ ᠴᠢᠩᠭᠠᠳᠬᠠᠵᠤ᠂ ᠬᠤᠳᠠ | ᠬᠥᠳᠡᠭᠡ ᠶᠢᠨ ᠳᠦᠷᠰᠦ ᠪᠠᠶᠢᠳᠠᠯ ᠦᠷᠭᠦᠯᠵᠢᠯᠡᠨ ᠰᠠᠶᠢᠵᠢᠷᠠᠪᠠ᠃ ᠬᠥᠬᠡᠬᠤᠲᠠ ᠶᠢᠨ ᠰᠢᠨ᠎ᠡ ᠨᠢᠰᠬᠡᠯ ᠤᠨ | ᠪᠠᠭᠤᠳᠠᠯ ᠤᠨ ᠭᠤᠤᠯ ᠴᠣᠭᠴᠠ ᠶᠢᠨ ᠪᠠᠷᠢᠯᠭ᠎ᠠ ᠳᠠᠭᠤᠰᠴᠤ᠂ ᠯᠣᠣ ᠨᠢᠤ ᠸᠠᠨ ᠤ ᠨᠡᠶᠢᠳᠡᠮ ᠬᠡᠷᠡᠭᠯᠡᠭᠡᠨ ᠤ | ᠨᠢᠰᠬᠡᠯ ᠤᠨ ᠪᠠᠭᠤᠳᠠᠯ ᠵᠢᠩᠬᠢᠨᠢ ᠪᠠᠷ ᠪᠠᠷᠢᠯᠭ᠎ᠠ ᠡᠬᠢᠯᠡᠵᠦ᠂ S43 ᠰᠢᠨ᠎ᠡ ᠨᠢᠰᠬᠡᠯ ᠤᠨ ᠪᠠᠭᠤᠳᠠᠯ ᠤᠨ | ᠲᠦᠷᠭᠡᠨ ᠤ ᠵᠠᠮ᠂ S29 ᠬᠥᠬᠡᠬᠤᠲᠠ ᠠᠴᠠ ᠯᠢᠶᠠᠩ ᠴᠧᠩ ᠬᠥᠷᠬᠦ ᠲᠦᠷᠭᠡᠨ ᠤ ᠵᠠᠮ᠂ S311 | ᠦᠴᠤᠸᠠᠨ ᠠᠴᠠ ᠶᠠᠩ ᠱᠤ᠋ ᠪᠠ ᠬᠥᠷᠬᠦ᠂ G5901 ᠢᠯᠢ ᠶᠢᠨ ᠣᠲᠣ ᠦᠶ᠎ᠡ ᠶᠢᠨ ᠤᠶᠤᠨᠲᠤ ᠡᠷᠡᠭᠦᠯ ᠮᠡᠨᠳᠦ ᠶᠢᠨ | ᠬᠥᠨᠳᠡᠶ ᠶᠢᠨ ᠬᠠᠷᠢᠯᠴᠠᠨ ᠨᠡᠪᠲᠡᠷᠡᠯᠴᠡᠬᠦ᠂ G6 ᠲᠦᠷᠭᠡᠨ ᠤ ᠵᠠᠮ ᠬᠢᠭᠡᠳ ᠵᠡᠭᠦᠨ ᠬᠤᠶᠠᠳᠤᠭᠠᠷ ᠲᠣᠭᠤᠷᠢᠯ ᠵᠠᠮ ᠤᠨ | ᠬᠠᠷᠢᠯᠴᠠᠨ ᠨᠡᠪᠲᠡᠷᠡᠯᠴᠡᠬᠦ ᠵᠡᠷᠭᠡ ᠪᠠᠷᠢᠯᠭ᠎ᠠ ᠶᠢ ᠲᠦᠷᠭᠡᠳᠬᠡᠨ ᠠᠬᠢᠭᠤᠯᠵᠤ᠂ S27 ᠬᠥᠬᠡᠬᠤᠲᠠ ᠠᠴᠠ ᠤᠷᠳᠤᠰ | ᠬᠥᠷᠬᠦ ᠲᠦᠷᠭᠡᠨ ᠤ ᠵᠠᠮ᠂ ᠬᠥᠬᠡᠬᠤᠲᠠ ᠠᠴᠠ ᠴᠢᠩ ᠱᠦᠢ ᠾᠧ ᠬᠥᠷᠬᠦ ᠲᠦᠷᠭᠡᠨ ᠤ ᠵᠠᠮ ᠤᠨ ᠡᠮᠦᠨᠡᠬᠢ | ᠬᠤᠭᠤᠴᠠᠭᠠᠨ ᠤ ᠠᠵᠢᠯ ᠤᠷᠤᠭᠰᠢᠲᠠᠶ ᠶᠠᠪᠤᠭᠳᠠᠵᠤ᠂ ᠣᠷᠣᠨ ᠤ ᠲᠥᠪ ᠬᠤᠲᠠ ᠶᠢᠨ ᠣᠷᠤᠵᠤ ᠭᠠᠷᠬᠤ ︽ᠶᠡᠭᠡ | ᠵᠠᠮ︾ ᠢ ᠰᠠᠭᠠᠳ ᠥᠬᠡᠶ ᠨᠡᠪᠲᠡᠷᠡᠭᠦᠯᠬᠦ ᠳᠤ ᠰᠠᠭᠤᠷᠢ ᠲᠠᠯᠪᠢᠪᠠ᠃ ᠠᠷᠠᠳ ᠤᠯᠠᠨ ᠤ ᠠᠩᠬᠠᠷᠤᠯ ᠢ ᠶᠡᠬᠡᠳᠡ | ᠲᠠᠲᠠᠭᠰᠠᠨ ᠭᠤᠷᠪᠠᠳᠤᠭᠠᠷ ᠲᠣᠭᠤᠷᠢᠯ ᠵᠠᠮ᠂ ᠶᠢᠨ ᠬᠠᠢ ᠵᠠᠮ ᠤᠨ ᠵᠡᠭᠦᠨᠰᠢ ᠦᠷᠭᠦᠯᠵᠢᠯᠡᠭᠰᠡᠨ ᠬᠡᠰᠡᠭ ᠤᠨ ᠭᠤᠣᠯ | ᠴᠣᠭᠴᠠ ᠶᠢᠨ ᠪᠦᠲᠦᠴᠡ ᠶᠢ ᠪᠦᠬᠦ ᠱᠤᠭᠤᠮ ᠢᠶᠠᠷ ᠨᠡᠪᠲᠡᠷᠡᠭᠦᠯᠵᠦ᠂ ᠪᠠᠶᠠᠨ ᠦᠨᠳᠦᠷ ᠲᠤᠯᠭᠠᠭᠤᠷᠢᠲᠦ ᠵᠠᠮ᠂ ᠶᠢᠨ | ᠱᠧᠩ ᠬᠤᠷᠳᠤᠨ ᠤ ᠵᠠᠮ ᠢ ᠪᠠᠶᠢᠭᠤᠯᠵᠤ ᠳᠠᠭᠤᠰᠬᠠᠨ ᠲᠡᠷᠭᠡ ᠨᠡᠪᠲᠡᠷᠡᠭᠦᠯᠵᠦ᠂ ᠰᠢᠨᠬᠤᠸᠠ ᠶᠡᠭᠡ ᠵᠡᠭᠡᠯᠢ ᠶᠢᠨ | ᠪᠠᠷᠠᠭᠤᠨᠰᠢ ᠦᠷᠭᠦᠯᠵᠢᠯᠡᠭᠰᠡᠨ ᠬᠡᠰᠡᠭ᠂ ᠤᠷᠳᠤᠰ ᠶᠡᠭᠡ ᠵᠡᠭᠡᠯᠢ ᠶᠢᠨ ᠪᠠᠷᠠᠭᠤᠨᠰᠢ ᠦᠷᠬᠦᠯᠵᠢᠯᠡᠭᠰᠡᠨ ᠬᠡᠰᠡᠭ ᠵᠡᠷᠭᠡ | 30 ᠵᠤᠷᠪᠤᠰ ᠰᠢᠨ᠎ᠡ ᠪᠠᠷ ᠪᠠᠶᠢᠭᠤᠯᠬᠤ ᠪᠠ ᠵᠠᠯᠭᠠᠵᠤ ᠪᠠᠶᠢᠭᠤᠯᠬᠤ ᠵᠠᠮ ᠢ ᠪᠦᠬᠦᠨ ᠢ ᠪᠠᠶᠢᠭᠤᠯᠵᠤ ᠳᠠᠭᠤᠰᠬᠠᠪᠠ᠃ | ᠣᠯᠠᠨ ᠵᠢᠯ ᠤᠨ ᠲᠤᠷᠰᠢ ︽ᠲᠦᠭᠵᠢᠷᠡᠭᠡᠳ ᠨᠡᠪᠲᠡᠷᠡᠬᠦ ᠥᠬᠡᠶ︾ ᠪᠠᠶᠢᠭᠰᠠᠨ ᠬᠢᠩᠭᠠᠨ ᠡᠮᠦᠨ᠎ᠡ ᠵᠠᠮ᠂ ᠪᠤᠭᠤᠲᠤ | ᠶᠡᠭᠡ ᠵᠡᠭᠡᠯᠢ᠂ ᠦᠬᠠᠶ ᠵᠡᠭᠦᠨ ᠵᠡᠭᠡᠯᠢ ᠵᠡᠷᠭᠡ 27 ︽ᠮᠣᠬᠤᠷ ᠵᠠᠮ︾ ᠢ ᠨᠡᠪᠲᠡᠷᠡᠭᠦᠯᠵᠦ᠂ ᠰᠢᠨᠬᠤᠸᠠ ᠶᠡᠭᠡ ᠵᠡᠭᠡᠯᠢ᠂ | ᠶᠡᠭᠡ ᠰᠤᠷᠭᠠᠭᠤᠯᠢ ᠵᠡᠭᠦᠨ ᠵᠡᠭᠡᠯᠢ᠂ ᠪᠸᠢ ᠶᠤᠸᠠᠨ ᠵᠡᠭᠡᠯᠢ ᠵᠡᠷᠭᠡ 7 ᠭᠤᠤᠯᠳᠠᠯᠭ᠎ᠠ ᠲᠠᠢ ᠵᠡᠭᠡᠯᠢ ᠭᠤᠳᠤᠮᠵᠢ ᠶᠢ | ᠰᠢᠨᠡᠳᠬᠡᠬᠦ ᠪᠠᠷᠢᠯᠭ᠎ᠠ ᠶᠢ ᠪᠦᠬᠦᠨ ᠢ ᠳᠠᠭᠤᠰᠬᠠᠵᠤ᠂ 140 ᠵᠡᠭᠡᠯᠢ ᠭᠤᠳᠤᠮᠵᠢ ᠶᠢ ᠥᠭᠡᠷᠡᠴᠢᠯᠡᠨ ᠵᠠᠰᠠᠵᠤ᠂ 97 | ᠵᠠᠮ ᠤᠨ ᠲᠦᠭᠵᠢᠷᠡᠯ ᠤᠨ ᠴᠡᠭ ᠢ ᠵᠠᠰᠠᠵᠤ᠂ ᠣᠯᠠᠨ ᠲᠦᠮᠡᠨ ᠤ ᠶᠠᠪᠤᠵᠤ ᠰᠠᠭᠤᠬᠤ ᠳᠤ ᠨᠠᠩ ᠲᠥᠬᠦᠮ ᠪᠣᠯᠭᠠᠪᠠ᠃ | ᠤᠯᠠᠨ ᠵᠢᠯ ᠲᠥᠯᠥᠪᠵᠢᠭᠦᠯᠦᠭᠰᠡᠨ ᠳ᠋ᠠ ᠲᠠᠩ ᠤᠨ ᠲᠤᠭᠲᠠᠬᠤ ᠰᠢᠶᠠᠨ ᠤ ᠴᠠᠬᠢᠯᠭᠠᠨ ᠭᠠᠷᠭᠠᠬᠤ ᠦᠢᠯᠡᠳᠪᠦᠷᠢ᠂ ᠶᠢᠨ | ᠱᠠᠨ ᠴᠠᠬᠢᠯᠭᠠᠨ ᠤ ᠦᠢᠯᠡᠳᠪᠦᠷᠢ ᠶᠢᠨ ᠬᠤᠶᠠᠳᠤᠭᠠᠷ ᠬᠤᠭᠤᠴᠠᠭ᠎ᠠ᠂ ᠵᠢᠰᠢᠶ᠎ᠠ ᠠᠶᠢᠯ ᠤᠨ ᠢᠯᠴᠢ ᠴᠠᠬᠢᠯᠭᠠᠨ ᠤ | ᠦᠢᠯᠡᠳᠪᠦᠷᠢ ᠶᠢᠨ ᠭᠤᠷᠪᠠᠨ ᠶᠡᠭᠡ ᠢᠯᠴᠢ ᠶᠢᠨ ᠰᠤᠷᠪᠤᠯᠵᠢ ᠶᠢ ᠬᠥᠬᠡᠬᠤᠲᠠ ᠳᠤ ᠣᠷᠣᠭᠤᠯᠬᠤ ᠪᠠᠷᠢᠯᠭ᠎ᠠ ᠪᠠ | ᠲᠣᠭᠲᠠᠬᠤ ᠴᠢᠩ ᠱᠦᠢ ᠾᠧ ᠤᠨ ᠳᠠᠬᠢᠯᠲᠠ ᠤᠰᠤᠨ ᠤ ᠤᠷᠲᠤ ᠬᠤᠭᠤᠯᠠᠶ ᠶᠢᠨ ᠱᠤᠭᠤᠮ ᠤᠨ ᠪᠠᠷᠢᠯᠭ᠎ᠠ ᠶᠢᠨ | ᠠᠵᠢᠯ ᠢ ᠡᠬᠢᠯᠡᠭᠦᠯᠪᠡ᠃ ᠵᠠᠩᠭᠢ ᠶᠢᠨ ᠠᠶᠢᠯ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠬᠤᠶᠠᠳᠤᠭᠠᠷ | ᠬᠤᠭᠤᠴᠠᠭᠠᠨ ᠤ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ | ᠠᠰᠢᠭᠯᠠᠯᠲᠠ ᠳᠤ ᠣᠷᠣᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠤᠲᠠ ᠶᠢᠨ EOD ᠭᠠᠵᠠᠷ ᠳᠣᠣᠷᠠᠬᠢ | ᠮᠠᠶ᠋ᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠭᠦᠩᠵᠦ ᠶᠢᠨ ᠣᠷᠳᠣᠨ ᠤ ᠪᠣᠬᠢᠷ ᠤᠰᠤ ᠰᠢᠢᠳᠪᠦᠷᠢᠯᠡᠬᠦ | ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ᠂ ᠵᠢᠨᠴᠢᠶᠤᠤ ᠶᠢᠨ ᠠᠵᠤ | ᠦᠢᠯᠡᠳᠪᠦᠷᠢ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠠᠷᠢᠯᠭ᠎ᠠ ᠶᠢᠨ ᠠᠵᠢᠯ ᠢ ᠡᠬᠢᠯᠡᠭᠦᠯᠪᠡ᠃ | ᠬᠠᠶᠢᠮᠢᠶᠠᠨ ᠬᠡᠯᠪᠡᠷᠢ ᠶᠢᠨ ᠵᠢᠱᠢᠶ᠎ᠡ ᠦᠵᠡᠭᠦᠯᠬᠦ ᠵᠡᠭᠡᠯᠢ ᠭᠤᠳᠤᠮᠵᠢ 10᠂ ᠵᠢᠱᠢᠶ᠎ᠡ ᠦᠵᠡᠭᠦᠯᠬᠦ ᠬᠤᠷᠢᠶᠠᠯᠠᠯ 8 ᠶᠢ | ᠥᠭᠡᠷᠡᠴᠢᠯᠡᠨ ᠪᠠᠶᠢᠭᠤᠯᠵᠤ᠂ ᠬᠠᠶᠢᠮᠢᠶᠠᠨ ᠴᠡᠴᠡᠷᠯᠢᠭ ᠢ 1 ᠶᠢ ᠪᠠᠶᠢᠭᠤᠯᠵᠤ ᠳᠠᠭᠤᠰᠬᠠᠭᠠᠳ ᠤᠯᠤᠰ ᠤᠨ ᠬᠠᠶᠢᠮᠢᠶᠠᠨ | ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠪᠠᠷ ᠠᠮᠵᠢᠯᠲᠠ ᠲᠠᠢ ᠵᠦᠪᠰᠢᠶᠡᠷᠡᠭᠳᠡᠪᠡ᠃ | 392 ᠬᠠᠭᠤᠴᠢᠨ ᠬᠤᠷᠢᠶᠠᠯᠠᠯ ᠤᠨ ᠥᠭᠡᠷᠡᠴᠢᠯᠡᠯᠲᠡ ᠶᠢ ᠪᠡᠶᠡᠯᠡᠭᠦᠯᠵᠦ᠂ 8 ᠳᠥᠭᠦᠮ ᠪᠦᠲᠦᠴᠡᠲᠦ ᠣᠷᠣᠨ | ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ ᠶᠢ ᠬᠡᠷᠡᠭᠵᠢᠭᠦᠯᠵᠦ᠂ 10072 ᠢᠵᠢ ᠪᠠᠲᠤᠯᠠᠭ᠎ᠠ ᠶᠢᠨ ᠴᠢᠨᠠᠷᠲᠠᠶ | ᠲᠦᠷᠢᠶᠡᠰᠦᠨ ᠣᠷᠣᠨ ᠰᠠᠭᠤᠴᠠ ᠶᠢ ᠪᠡᠯᠡᠳᠬᠡᠨ ᠴᠤᠭᠯᠠᠭᠤᠯᠪᠠ᠃ 316 ᠬᠠᠷᠮᠠᠨ ᠴᠡᠴᠡᠷᠯᠢᠭ ᠪᠠ ᠨᠡᠶᠢᠭᠡᠮ | ᠲᠣᠭᠤᠷᠢᠭ ᠤᠨ ᠵᠤᠭᠠᠴᠠᠯ ᠤᠨ ᠬᠦᠷᠢᠶᠡᠯᠡᠩ ᠢ ᠪᠠᠶᠢᠭᠤᠯᠵᠤ᠂ ᠬᠤᠲᠠ ᠶᠢᠨ ᠨᠣᠭᠤᠭᠠᠨ ᠵᠠᠮ ᠢ 309.2 ᠺᠢᠯᠣᠮᠧᠲᠷ | ᠪᠠᠶᠢᠭᠤᠯᠪᠠ᠃ ᠬᠤᠲᠠ ᠶᠢᠨ ᠶᠡᠭᠡ ᠲᠠᠷᠢᠬᠢ 3.0 ᠬᠡᠪ ᠵᠢᠩᠬᠢᠨᠢ ᠪᠠᠷ ᠠᠰᠢᠭᠯᠠᠯᠲᠠ ᠳᠤ ᠣᠷᠤᠵᠤ᠂ ︽ᠠᠶ ᠴᠢᠩ | ᠴᠧᠩ︾ App ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠵᠦᠢᠯᠡᠰ 160 ᠶᠢ ᠳᠠᠪᠠᠵᠤ᠂ | ᠳᠠᠩᠰᠠᠯᠠᠭᠤᠯᠤᠭᠰᠠᠨ ᠬᠡᠷᠡᠭᠯᠡᠭᠴᠢ 122 ᠲᠦᠮᠡ ᠬᠦᠷᠴᠦ᠂ ᠬᠤᠲᠠ ᠶᠢᠨ ᠪᠠᠲᠤᠯᠠᠭ᠎ᠠ ᠶᠢᠨ ᠴᠢᠳᠠᠪᠤᠷᠢ᠂ | ᠬᠠᠮᠢᠶᠠᠷᠤᠯᠲᠠ ᠶᠢᠨ ᠬᠢᠷᠢ ᠲᠦᠪᠰᠢᠨ ᠢᠯᠡᠳᠲᠡ ᠳᠡᠭᠡᠭᠰᠢᠯᠡᠪᠡ᠃ ᠠᠮᠤ ᠪᠤᠳᠠᠭᠠᠨ ᠤ ᠶᠡᠷᠦᠩᠬᠡᠶ ᠤᠨᠠᠯᠲᠠ 36.6 | ᠳ᠋ᠦᠩᠰᠢᠭᠤᠷ ᠵᠢᠩ ᠳᠤ ᠬᠦᠷᠪᠡ᠃ ᠢᠯᠢ ᠶᠢᠨ 18 ᠲᠦᠮᠡᠨ ᠰᠠᠭᠠᠯᠢ ᠶᠢᠨ ᠦᠨᠢᠶ᠎ᠡ ᠶᠢᠨ ᠤᠶᠤᠨᠲᠤ ᠲᠡᠵᠢᠭᠡᠨ | ᠦᠷᠡᠵᠢᠭᠦᠯᠬᠦ ᠵᠢᠱᠢᠶ᠎ᠡ ᠦᠵᠡᠭᠦᠯᠬᠦ ᠬᠦᠷᠢᠶᠡᠯᠡᠩ᠂ ᠮᠧᠩ ᠨᠢᠦ ᠸᠧᠢ ᠨᠢᠦ ᠮᠠᠯ ᠠᠵᠤ ᠠᠬᠤᠢ ᠶᠢᠨ ᠲᠦᠮᠡᠨ | ᠦᠬᠡᠷ ᠤᠨ ᠮᠠᠯᠵᠢᠯ ᠤᠨ ᠲᠠᠯᠠᠪᠠᠶ᠂ ᠱᠧᠩ ᠵᠢᠶᠠᠨ 50 ᠲᠦᠮᠡᠨ ᠰᠠᠭᠠᠯᠢ ᠶᠢᠨ ᠢᠮᠠᠭ᠎ᠠ᠂ ᠴᠢᠩ ᠱᠦᠶ ᠾᠧ ᠤᠨ 5 | ᠲᠦᠮᠡᠨ ᠰᠠᠭᠠᠯᠢ ᠶᠢᠨ ᠢᠮᠠᠭ᠎ᠠ ᠵᠡᠷᠭᠡ ᠲᠥᠷᠥᠯ ᠵᠦᠢᠯ ᠤᠨ ᠪᠠᠷᠢᠯᠭ᠎ᠠ ᠶᠢ ᠡᠬᠢᠯᠡᠭᠦᠯᠦᠨ ᠪᠥᠲᠥᠭᠡᠨ ᠪᠠᠶᠢᠭᠤᠯᠵᠤ᠂ 4. | 1 ᠲᠦᠮᠡᠨ ᠰᠠᠭᠠᠯᠢ ᠶᠢᠨ ᠦᠨᠢᠶ᠎ᠡ ᠶᠢ ᠰᠢᠨ᠎ᠡ ᠪᠠᠷ ᠨᠡᠮᠡᠭᠳᠡᠭᠦᠯᠵᠦ᠂ 5 ᠲᠦᠮᠡᠨ ᠰᠠᠭᠠᠯᠢ ᠶᠢᠨ ᠢᠮᠠᠭ᠎ᠠ ᠲᠡᠵᠢᠭᠡᠪᠡ᠃ | ᠵᠧᠩ ᠳ᠋ᠡ ᠢᠳᠡᠭᠡᠨ ᠤ ᠨᠢᠭᠡᠳᠦᠭᠡᠷ ᠬᠤᠭᠤᠴᠠᠭ᠎ᠠ ᠶᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠤᠷᠤᠭᠤᠯᠪᠠ᠃ | 37 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠪᠡ᠃ | ᠪᠡᠯᠡᠳᠭᠡᠮᠵᠢᠳᠤ ᠢᠳᠡᠰᠢᠨ ᠨᠣᠭᠤᠭ᠎ᠠ ᠶᠢ 1212 ᠮᠥ᠂ ᠵᠠᠳᠠᠭᠠᠶ ᠭᠠᠵᠠᠷ ᠤᠨ ᠢᠳᠡᠰᠢᠨ ᠨᠣᠭᠤᠭ᠎ᠠ ᠶᠢ 1.3 | ᠲᠦᠮᠡᠨ ᠮᠥ ᠰᠢᠨ᠎ᠡ ᠪᠠᠷ ᠨᠡᠮᠡᠭᠳᠡᠭᠦᠯᠪᠡ᠃ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ | ᠨᠥᠬᠦᠴᠡᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠶᠡᠬᠡᠪᠡᠷ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ | ᠵᠣᠷᠯᠣᠩ ᠤᠨ ᠥᠭᠡᠷᠡᠴᠢᠯᠡᠯᠲᠡ ᠶᠢ 1.7 ᠲᠦᠮᠡᠨ ᠡᠷᠦᠬᠡ ᠪᠡᠶᠡᠯᠡᠭᠦᠯᠪᠡ᠃ ᠤᠪᠤᠭ᠎ᠠ ᠲᠣᠰᠬᠤᠨ ᠤᠯᠤᠰ ᠤᠨ | ᠲᠡᠰ ᠤᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢᠶᠠᠷ ᠦᠨᠡᠯᠡᠭᠳᠡᠵᠦ᠂ ᠤᠰᠤᠨ ᠲᠡᠭᠡᠷᠮ᠎ᠡ᠂ ᠵᠠᠩᠭᠢ ᠶᠢᠨ | ᠠᠶᠢᠯ᠂ ᠢᠮᠠᠭᠠᠲᠤ ᠲᠣᠰᠬᠤᠨ ᠵᠡᠷᠭᠡ 57 ᠲᠣᠰᠬᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ | ᠨᠣᠭᠤᠭᠠᠷᠠᠭᠤᠯᠤᠯᠲᠠ ᠭᠤᠶᠤᠵᠢᠭᠤᠯᠤᠯᠳᠠ ᠶᠢᠨ ᠵᠢᠱᠢᠶ᠎ᠡ ᠦᠵᠡᠭᠦᠯᠬᠦ ᠲᠣᠰᠬᠤᠨ ᠢᠶᠠᠷ ᠰᠣᠩᠭᠤᠭᠳᠠᠵᠤ᠂ ᠬᠥᠳᠡᠭᠡ | ᠠᠵᠤ ᠠᠬᠤᠢ ᠬᠥᠳᠡᠭᠡ ᠲᠣᠰᠬᠤᠨ ᠤ ᠡᠯ᠎ᠡ ᠵᠦᠢᠯ ᠤᠨ ᠦᠢᠯᠡᠰ ᠪᠦᠬᠦ ᠲᠠᠯ᠎ᠠ ᠪᠠᠷ ᠬᠥᠭᠵᠢᠪᠡ᠃ | ᠪᠢᠳᠡ ᠬᠠᠮᠠᠭᠠᠯᠠᠬᠤ ᠶᠢ ᠠᠳᠬᠤᠨ᠂ ᠵᠠᠰᠠᠬᠤ ᠶᠢ ᠴᠢᠬᠤᠯᠠᠴᠢᠯᠠᠵᠤ᠂ ᠠᠮᠢ ᠠᠬᠤᠶ ᠶᠢᠨ ᠪᠣᠯᠪᠠᠰᠤᠨ ᠤ | ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠪᠠ᠃ 3.52 ᠲᠦᠮᠡᠨ ᠡᠷᠦᠬᠡ ᠶᠢᠨ ᠲᠦᠯᠡᠰᠢᠨ | ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠡᠭᠦᠷᠭᠡ ᠶᠢ ᠪᠡᠶᠡᠯᠡᠭᠦᠯᠵᠦ᠂ 26 ᠰᠠᠤᠷᠢ ᠨᠡᠭᠦᠷᠡᠰᠦ | ᠰᠢᠳᠠᠭᠠᠬᠤ ᠭᠦᠸᠧᠯᠦ ᠶᠢ ᠰᠣᠯᠢᠵᠤ᠂ ᠪᠥᠬᠦ ᠵᠢᠯ ᠤᠨ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠡᠳᠦᠷ ᠤᠨ | ᠲᠤᠭ᠎ᠠ 329 ᠡᠳᠦᠷ ᠲᠤ ᠬᠦᠷᠴᠦ᠂ ᠡᠵᠡᠯᠡᠬᠦ ᠬᠠᠷᠢᠴᠠᠯ ᠨᠢ ᠨᠢᠳᠤᠨᠤᠨ ᠤ ᠬᠢ ᠠᠴᠠ ᠪᠠᠰᠠ 3 ᠵᠠᠭᠤᠨ ᠤ ᠴᠡᠭ | ᠳᠡᠭᠡᠭᠰᠢᠯᠡᠨ᠂ ᠤᠯᠤᠰ ᠤᠨ ᠤᠮᠠᠷᠠᠲᠤ ᠣᠷᠣᠨ ᠤ ᠡᠪᠦᠯ ᠤᠨ ᠤᠯᠠᠷᠢᠯ ᠤᠨ ᠴᠡᠪᠡᠷ ᠳᠤᠯᠠᠭᠠᠯᠠᠭ᠎ᠠ ᠶᠢᠨ ᠬᠤᠲᠠ ᠪᠠᠷ | ᠠᠮᠵᠢᠯᠲᠠ ᠲᠠᠢ ᠵᠦᠪᠰᠢᠶᠡᠷᠡᠭᠳᠡᠪᠡ᠃ ᠬᠠᠲᠤᠨ ᠭᠤᠤᠯ ᠤᠨ ᠵᠠᠮ ᠵᠢᠴᠢ ᠲᠠᠩ ᠭᠠᠵᠠᠷ ᠤᠨ ᠣᠷᠣᠨ ᠢ ᠶᠡᠷᠦᠩᠬᠡᠶᠢᠯᠡᠨ | ᠵᠠᠰᠠᠬᠤ᠂ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠢ ᠶᠡᠷᠦᠩᠬᠡᠶᠢᠯᠡᠨ ᠵᠠᠰᠠᠬᠤ ᠣᠨ ᠤ | ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠭᠤᠤᠯ ᠳᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠴᠡᠭᠴᠡᠯᠡᠨ | ᠵᠠᠰᠠᠬᠤ ᠱᠠᠲᠤ ᠦᠶ᠎ᠡ ᠶᠢᠨ ᠴᠢᠨᠠᠷᠲᠠᠶ ᠡᠭᠦᠷᠭᠡ ᠶᠢ ᠪᠡᠶᠡᠯᠡᠭᠦᠯᠪᠡ᠃ ︽ᠣᠶ ᠰᠢᠭᠤᠶ ᠨᠤᠲᠤᠭ ᠪᠡᠯᠴᠢᠭᠡᠷ ᠤᠨ | ᠳᠠᠷᠤᠭ᠎ᠠ ᠶᠢᠨ ᠲᠦᠷᠢᠮ︾ ᠤᠨ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠴᠦ᠂ ᠤᠯᠤᠰ ᠤᠨ ᠨᠤᠲᠤᠭ | ᠳᠡᠪᠢᠰᠬᠡᠷ ᠢ 53.8 ᠲᠦᠮᠡᠨ ᠮᠥ ᠨᠣᠭᠤᠭᠠᠷᠠᠭᠤᠯᠵᠤ᠂ 83 ᠲᠦᠮᠡᠨ ᠮᠥ ᠡᠯᠡᠰᠦ ᠶᠢ ᠵᠠᠰᠠᠪᠠ᠃ ᠭᠤᠤᠯᠳᠠᠯᠭ᠎ᠠ ᠲᠠᠢ | ᠬᠦᠷᠢᠶᠡᠨ ᠳᠠᠬᠢ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠴᠠᠬᠢᠯᠠᠭᠤᠷ | ᠴᠢᠯᠠᠭᠤ ᠦᠢᠯᠡᠳᠪᠦᠷᠢᠯᠡᠬᠦ ᠴᠢᠳᠠᠪᠤᠷᠢ ᠶᠢ 7.5 ᠲᠦᠮᠡᠨ ᠲᠣᠨ᠂ ᠲᠡᠮᠦᠷ ᠤᠨ ᠬᠠᠶᠢᠯᠤᠰᠢ ᠦᠢᠯᠡᠳᠪᠦᠷᠢᠯᠡᠬᠦ | ᠴᠢᠳᠠᠪᠤᠷᠢ ᠶᠢ 6 ᠲᠦᠮᠡᠨ ᠲᠣᠨ ᠰᠢᠭᠰᠢᠭᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ | ᠦᠢᠯᠡᠳᠪᠦᠷᠢ ᠶᠢ 14 ᠰᠢᠨ᠎ᠡ ᠪᠠᠷ ᠨᠡᠮᠡᠭᠳᠡᠭᠦᠯᠪᠡ᠃ ᠠᠮᠢ ᠠᠬᠤᠶ ᠣᠷᠴᠢᠨ ᠲᠤᠭᠤᠷᠢᠨ ᠤ ᠶᠠᠮᠤᠨ ᠤ ︽ᠬᠠᠶᠠᠭᠳᠠᠮᠠᠯ | ᠪᠤᠳᠠᠰ ᠦᠭᠡᠢ ᠬᠤᠲᠠ︾ ᠶᠢᠨ ᠪᠥᠲᠥᠭᠡᠨ ᠪᠠᠶᠢᠭᠤᠯᠤᠯᠲᠠ ᠶᠢᠨ ᠨᠡᠷᠡᠰ ᠲᠤ ᠠᠮᠵᠢᠯᠲᠠ ᠲᠠᠢ ᠰᠣᠩᠭᠤᠭᠳᠠᠪᠠ᠃ | ᠪᠢᠳᠡ ᠪᠣᠳᠠᠲᠤ ᠶᠠᠪᠤᠳᠠᠯ ᠢ ᠠᠳᠬᠤᠨ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠷᠭ᠎ᠠ ᠪᠦᠬᠦᠨ ᠢ | ᠰᠦᠪᠡᠭᠴᠢᠯᠡᠨ ᠤᠯᠠᠨ ᠲᠦᠮᠡᠨ ᠤ ᠠᠮᠢᠳᠤᠷᠠᠯ ᠢ ᠰᠠᠶᠢᠵᠢᠷᠠᠭᠤᠯᠪᠠ᠃ ᠥᠪᠥᠷ ᠮᠣᠩᠭᠤᠯ ᠤᠨ ᠬᠤᠷᠢᠨᠭᠡᠷ ᠤᠨ | ᠴᠢᠳᠠᠪᠤᠷᠢᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠲᠦᠷᠭᠡᠪᠴᠢᠯᠡᠨ ᠪᠠᠶᠢᠭᠤᠯᠵᠤ᠂ | 3.17 ᠲᠦᠮᠡᠨ ᠣᠶᠤᠲᠠᠨ ᠬᠥᠬᠡᠬᠤᠲᠠ ᠳᠤ ᠦᠯᠡᠳᠡᠵᠦ ᠠᠵᠢᠯ ᠣᠯᠵᠤ ᠦᠢᠯᠡᠰ ᠴᠣᠭᠴᠠᠯᠠᠨ᠂ ᠤᠯᠤᠰ ᠤᠨ | ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠵᠢᠱᠢᠶ᠎ᠡ ᠦᠵᠡᠭᠦᠯᠬᠦ | ᠲᠥᠷᠥᠯ ᠵᠦᠢᠯ ᠢᠶᠠᠷ ᠠᠮᠵᠢᠯᠲᠠ ᠲᠠᠢ ᠵᠦᠪᠰᠢᠶᠡᠷᠡᠭᠳᠡᠪᠡ᠃ ᠳᠤᠮᠳᠠᠳᠤ ᠪᠠᠭ᠎ᠠ ᠰᠤᠷᠭᠠᠭᠤᠯᠢ ᠶᠢᠨ ᠬᠡᠤᠬᠡᠳ ᠤᠨ | ᠴᠡᠴᠡᠷᠯᠢᠭ ᠢ 20 ᠪᠠᠶᠢᠭᠤᠯᠵᠤ᠂ 1.28 ᠲᠦᠮᠡᠨ ᠰᠤᠷᠤᠭᠴᠢ ᠶᠢᠨ ᠣᠷᠣ ᠶᠢ ᠰᠢᠨ᠎ᠡ ᠪᠠᠷ ᠨᠡᠮᠡᠭᠳᠡᠭᠦᠯᠵᠦ᠂ 63 | ᠰᠤᠷᠭᠠᠨ ᠬᠥᠮᠦᠵᠢᠯ ᠤᠨ ᠪᠦᠯᠦᠭᠯᠡᠯ ᠢ ᠵᠣᠬᠢᠶᠠᠨ ᠪᠠᠶᠢᠭᠤᠯᠵᠤ᠂ 17 ᠳᠤᠮᠳᠠᠳᠤ ᠪᠠᠭ᠎ᠠ ᠰᠤᠷᠭᠠᠭᠤᠯᠢ ᠪᠠ 9 ᠶᠡᠭᠡ | ᠳᠡᠭᠡᠳᠦ ᠰᠤᠷᠭᠠᠭᠤᠯᠢ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭ᠎ᠠ ᠶᠢ ᠥᠷᠨᠢᠭᠦᠯᠪᠡ᠃ ᠳᠤᠮᠳᠠᠳᠤ | ᠪᠠᠭ᠎ᠠ ᠰᠤᠷᠭᠠᠭᠤᠯᠢ ᠶᠢᠨ ᠪᠠᠭᠰᠢ ᠠᠵᠢᠯᠳᠠᠨ ᠤ ᠣᠷᠣᠨ ᠲᠤᠭ᠎ᠠ ᠶᠢ 2600 ᠰᠢᠨ᠎ᠡ ᠪᠠᠷ ᠨᠡᠮᠡᠭᠳᠡᠭᠦᠯᠵᠦ᠂ ᠡᠵᠡᠯᠡᠨ | ᠬᠡᠷᠡᠭᠯᠡᠭᠰᠡᠨ ᠪᠠᠭᠰᠢ ᠶᠢᠨ ᠣᠷᠣᠨ ᠲᠤᠭ᠎ᠠ ᠶᠢ 2011 ᠢᠯᠭᠠᠷᠠᠭᠤᠯᠤᠨ ᠬᠤᠷᠢᠶᠠᠵᠤ ᠠᠪᠤᠪᠠ᠃ ᠳᠤᠮᠳᠠ ᠵᠡᠷᠭᠡ ᠶᠢᠨ | ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠬᠦᠷᠢᠶᠡᠯᠡᠩ ᠲᠣᠭᠤᠷᠢᠭ ᠪᠠᠷᠢᠯᠭ᠎ᠠ ᠡᠬᠢᠯᠡᠬᠦ ᠨᠦᠬᠦᠴᠡᠯ ᠢ | ᠪᠦᠷᠢᠯᠳᠦᠭᠦᠯᠪᠡ᠃ ᠬᠤᠲᠠ ᠶᠢᠨ ᠬᠤᠶᠠᠳᠤᠭᠠᠷ ᠡᠮᠨᠡᠯᠭᠡ ᠶᠢᠨ ᠬᠤᠷᠢᠶ᠎ᠠ ᠶᠢ ᠨᠡᠭᠦᠯᠭᠡᠨ ᠪᠠᠶᠢᠭᠤᠯᠬᠤ ᠨᠢᠭᠡᠳᠦᠭᠡᠷ | ᠬᠤᠭᠤᠴᠠᠭ᠎ᠠ᠂ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠬᠤᠷᠢᠶ᠎ᠠ᠂ ᠬᠢᠲᠠᠳ ᠮᠣᠩᠭᠤᠯ | ᠡᠮᠨᠡᠯᠭᠡ ᠶᠢᠨ ᠬᠤᠷᠢᠶ᠎ᠠ ᠶᠢᠨ ᠡᠮᠴᠢᠯᠡᠭᠡ ᠰᠤᠪᠢᠯᠠᠯᠲᠠ ᠶᠢᠨ ᠲᠥᠪ ᠤᠨ ᠲᠥᠷᠥᠯ ᠵᠦᠢᠯ ᠤᠨ ᠭᠤᠤᠯ ᠴᠣᠭᠴᠠ ᠶᠢ | ᠪᠠᠶᠢᠭᠤᠯᠤᠨ ᠳᠠᠭᠤᠰᠬᠠᠵᠤ᠂ 2 ︽ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶ᠎ᠠ︾ ᠶᠢ ᠰᠦᠯᠵᠢᠶᠡᠨ ᠳᠤ | ᠭᠠᠷᠭᠠᠨ ᠠᠵᠢᠯᠯᠠᠭᠤᠯᠵᠤ᠂ ᠤᠯᠤᠰ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ | ᠥᠭᠡᠷᠡᠴᠢᠯᠡᠯᠲᠡ ᠬᠢᠭᠡᠳ ᠴᠢᠨᠠᠷ ᠰᠠᠶᠢᠲᠠᠶ ᠬᠥᠭᠵᠢᠯᠲᠡ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢᠶᠠᠷ ᠠᠮᠵᠢᠯᠲᠠ | ᠲᠠᠢ ᠵᠦᠪᠰᠢᠶᠡᠷᠡᠭᠳᠡᠪᠡ᠃ ᠭᠡᠷ ᠪᠦᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠥᠷᠲᠡᠭᠡ | ᠴᠡᠭ ᠢ 85 ᠪᠠᠶᠢᠭᠤᠯᠵᠤ᠂ ᠤᠯᠤᠰ ᠤᠨ 2022 ᠣᠨ ᠤ ᠭᠡᠷ ᠪᠦᠯᠢ ᠪᠠ ᠨᠡᠶᠢᠭᠡᠮ ᠲᠣᠭᠤᠷᠢᠭ ᠤᠨ ᠦᠨᠳᠦᠰᠦᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠳᠡᠭᠡᠭᠰᠢᠯᠡᠭᠦᠯᠬᠦ ᠠᠵᠢᠯᠯᠠᠭ᠎ᠠ ᠶᠢᠨ ᠲᠥᠷᠥᠯ ᠵᠦᠢᠯ ᠤᠨ | ᠲᠤᠷᠰᠢᠯᠲᠠ ᠶᠢᠨ ᠬᠤᠲᠠ᠂ ᠤᠯᠤᠰ ᠤᠨ ᠬᠤᠪᠢ ᠬᠥᠮᠦᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠤᠷᠢᠳᠠᠪᠠᠷ | ᠬᠡᠷᠡᠭᠵᠢᠭᠦᠯᠬᠦ ᠬᠤᠲᠠ ᠪᠠᠷ ᠠᠮᠵᠢᠯᠲᠠ ᠲᠠᠢ ᠰᠤᠩᠭᠤᠭᠳᠠᠪᠠ᠃ ᠲᠦᠷᠦᠭᠦᠦ ᠪᠦᠯᠦᠭ ᠤᠨ ᠤᠯᠤᠰ ᠤᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠬᠤᠳᠠ ᠶᠢᠨ ᠪᠦᠳᠦᠭᠡᠨ ᠪᠠᠶᠢᠭᠤᠯᠤᠯᠲᠠ ᠶᠢᠨ | ᠲᠤᠷᠰᠢᠯᠲᠠ ᠶᠢᠨ ᠬᠤᠲᠠ ᠪᠠᠷ ᠠᠮᠵᠢᠯᠲᠠ ᠲᠠᠢ ᠰᠤᠩᠭᠤᠭᠳᠠᠪᠠ᠃ ᠤᠯᠤᠰ ᠤᠨ ᠢᠳᠡᠭᠡᠨ ᠤ ᠠᠶᠤᠯᠭᠦᠶ ᠶᠢᠨ ᠵᠢᠱᠢᠶ᠎ᠡ | ᠦᠵᠡᠭᠦᠯᠬᠦ ᠬᠤᠳᠠ ᠶᠢ ᠡᠭᠦᠳᠦᠨ ᠪᠠᠶᠢᠭᠤᠯᠵᠤ ᠮᠤᠵᠢ ᠶᠢᠨ ᠲᠡᠰ ᠤᠨ ᠠᠩᠬᠠᠨ ᠤ ᠰᠢᠯᠭᠠᠷᠠᠭᠤᠯᠤᠯᠲᠠ ᠰᠢᠯᠭᠠᠨ | ᠬᠤᠷᠢᠶᠠᠬᠤ ᠶᠢ ᠠᠮᠵᠢᠯᠲᠠ ᠲᠠᠢ ᠦᠩᠭᠡᠷᠡᠪᠡ᠃ ︽12345︾ ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠷᠤᠢ | ᠰᠢᠢᠳᠪᠦᠷᠢᠯᠡᠬᠦ ᠵᠢᠯᠤᠭᠤᠳᠤᠨ ᠲᠣᠬᠢᠷᠠᠭᠤᠯᠬᠤ ᠲᠥᠪ ︽2022 ᠣᠨ ᠤ ᠠᠷᠪᠠᠨ ᠰᠢᠯᠢᠳᠡᠭ ᠬᠠᠯᠠᠮᠰᠢᠯ | ᠤᠲᠠᠰᠤᠨ ᠤ ᠦᠯᠢᠭᠡᠷ ᠵᠢᠱᠢᠶ᠎ᠡ︾᠂ ︽ᠲᠤᠰᠬᠠᠢ ᠮᠡᠷᠭᠡᠵᠢᠯ ᠤᠨ ᠬᠢᠷᠢ ᠲᠦᠪᠰᠢᠨ ᠤ ᠳᠡᠭᠡᠭᠰᠢᠯᠡᠯᠲᠡ ᠶᠢᠨ ᠦᠯᠢᠬᠡᠷ | ᠵᠢᠱᠢᠶ᠎ᠡ︾ ᠬᠤᠶᠠᠷ ᠲᠣᠮᠤ ᠱᠠᠩᠨᠠᠯ ᠢ ᠬᠦᠷᠲᠡᠪᠡ᠃ ᠪᠥᠬᠦ ᠤᠯᠤᠰ ᠤᠨ 60 ᠬᠤᠲᠠ ᠶᠢᠨ ᠲᠠᠰ ᠤᠨ ᠬᠠᠮ | ᠵᠠᠭᠤᠴᠢᠯᠠᠭᠤᠷ ᠤᠨ ᠲᠥᠪ ᠤᠨ ᠪᠥᠲᠥᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠲᠤ ᠰᠣᠩᠭᠤᠭᠳᠠᠪᠠ᠃ ᠪᠦᠬᠦ | ᠵᠢᠯ ᠳᠤ ᠭᠠᠷᠤᠭᠰᠠᠨ ᠡᠷᠡᠭᠦᠦ ᠶᠢᠨ ᠬᠡᠷᠡᠭ 60% ᠪᠠᠷ ᠳᠣᠷᠣᠭᠰᠢᠯᠠᠵᠤ᠂ ᠵᠠᠬᠢᠳᠠᠯ ᠰᠤᠷᠪᠤᠯᠵᠢᠯᠠᠭ᠎ᠠ ᠶᠢᠨ ᠬᠥᠮᠦᠨ ᠤ | ᠲᠤᠭ᠎ᠠ 21% ᠪᠠᠷ ᠳᠣᠷᠣᠭᠰᠢᠯᠠᠪᠠ᠃ ᠨᠡᠯᠢᠶᠡᠳ ᠶᠡᠭᠡ ᠠᠴᠠ ᠳᠡᠭᠡᠭᠰᠢ ᠦᠢᠯᠡᠳᠪᠦᠷᠢᠯᠡᠯ ᠤᠨ ᠠᠶᠤᠯᠭᠦᠶ ᠶᠢᠨ | ᠠᠳᠡᠯ ᠭᠠᠷᠤᠭᠰᠠᠨ ᠦᠭᠡᠢ᠃ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠲᠠᠶᠢᠴᠢᠯᠠᠯᠳᠠ᠂ ᠬᠤᠶᠠᠷ ᠢ ᠬᠦᠷᠢᠶᠡᠯᠡᠬᠦ ᠬᠠᠷᠠᠭᠠᠯᠵᠠᠨ ᠬᠠᠯᠠᠮᠵᠢᠯᠠᠬᠤ ᠵᠡᠷᠭᠡ ᠠᠵᠢᠯ ᠴᠥᠮ ᠰᠢᠨ᠎ᠡ | ᠲᠠᠪᠰᠢᠯᠳᠠ ᠲᠠᠢ ᠪᠤᠯᠵᠤ᠂ ᠭᠠᠳᠠᠭᠠᠳᠤ ᠶᠠᠪᠤᠳᠠᠯ ᠬᠠᠷᠢᠶᠠᠲᠤ ᠶᠢᠨ ᠶᠠᠪᠤᠳᠠᠯ᠂ ᠲᠤᠭ᠎ᠠ ᠪᠦᠷᠢᠳᠬᠡᠯ ᠪᠠᠶᠢᠴᠠᠭᠠᠯᠲᠠ᠂ | ᠰᠣᠨᠢᠨ ᠮᠡᠳᠡᠭᠡ ᠷᠠᠳᠢᠣ᠋ ᠲᠧᠯᠸᠢᠰ᠂ ᠲᠠᠩᠰᠠ ᠡᠪᠬᠡᠮᠡᠯ ᠭᠠᠵᠠᠷ ᠣᠷᠣᠨ ᠤ ᠣᠶᠢᠯᠠᠯᠭ᠎ᠠ᠂ ᠭᠠᠵᠠᠷ ᠬᠥᠳᠡᠯᠦᠯᠲᠡ ᠴᠠᠭ | ᠠᠭᠤᠷ ᠵᠡᠷᠭᠡ ᠠᠵᠢᠯ ᠦᠢᠯᠡᠰ ᠴᠥᠮ ᠰᠢᠨ᠎ᠡ ᠳᠡᠭᠡᠭᠰᠢᠯᠡᠯᠲᠡ ᠲᠠᠢ ᠪᠤᠯᠵᠤ᠂ ᠠᠵᠢᠯᠴᠢᠨ ᠤ ᠡᠪᠯᠡᠯ᠂ ᠡᠪ ᠬᠠᠮᠲᠤ | ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ | ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ | ᠂ ᠨᠠᠰᠤᠲᠠᠶᠢᠴᠤᠳ ᠤᠨ ᠠᠵᠢᠯ ᠤᠨ ᠵᠥᠪᠯᠡᠯ᠂ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠵᠡᠷᠭᠡ | ᠵᠣᠬᠢᠶᠠᠨ ᠪᠠᠶᠢᠭᠤᠯᠤᠯᠲᠠ ᠴᠥᠮ ᠰᠢᠨ᠎ᠡ ᠠᠭᠤᠷ ᠠᠮᠢᠰᠬᠤᠯ ᠲᠠᠢ ᠪᠣᠯᠪᠠ᠃ | ᠲᠥᠯᠥᠭᠡᠯᠡᠭᠴᠢᠳ ᠡ︕ ᠡᠨᠡ ᠨᠢᠭᠡ ᠵᠢᠯ ᠤᠨ ᠠᠮᠵᠢᠯᠲᠠ ᠶᠢ ᠡᠷᠭᠢᠴᠡᠭᠦᠯᠬᠦ ᠳᠤ᠂ ᠦᠨᠳᠦᠰᠦᠨ ᠠᠴᠠ ᠨᠢ | ᠬᠡᠯᠡᠪᠡᠯ ᠶᠡᠷᠦᠩᠬᠡᠢ ᠱᠦᠵᠢ ᠰᠢ ᠶᠢᠨ ᠫᠢᠩ ᠨᠠᠮ ᠤᠨ ᠲᠥᠪ ᠬᠤᠷᠢᠶᠠᠨ ᠤ ᠭᠤᠣᠯᠯᠠᠭᠴᠢ᠂ ᠪᠦᠬᠦ ᠨᠠᠮ ᠤᠨ | ᠭᠤᠣᠯᠯᠠᠭᠴᠢ ᠪᠣᠯᠤᠭᠰᠠᠨ ᠤ ᠬᠤᠪᠢ ᠳᠤ ᠵᠢᠯᠣᠭᠤ ᠶᠢ ᠠᠳᠬᠤᠨ ᠠᠶᠠᠨ ᠢ ᠵᠢᠯᠤᠭᠤᠳᠤᠭᠰᠠᠨ ᠳᠤ ᠪᠤᠢ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠳᠠ ᠶᠢᠨ ᠨᠠᠮ ᠤᠨ ᠬᠤᠷᠢᠶ᠎ᠠ ᠵᠥᠪ | ᠣᠨᠣᠪᠴᠢᠲᠠᠢ ᠤᠳᠤᠷᠢᠳᠴᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠭᠰᠠᠨ ᠳᠤ ᠪᠤᠢ᠂ | ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠪᠣᠯᠤᠨ | ᠨᠡᠶᠢᠭᠡᠮ ᠤᠨ ᠡᠯ᠎ᠡ ᠡᠲᠡᠭᠡᠳ ᠤᠨ ᠬᠢᠨ ᠪᠦᠲᠦᠮᠵᠢᠲᠡᠢ ᠬᠢᠨᠠᠯᠲᠠ ᠲᠠᠯᠪᠢᠵᠤ᠂ ᠬᠦᠴᠦᠲᠡᠢ ᠳᠡᠮᠵᠢᠭᠰᠡᠨ ᠳᠤ ᠪᠤᠢ᠂ | ᠪᠦᠬᠦ ᠬᠤᠳᠠ ᠶᠢᠨ ᠥᠷᠭᠡᠨ ᠤᠯᠠᠨ ᠺᠠᠳ᠋ᠷ ᠤᠯᠠᠨ ᠲᠦᠮᠡᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ | ᠬᠦᠴᠢᠷ ᠢ ᠲᠤᠭᠤᠯᠤᠭᠰᠠᠨ ᠳᠤ ᠪᠣᠢ᠃ ᠠᠳᠡ᠂ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ | ᠡᠮᠦᠨ᠎ᠡ ᠠᠴᠠ᠂ ᠡᠯ᠎ᠡ ᠠᠵᠢᠯ ᠲᠦᠷᠦᠯ᠂ ᠡᠯ᠎ᠡ ᠹᠷᠣᠨᠲ ᠲᠤ ᠰᠢᠷᠭᠠᠭᠤ ᠬᠠᠲᠠᠭᠤᠵᠢᠯᠲᠠᠢ ᠲᠡᠮᠡᠴᠡᠵᠦ ᠪᠠᠶᠢᠭ᠎ᠠ | ᠪᠦᠳᠦᠭᠡᠨ ᠪᠠᠶᠢᠭᠤᠯᠤᠭᠴᠢᠳ᠂ ᠬᠤᠪᠢ ᠨᠡᠮᠡᠷᠢ ᠦᠵᠡᠭᠦᠯᠦᠭᠰᠡᠳ᠂ ᠬᠥᠬᠡᠬᠤᠲᠠ ᠶᠢᠨ ᠬᠥᠭᠵᠢᠯᠲᠡ ᠶᠢ ᠬᠠᠯᠠᠮᠵᠢᠯᠠᠵᠤ | ᠂ ᠳᠡᠮᠵᠢᠵᠦ᠂ ᠣᠷᠣᠯᠴᠠᠭᠰᠠᠨ ᠪᠦᠬᠦ ᠨᠥᠬᠦᠳ᠂ ᠨᠠᠶᠢᠵᠠ ᠨᠠᠷ ᠲᠤ ᠡᠷᠬᠢᠮ ᠳᠡᠭᠡᠳᠦ ᠬᠦᠨᠳᠦᠳᠬᠡᠯ ᠪᠠ ᠴᠢᠩ | ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠳ᠋ᠦᠩᠨᠡᠬᠦ ᠶᠢᠨ ᠵᠡᠷᠭᠡᠪᠡᠷ ᠠᠵᠢᠯ ᠤᠨ ᠳᠤᠮᠳᠠ ᠴᠥᠭᠡᠨ ᠪᠤᠰᠤ ᠬᠦᠴᠢᠷᠳᠡᠯ ᠠᠰᠠᠭᠤᠳᠠᠯ | ᠣᠷᠣᠰᠢᠵᠤ ᠪᠠᠶᠢᠬᠤ ᠶᠢ ᠪᠢᠳᠡ ᠰᠡᠷᠭᠡᠭ ᠢᠶᠠᠷ ᠣᠯᠵᠤ ᠬᠠᠷᠠᠯ᠎ᠠ᠃ ᠨᠢᠭᠡ ᠳᠤ ᠠᠵᠤ ᠠᠬᠤᠶ ᠶᠢᠨ ᠶᠡᠷᠦᠩᠬᠡᠶ ᠬᠡᠮᠵᠢᠶ᠎ᠡ | ᠪᠠᠰᠠ ᠲᠡᠶᠢᠮᠦ ᠶᠡᠭᠡ ᠪᠢᠰᠢ᠂ ᠨᠡᠮᠡᠭᠳᠡᠯ ᠤᠨ ᠬᠤᠷᠳᠤᠴᠠ ᠪᠠᠰᠠ ᠲᠡᠶᠢᠮᠦ ᠲᠦᠷᠭᠡᠨ ᠪᠢᠰᠢ᠂ ᠬᠤᠳᠠ ᠶᠢᠨ | ᠥᠷᠢᠰᠥᠯᠳᠦᠬᠦ ᠬᠦᠴᠦᠨ᠂ ᠨᠥᠯᠥᠭᠡᠯᠡᠬᠦ ᠬᠦᠴᠦᠨ᠂ ᠳᠠᠶᠢᠴᠢᠯᠠᠬᠤ ᠬᠦᠴᠦᠨ ᠨᠢ ᠣᠷᠣᠨ ᠤ ᠲᠥᠪ ᠬᠤᠲᠠ ᠶᠢᠨ | ᠪᠠᠶᠢᠷᠢ ᠰᠠᠭᠤᠷᠢ ᠲᠠᠢ ᠵᠣᠬᠢᠴᠠᠬᠤ ᠦᠭᠡᠢ ᠪᠠᠶᠢᠨ᠎ᠠ︔ ᠬᠤᠶᠠᠷ ᠲᠤ᠂ ᠠᠵᠤ ᠦᠢᠯᠡᠰ ᠤᠨ ᠰᠠᠭᠤᠷᠢ ᠮᠦᠨ | ᠯᠠᠪᠳᠠᠭᠤᠨ ᠪᠢᠰᠢ᠂ ᠬᠡᠯᠬᠢᠶ᠎ᠡ ᠶᠢ ᠤᠷᠲᠤᠳᠬᠠᠭᠰᠠᠨ ᠢᠶᠠᠷ ᠬᠦᠷᠦᠯᠴᠡᠬᠦ ᠦᠭᠡᠢ᠂ ᠪᠦᠭᠡᠮᠨᠡᠷᠡᠯ ᠤᠨ ᠦᠢᠯᠡᠳᠦᠯ ᠴᠢᠩᠭ᠎ᠠ | ᠪᠢᠰᠢ᠂ ᠠᠵᠤ ᠦᠢᠯᠡᠰ ᠤᠨ ᠳᠡᠭᠡᠳᠦ ᠳᠡᠰᠴᠢᠯᠡᠭᠰᠡᠨ᠂ ᠤᠶᠤᠨᠴᠢᠯᠠᠭᠰᠠᠨ᠂ ᠪᠣᠬᠢᠷᠲᠤᠯ ᠦᠭᠡᠢ ᠬᠥᠭᠵᠢᠯᠲᠡ ᠶᠢᠨ | ᠡᠭᠦᠷᠭᠡ ᠬᠦᠨᠳᠦ ᠵᠠᠮ ᠬᠤᠯᠠ ᠪᠠᠶᠢᠨ᠎ᠠ︔ ᠭᠤᠷᠪᠠ ᠳᠤ᠂ ᠬᠦᠨᠳᠦ ᠶᠡᠭᠡ ᠠᠶᠤᠯ ᠲᠦᠭᠰᠢᠭᠦᠷᠢ ᠥᠷᠢᠰᠥᠯᠳᠦᠭᠡᠨ ᠢ | ᠠᠷᠭᠠᠴᠠᠭᠠᠬᠤ ᠴᠢᠳᠠᠪᠤᠷᠢ ᠪᠠᠨ ᠴᠢᠩᠭᠠᠳᠬᠠᠬᠤ ᠴᠢᠬᠤᠯᠠᠲᠠᠢ ᠪᠠᠶᠢᠨ᠎ᠠ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ᠂ | ᠦᠨᠳᠦᠰᠦᠨ ᠱᠠᠲᠤᠨ ᠤ ᠵᠠᠰᠠᠯᠲᠠ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠵᠡᠷᠭᠡ ᠳᠤᠲᠠᠭᠤᠳᠠᠯ ᠢ | ᠲᠦᠷᠭᠡᠨ ᠨᠥᠬᠦᠪᠥᠷᠢᠯᠡᠬᠦ ᠴᠢᠬᠤᠯᠠᠲᠠᠢ ᠪᠠᠶᠢᠨ᠎ᠠ︔ ᠲᠦᠷᠪᠡ ᠳᠤ ᠤᠯᠠᠨ ᠲᠦᠮᠡᠨ ᠤ ᠠᠮᠢ ᠪᠡᠶ᠎ᠡ ᠶᠢᠨ ᠠᠰᠢᠭ | ᠲᠤᠰᠠ ᠳᠤ ᠬᠤᠯᠪᠣᠭᠳᠠᠬᠤ ᠰᠤᠷᠭᠠᠨ ᠬᠥᠮᠦᠵᠢᠯ᠂ ᠡᠮᠴᠢᠯᠡᠭᠡ᠂ ᠣᠷᠣᠨ ᠰᠠᠭᠤᠴᠠ᠂ ︽ᠨᠠᠰᠤᠲᠠᠨ ᠨᠢᠯᠬᠠᠰ︾ | ᠵᠡᠷᠭᠡ ᠬᠦᠷᠢᠶᠡᠨ ᠳᠤ ᠪᠠᠰᠠ ᠪᠦᠲᠦᠴᠡ ᠨᠢ ᠲᠡᠩᠴᠡᠭᠦᠷᠢ ᠦᠭᠡᠢ᠂ ᠬᠠᠩᠭᠠᠯᠭ᠎ᠠ ᠨᠢ ᠭᠦᠢᠴᠡᠳ ᠦᠭᠡᠢ ᠵᠡᠷᠭᠡ | ᠠᠰᠠᠭᠤᠳᠠᠯ ᠣᠷᠣᠰᠢᠵᠤ ᠪᠠᠶᠢᠨ᠎ᠠ︔ ᠡᠭᠦᠨ ᠠᠴᠠ ᠭᠠᠳᠠᠨ᠎ᠠ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ᠂ ᠺᠠᠳ᠋ᠷ ᠤᠨ ᠰᠤᠷᠲᠠᠯ ᠢ ᠬᠤᠪᠢᠷᠠᠭᠤᠯᠬᠤ ᠵᠡᠷᠭᠡ ᠲᠠᠯ᠎ᠠ ᠪᠠᠷ ᠪᠠᠰᠠ ᠴᠥᠭᠡᠨ ᠪᠤᠰᠤ ᠲᠦᠭᠵᠢᠷᠡᠯ ᠪᠠ | ᠬᠠᠷᠰᠢ ᠰᠠᠭᠠᠳ ᠣᠷᠣᠰᠢᠵᠤ ᠪᠠᠶᠢᠨ᠎ᠠ᠃ ᠡᠲᠡᠭᠡᠷ ᠠᠰᠠᠭᠤᠳᠠᠯ ᠢ ᠪᠢᠳᠡ ᠨᠠᠷᠢᠨ ᠬᠢᠨᠠᠮᠠᠭᠠᠶ ᠰᠤᠳᠤᠯᠤᠨ ᠵᠠᠳᠠᠯᠵᠤ᠂ | ᠬᠠᠨᠳᠤᠯᠭᠠᠲᠤ ᠴᠢᠨᠠᠷᠲᠠᠶ ᠠᠷᠭ᠎ᠠ ᠬᠡᠮᠵᠢᠶ᠎ᠡ ᠠᠪᠴᠤ᠂ ᠨᠢᠭᠡ ᠶᠢ ᠠᠩᠬᠠᠷᠪᠠᠯ ᠨᠢᠭᠡ ᠶᠢ ᠡᠷᠭᠢᠯᠡᠵᠦ᠂ ᠨᠢᠭᠡ ᠶᠢ | ᠡᠷᠭᠢᠯᠡᠪᠡᠯ ᠨᠢᠭᠡ ᠶᠢ ᠪᠦᠲᠦᠭᠡᠵᠦ᠂ ᠣᠷᠣᠨ ᠤ ᠲᠥᠪ ᠬᠤᠲᠠ ᠳᠤ ᠡᠳᠦᠷ ᠪᠦᠷᠢ ᠰᠢᠨ᠎ᠡ ᠬᠤᠪᠢᠷᠠᠯᠲᠠ ᠲᠠᠢ ᠪᠣᠯᠭᠠᠵᠤ | ᠂ ᠠᠷᠠᠳ ᠣᠯᠠᠨ ᠳᠤ ᠵᠢᠯ ᠪᠦᠷᠢ ᠰᠢᠨ᠎ᠡ ᠪᠣᠳᠠᠲᠤ ᠠᠰᠢᠭ ᠬᠦᠷᠲᠡᠭᠡᠬᠦ ᠬᠡᠷᠡᠭᠲᠡᠶ᠃ | ᠬᠤᠶᠠᠷ᠂ 2023 ᠣᠨ ᠤ ᠠᠵᠢᠯ ᠤᠨ ᠲᠣᠬᠢᠷᠠᠭᠤᠯᠤᠯᠲᠠ | ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠳᠡᠭ ᠢ 6 % | ᠠᠴᠠ ᠳᠡᠭᠡᠭᠰᠢ ᠨᠡᠮᠡᠭᠳᠡᠭᠦᠯᠦᠨ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠳᠡᠭ ᠢ 8 | % ᠠᠴᠠ ᠳᠡᠭᠡᠭᠰᠢ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 10 % ᠠᠴᠠ | ᠳᠡᠭᠡᠭᠰᠢ ᠨᠡᠮᠡᠭᠳᠡᠭᠦᠯᠦᠨ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 8 | % ᠣᠷᠴᠢᠮ ᠨᠡᠮᠡᠭᠳᠡᠭᠦᠯᠵᠦ᠂ ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 5% ᠠᠴᠠ ᠳᠡᠭᠡᠭᠰᠢ | ᠨᠡᠮᠡᠭᠳᠡᠭᠦᠯᠦᠨ᠂ ᠬᠤᠳᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ | ᠡᠵᠡᠮᠳᠡᠵᠦ ᠪᠣᠯᠬᠤ ᠣᠷᠣᠯᠭ᠎ᠠ ᠶᠢ 6 % ᠠᠴᠠ ᠳᠡᠭᠡᠭᠰᠢ ᠨᠡᠮᠡᠭᠳᠡᠭᠦᠯᠵᠦ᠂ ᠥᠪᠡᠷᠲᠡᠭᠡᠨ ᠵᠠᠰᠠᠬᠤ ᠣᠷᠣᠨ ᠠᠴᠠ | ᠪᠠᠭᠤᠯᠭᠠᠭᠰᠠᠨ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ ᠡᠭᠦᠷᠭᠡ ᠶᠢ | ᠪᠡᠶᠡᠯᠡᠭᠦᠯᠦᠨ᠎ᠡ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠲᠤᠭᠲᠠᠭᠠᠭᠰᠠᠨ ᠨᠢ᠂ ᠤᠯᠤᠰ᠂ ᠥᠪᠡᠷᠲᠡᠭᠡᠨ ᠵᠠᠰᠠᠬᠤ ᠣᠷᠣᠨ ᠤ ︽ | ᠠᠵᠤ ᠠᠬᠤᠢ ᠶᠢᠨ ᠠᠵᠢᠯᠯᠠᠭᠠᠨ ᠶᠡᠷᠦᠩᠬᠡᠢ ᠳᠡᠭᠡᠨ ᠰᠠᠶᠢᠵᠢᠷᠠᠬᠤ ᠶᠢ ᠠᠬᠢᠭᠤᠯᠵᠤ᠂ ᠳᠣᠲᠣᠭᠠᠳᠤ ᠬᠡᠷᠡᠭᠴᠡᠭᠡ ᠶᠢ | ᠢᠳᠡᠪᠬᠢᠲᠡᠢ ᠥᠷᠭᠡᠳᠬᠡᠬᠦ︾ ᠵᠡᠷᠭᠡ ᠠᠯᠢ ᠣᠯᠠᠨ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠰᠢᠭᠲᠠᠢ ᠲᠠᠯ᠎ᠠ | ᠣᠲᠣ ᠶᠠᠭ ᠪᠦᠲᠦᠮᠵᠢᠲᠡᠶ ᠪᠠᠳᠠᠷᠠᠵᠤ ᠪᠠᠶᠢᠬᠤ ᠳᠤ ᠰᠠᠭᠤᠷᠢᠯᠠᠪᠠ︔ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ︽ᠣᠷᠣᠨ ᠤ ᠲᠥᠪ ᠢ ᠬᠦᠴᠦᠷᠬᠡᠭᠵᠢᠭᠦᠯᠬᠦ︾ ᠢᠨᠵᠧᠨᠧᠷᠢᠩ ᠢ ᠬᠡᠷᠡᠭᠵᠢᠬᠦᠯᠬᠦ ᠶᠢ | ᠪᠥᠬᠦ ᠲᠠᠯ᠎ᠠ ᠪᠠᠷ ᠲᠦᠯᠬᠢᠨ ᠠᠬᠢᠭᠤᠯᠬᠤ ᠴᠢᠬᠤᠯᠠ ᠶᠡᠭᠡ ᠠᠵᠠ ᠲᠣᠬᠢᠶᠠᠯ ᠳᠤ ᠰᠠᠭᠤᠷᠢᠯᠠᠪᠠ︔ ᠮᠠᠨ ᠤ ᠬᠤᠲᠠ ᠶᠢᠨ | ᠵᠢᠷᠭᠤᠭᠠᠨ ᠶᠡᠭᠡ ᠠᠵᠤ ᠦᠢᠯᠡᠰ ᠤᠨ ᠪᠦᠭᠡᠮᠨᠡᠷᠡᠯ ᠤᠨ ᠭᠤᠣᠯᠳᠠᠯᠭ᠎ᠠ ᠲᠠᠢ ᠲᠥᠷᠥᠯ ᠵᠦᠢᠯ ᠵᠠᠯᠭᠠᠪᠡᠷ | ᠦᠢᠯᠡᠳᠪᠦᠷᠢᠯᠡᠯ ᠤᠨ ᠴᠢᠳᠠᠪᠤᠷᠢ ᠪᠠᠨ ᠪᠠᠳᠠᠷᠠᠭᠤᠯᠬᠤ ᠬᠤᠭᠤᠴᠠᠭᠠᠨ ᠳᠤ ᠣᠷᠣᠭᠰᠠᠨ ᠳᠤ ᠰᠠᠭᠤᠷᠢᠯᠠᠪᠠ︔ ᠪᠦᠬᠦ | ᠬᠤᠳᠠ ᠶᠢᠨ ᠥᠷᠭᠡᠨ ᠤᠯᠠᠨ ᠺᠠᠳ᠋ᠷ ᠤᠯᠠᠨ ᠲᠦᠮᠡᠨ ᠣᠶᠢᠷ᠎ᠠ ᠶᠢᠨ ᠵᠢᠯ ᠤᠨ ᠲᠤᠷᠰᠢ ᠭᠠᠯ ᠹᠷᠣᠨᠲ ᠲᠤ ᠡᠷᠡᠯᠬᠡᠭᠯᠡᠨ | ᠲᠡᠮᠡᠴᠡᠵᠦ ᠲᠦᠷᠦᠭᠦᠯᠡᠬᠦ ᠪᠠᠷ ᠴᠢᠷᠮᠠᠶᠢᠬᠤ᠂ ᠨᠤᠭᠤᠷᠠᠰᠢ ᠦᠭᠡᠢ ᠲᠡᠮᠡᠴᠡᠬᠦ ᠠᠵᠢᠯ ᠬᠢᠵᠦ ᠦᠢᠯᠡᠰ ᠪᠣᠰᠬᠠᠬᠤ | ᠬᠠᠯᠠᠭᠤᠨ ᠤᠷᠮ᠎ᠠ ᠰᠡᠳᠬᠢᠯᠭᠡ ᠪᠠᠨ ᠳᠠᠪᠲᠠᠨ ᠪᠣᠯᠪᠠᠰᠤᠷᠠᠭᠤᠯᠤᠭᠰᠠᠨ ᠳᠤ ᠰᠠᠭᠤᠷᠢᠯᠠᠪᠠ᠃ ᠳᠡᠭᠡᠷᠡᠬᠢ ᠬᠠᠷᠠᠯᠲᠠ ᠪᠣᠯ | ᠯᠠᠪᠳᠠᠭᠤᠨ ᠮᠥᠷᠲᠡᠭᠡᠨ ᠪᠠᠰᠠ ᠢᠳᠡᠪᠬᠢᠲᠡᠢ ᠶᠤᠮ᠂ ᠪᠢᠳᠡ ᠳᠠᠷᠤᠯᠲᠠ ᠨᠡᠮᠡᠵᠦ ᠡᠷᠡᠯᠬᠡᠭᠯᠡᠨ ᠤᠷᠤᠭᠰᠢᠯᠠᠵᠤ᠂ | ᠬᠠᠲᠠᠭᠤ ᠪᠡᠷᠬᠡᠰᠢᠶᠡᠯ ᠢ ᠢᠯᠠᠨ ᠳᠠᠪᠠᠳᠠᠭ ᠯᠠ ᠶᠤᠮ ᠪᠣᠯ ᠯᠠᠪᠲᠠᠢ ᠪᠡᠶᠡᠯᠡᠭᠦᠯᠵᠦ ᠴᠢᠳᠠᠨ᠎ᠠ᠃ | 2023 ᠣᠨ ᠳᠤ ᠳᠣᠣᠷᠠᠬᠢ ᠠᠵᠢᠯ ᠤᠳ ᠢ ᠭᠤᠣᠯᠳᠠᠯᠭ᠎ᠠ ᠲᠠᠢ ᠰᠠᠶᠢᠲᠤᠷ ᠬᠢᠨ᠎ᠡ᠄ | ︵ᠨᠢᠭᠡ︶ ᠠᠵᠤ ᠠᠬᠤᠢ ᠶᠢᠨ ᠠᠵᠢᠯᠯᠠᠭᠠᠨ ᠢ ᠪᠦᠬᠦ ᠬᠦᠴᠦᠨ ᠢᠶᠠᠷ ᠢᠶᠠᠨ ᠲᠣᠭᠲᠠᠪᠤᠷᠢᠵᠢᠭᠤᠯᠤᠨ᠎ᠠ | ᠣᠷᠣᠨ ᠤ ᠲᠥᠪ ᠢ ᠬᠦᠴᠦᠷᠬᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠤᠳᠠᠯ ᠦᠭᠡᠢ ᠨᠡᠶᠢᠲᠡᠯᠡᠨ | ᠬᠡᠷᠡᠭᠵᠢᠭᠦᠯᠬᠦ ᠪᠠᠷ ᠪᠠᠶᠢᠭ᠎ᠠ ︽ᠬᠥᠬᠡᠬᠤᠲᠠ ᠶᠢᠨ ᠣᠷᠣᠨ ᠤ ᠲᠥᠪ ᠢ ᠬᠦᠴᠦᠷᠭᠡᠭᠵᠢᠬᠦᠯᠬᠦ ᠢᠨᠵᠧᠨᠧᠷᠢᠩ ᠢ | ᠬᠡᠷᠡᠭᠵᠢᠭᠦᠯᠬᠦ ᠶᠢ ᠳᠡᠮᠵᠢᠵᠦ ᠣᠷᠣᠨ ᠤ ᠲᠥᠪ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠰᠠᠨᠠᠯ︾ | ᠤᠨ ᠵᠦᠢᠯ ᠨᠢᠭᠡᠪᠦᠷᠢ᠂ ᠵᠤᠷᠪᠤᠰ ᠨᠢᠭᠡᠪᠦᠷᠢ ᠨᠢ ᠴᠥᠮ ᠮᠠᠨ ᠳᠤ ᠲᠣᠬᠢᠷᠠᠭᠤᠯᠤᠨ ᠲᠣᠭᠲᠠᠭᠠᠭᠰᠠᠨ ︽ᠵᠢᠩᠭᠢᠨᠢ | ᠶᠠᠭᠤᠮ᠎ᠠ︾᠂ ︽ᠰᠠᠶᠢᠨ ᠶᠠᠭᠤᠮ᠎ᠠ︾ ᠪᠣᠯᠣᠨ᠎ᠠ᠃ ᠪᠢᠳᠡ ︽ᠡᠬᠢᠯᠡᠯᠲᠡ ᠪᠣᠯ ᠲᠠᠷᠤᠢ ᠰᠢᠪᠲᠤᠯᠤᠯᠲᠠ︾ ᠶᠢᠨ | ᠡᠷᠴᠢ ᠵᠣᠷᠢᠭ ᠢ ᠪᠠᠳᠠᠷᠠᠭᠤᠯᠵᠤ᠂ ᠬᠥᠬᠡᠬᠤᠲᠠ ᠶᠢ ᠬᠥᠭᠵᠢᠯᠲᠡ ᠶᠢᠨ ᠴᠢᠳᠠᠪᠬᠢ ᠲᠠᠰ ᠪᠥᠬᠦ ᠲᠠᠯ᠎ᠠ ᠪᠠᠷ | ᠳᠡᠭᠡᠭᠰᠢᠯᠡᠭᠰᠡᠨ ︽ᠪᠣᠳᠠᠲᠤ ᠬᠦᠴᠦᠨ ᠤ ᠬᠤᠲᠠ︾᠂ ᠠᠵᠤ ᠦᠢᠯᠡᠰ ᠤᠨ ᠪᠥᠭᠡᠮᠨᠡᠷᠡᠯ ᠤᠨ ᠳᠠᠪᠠᠭᠤᠯᠢᠭ ᠢᠶᠠᠷ | ᠲᠣᠪᠣᠶᠢᠮ᠎ᠠ ︽ᠬᠥᠭᠵᠢᠯᠲᠡ ᠶᠢᠨ ᠬᠤᠲᠠ︾᠂ ᠬᠤᠲᠠ ᠶᠢᠨ ᠴᠢᠨᠠᠷ ᠴᠢᠨᠰᠠᠭ᠎ᠠ ᠢᠯᠡᠳᠲᠡ ᠳᠡᠭᠡᠭᠰᠢᠯᠡᠭᠰᠡᠨ ︽ | ᠦᠵᠡᠰᠬᠦᠯᠡᠩᠲᠦ ᠰᠠᠶᠢᠬᠠᠨ ᠬᠤᠲᠠ︾᠂ ᠰᠢᠨ᠎ᠡ ᠶᠢ ᠡᠭᠦᠳᠬᠦ ᠬᠥᠳᠡᠯᠭᠡᠭᠴᠢ ᠬᠦᠴᠦᠨ ᠥᠷᠨᠢᠭᠦᠨ ᠨᠡᠮᠡᠭᠳᠡᠭᠰᠡᠨ ︽ | ᠠᠮᠢᠵᠢᠷᠠᠯ ᠤᠨ ᠬᠦᠴᠦᠨ ᠲᠠᠢ ᠬᠤᠲᠠ︾ ᠪᠠ ᠵᠠᠯᠠᠭᠤᠴᠤᠳ ᠬᠦᠰᠡᠵᠦ ᠰᠠᠨᠠᠭᠰᠠᠨ᠂ ᠨᠠᠰᠤᠲᠠᠶᠢᠴᠤᠳ ᠠᠮᠤᠷ | ᠠᠮᠤᠭᠤᠯᠠᠩ ︽ᠵᠣᠯ ᠵᠢᠷᠭᠠᠯᠲᠤ ᠬᠤᠲᠠ︾ ᠪᠣᠯᠭᠠᠨ ᠪᠦᠲᠦᠭᠡᠨ ᠪᠠᠶᠢᠭᠤᠯᠬᠤ ᠬᠠᠷᠠᠯᠲᠠ ᠶᠢᠨ ᠪᠠᠶᠢᠷᠢ | ᠲᠣᠭᠲᠠᠭᠠᠯᠲᠠ ᠶᠢ ᠭᠤᠣᠯᠳᠠᠯᠭ᠎ᠠ ᠲᠠᠢ ᠠᠩᠬᠠᠷᠤᠨ᠎ᠠ︔ ︽ᠳᠡᠯᠡᠬᠡᠢ ᠶᠢᠨ ᠰᠦ ᠶᠢᠨ ᠬᠤᠲᠠ︾ ᠶᠢ ᠪᠦᠲᠦᠭᠡᠨ | ᠪᠠᠶᠢᠭᠤᠯᠬᠤ᠂ ︽ᠳᠤᠮᠳᠠᠳᠤ ᠤᠯᠤᠰ ᠤᠨ ᠡᠭᠦᠯᠡᠨ ᠬᠥᠨᠳᠡᠢ︾ ᠶᠢ ᠴᠣᠭᠴᠠᠯᠠᠬᠤ᠂ ᠲᠡᠷᠢᠭᠦᠨ ᠤ ᠦᠶᠯᠡᠳᠬᠦ | ᠦᠢᠯᠡᠰ ᠤᠨ ᠪᠦᠭᠡᠮᠨᠡᠷᠡᠯ ᠢ ᠪᠣᠶᠢᠵᠢᠭᠤᠯᠬᠤ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠠᠵᠤ ᠦᠢᠯᠡᠰ ᠤᠨ | ᠠᠭᠤᠰᠤᠯᠴᠠᠨ ᠦᠢᠯᠡᠳᠦᠯᠴᠡᠬᠦ ᠶᠢ ᠠᠬᠢᠭᠤᠯᠬᠤ᠂ ᠶᠡᠷᠦᠩᠬᠡᠢ ᠬᠡᠯᠲᠡᠰ ᠤᠨ ᠠᠵᠤ ᠠᠬᠤᠢ ᠶᠢ ᠬᠥᠭᠵᠢᠭᠦᠯᠬᠦ ᠵᠡᠷᠭᠡ | ᠵᠠᠩᠭᠢᠯᠠᠭ᠎ᠠ ᠶᠢᠨ ᠵᠦᠢᠯᠡᠰ ᠢ ᠭᠤᠣᠯᠳᠠᠯᠭ᠎ᠠ ᠲᠠᠢ ᠠᠩᠬᠠᠷᠤᠨ᠎ᠠ︔ ᠲᠦᠷᠭᠡᠨ ᠤ ᠲᠡᠮᠦᠷ ᠵᠠᠮ ᠤᠨ ᠬᠦᠢᠰᠦ ᠬᠤᠲᠠ ᠶᠢ | ᠪᠦᠲᠦᠭᠡᠨ ᠪᠠᠶᠢᠭᠤᠯᠬᠤ᠂ ᠰᠢᠨ᠎ᠡ ᠨᠢᠰᠬᠡᠯ ᠤᠨ ᠪᠠᠭᠤᠳᠠᠯ ᠤᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠬᠦᠢᠰᠦ ᠶᠢ | ᠴᠤᠭᠴᠠᠯᠠᠬᠤ᠂ ᠲᠦᠷᠭᠡᠨ ᠤ ᠵᠠᠰᠠᠮᠠᠯ ᠵᠠᠮ ᠤᠨ ᠲᠣᠣᠷ ᠢ ᠪᠠᠶᠢᠭᠤᠯᠬᠤ᠂ ᠪᠠᠷᠠᠭᠠᠨ ᠤ ᠭᠦᠢᠯᠭᠡᠭᠡᠨ ᠤ ᠶᠡᠷᠦᠩᠬᠡᠶᠢᠯᠡᠭᠰᠡᠨ | ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ᠂ ᠬᠤᠲᠠ ᠶᠢᠨ ᠰᠠᠭᠤᠷᠢ ᠪᠠᠲᠤᠯᠠᠭ᠎ᠠ ᠶᠢᠨ ᠴᠢᠳᠠᠮᠵᠢ ᠶᠢ | ᠴᠢᠩᠭᠠᠷᠠᠭᠤᠯᠬᠤ ᠵᠡᠷᠭᠡ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠢᠯ ᠢ ᠭᠤᠣᠯᠳᠠᠯᠭ᠎ᠠ ᠲᠠᠢ | ᠠᠩᠬᠠᠷᠤᠨ᠎ᠠ︔ ᠬᠤᠲᠠ ᠶᠢᠨ ᠲᠥᠯᠦᠪᠵᠢᠭᠦᠯᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ᠂ ᠠᠮᠢ ᠠᠬᠤᠢ ᠶᠢᠨ | ᠣᠷᠣᠰᠢᠨ ᠰᠠᠭᠤᠬᠤ ᠳᠤ ᠲᠣᠬᠢᠷᠠᠮᠵᠢᠲᠠᠢ ᠬᠢᠷᠢ ᠲᠦᠪᠰᠢᠨ ᠢ ᠳᠡᠭᠡᠭᠰᠢᠯᠡᠭᠦᠯᠬᠦ᠂ ᠴᠢᠨᠠᠷ ᠰᠠᠶᠢᠲᠠᠢ ᠡᠮᠴᠢᠯᠡᠭᠡ ᠰᠤᠷᠭᠠᠨ | ᠬᠥᠮᠦᠵᠢᠯ ᠢ ᠬᠥᠭᠵᠢᠭᠦᠯᠬᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠵᠡᠷᠭᠡ ᠣᠷᠣᠰᠢᠨ | ᠰᠠᠭᠤᠬᠤ ᠳᠤ ᠲᠣᠬᠢᠷᠠᠮᠵᠢᠲᠠᠢ ᠬᠤᠲᠠ ᠶᠢ ᠪᠦᠲᠦᠭᠡᠨ ᠪᠠᠶᠢᠭᠤᠯᠬᠤ ᠡᠭᠦᠷᠭᠡ ᠶᠢ ᠭᠤᠣᠯᠳᠠᠯᠭ᠎ᠠ ᠲᠠᠢ ᠠᠩᠬᠠᠷᠤᠨ᠎ᠠ︔ | ᠬᠢᠨᠠᠨ ᠵᠥᠪᠰᠢᠶᠡᠷᠡᠬᠦ ᠡᠷᠬᠡ ᠮᠡᠳᠡᠯ ᠢ ᠳᠣᠷᠣᠭᠰᠢ ᠪᠠᠭᠤᠯᠭᠠᠬᠤ᠂ ᠰᠢᠨ᠎ᠡ ᠶᠢ ᠡᠭᠦᠳᠬᠦ ᠲᠤᠯᠭᠠᠭᠤᠷᠢᠯᠠᠯ ᠢ | ᠴᠢᠩᠭᠠᠳᠬᠠᠬᠤ᠂ ᠭᠠᠵᠠᠷ ᠬᠡᠷᠡᠭᠯᠡᠬᠦ ᠴᠠᠬᠢᠯᠭᠠᠨ ᠬᠡᠷᠡᠭᠯᠡᠬᠦ ᠡᠨᠧᠷᠭᠢ ᠬᠡᠷᠡᠭᠯᠡᠬᠦ ᠪᠠᠲᠤᠯᠠᠭ᠎ᠠ ᠶᠢ ᠴᠢᠩᠭᠠᠳᠬᠠᠬᠤ᠂ | ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡᠨ ᠤ ᠳᠡᠮᠵᠢᠯᠭᠡ ᠶᠢ ᠴᠢᠩᠭᠠᠳᠬᠠᠬᠤ ᠵᠡᠷᠭᠡ ᠬᠦᠴᠦᠨ ᠵᠦᠢᠯ ᠤᠨ | ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠭᠤᠣᠯᠳᠠᠯᠭ᠎ᠠ ᠲᠠᠢ ᠠᠩᠬᠠᠷᠴᠤ᠂ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠴᠤ | ᠂ ᠵᠣᠷᠢᠭᠲᠠᠢ ᠪᠠᠷ ᠲᠤᠷᠰᠢᠵᠤ᠂ ᠥᠪᠡᠷᠲᠡᠭᠡᠨ ᠵᠠᠰᠠᠬᠤ ᠣᠷᠣᠨ ᠤ ᠲᠤᠰᠠᠯᠠᠬᠤ ᠬᠦᠴᠦᠨ᠂ ᠲᠦᠯᠬᠢᠬᠦ ᠬᠦᠴᠦᠨ ᠢ | ᠦᠨᠡᠨᠬᠦ ᠣᠷᠣᠨ ᠤ ᠲᠥᠪ ᠤᠨ ᠲᠣᠰ ᠪᠡᠶ᠎ᠡ ᠶᠢᠨ ᠬᠥᠭᠵᠢᠯᠲᠡ ᠶᠢᠨ ᠬᠥᠳᠡᠯᠭᠡᠭᠦ ᠬᠦᠴᠦᠨ᠂ ᠠᠮᠢᠵᠢᠷᠠᠯ ᠤᠨ ᠬᠦᠴᠦᠨ | ᠪᠣᠯᠭᠠᠨ ᠬᠤᠪᠢᠷᠠᠭᠤᠯᠵᠤ᠂ ᠡᠯ᠎ᠡ ᠵᠦᠢᠯ ᠤᠨ ᠳᠡᠮᠵᠢᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠰᠠᠶᠢᠲᠤᠷ | ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ 3 ᠠᠴᠠ 5 ᠵᠢᠯ ᠤᠨ ᠬᠤᠭᠤᠴᠠᠭᠠᠨ ᠳᠤ ᠣᠷᠣᠨ ᠤ ᠲᠥᠪ ᠤᠨ ︽ | ᠲᠤᠭ᠎ᠠ︾ ᠠᠴᠠ ︽ᠴᠢᠨᠠᠷ︾ ᠤᠨ ᠢᠯᠡᠷᠬᠡᠢ ᠬᠤᠪᠢᠷᠠᠯᠲᠠ ᠶᠢ ᠪᠡᠶᠡᠯᠡᠭᠦᠯᠦᠨ᠎ᠡ᠃ | ᠲᠦᠷᠦᠯ ᠵᠦᠢᠯ ᠢ ᠴᠢᠩᠭ᠎ᠠ ᠠᠩᠬᠠᠷᠤᠨ᠎ᠠ᠃ ᠭᠤᠣᠯᠳᠠᠯᠭ᠎ᠠ ᠲᠠᠢ ᠲᠦᠷᠦᠯ ᠵᠦᠢᠯ ᠢ 1100 ᠠᠴᠠ ᠳᠡᠭᠡᠭᠰᠢ | ᠬᠡᠷᠡᠭᠵᠢᠭᠦᠯᠵᠦ᠂ 1200 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢ ᠪᠡᠶᠡᠯᠡᠭᠦᠯᠦᠨ᠎ᠡ | ᠂ ᠡᠭᠦᠨ ᠳᠤ 100 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠦᠷᠦᠯ ᠵᠦᠢᠯ 10᠂ 50 ᠳ᠋ᠦᠩᠰᠢᠭᠤᠷ | ᠲᠥᠭᠦᠷᠢᠭ ᠠᠴᠠ ᠳᠡᠭᠡᠭᠰᠢᠬᠢ ᠲᠦᠷᠦᠯ ᠵᠦᠢᠯ 30᠂ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠦᠷᠦᠯ | ᠵᠦᠢᠯ 154᠃ ᠲᠦᠷᠦᠯ ᠵᠦᠢᠯ ᠢ ᠠᠳᠬᠤᠬᠤ ᠶᠢ ᠪᠦᠬᠦ ᠬᠤᠲᠠ ᠶᠢᠨ ︽ᠲᠡᠷᠢᠭᠦᠨ ᠢᠨᠵᠧᠨᠧᠷᠢᠩ︾ ᠪᠣᠯᠭᠠᠬᠤ ᠶᠢ | ᠪᠠᠷᠢᠮᠲᠠᠯᠠᠵᠤ᠂ ︽ᠲᠦᠷᠦᠯ ᠵᠦᠢᠯ ᠢ ᠲᠡᠷᠢᠭᠦᠨ ᠳᠤ ᠲᠠᠯᠪᠢᠬᠤ᠂ ᠲᠦᠷᠦᠯ ᠵᠦᠢᠯ ᠢᠶᠠᠷ ᠭᠤᠣᠯ ᠪᠣᠯᠭᠠᠬᠤ︾ | ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠴᠢᠬᠤᠯᠠ ᠶᠡᠭᠡ ᠲᠦᠷᠦᠯ ᠵᠦᠢᠯ ᠢ ᠳᠠᠭᠠᠭᠠᠴᠢᠯᠠᠭᠤᠯᠬᠤ᠂ | ᠲᠣᠬᠢᠷᠠᠭᠤᠯᠬᠤ᠂ ᠪᠠᠲᠤᠯᠠᠬᠤ ᠲᠣᠭᠲᠠᠴᠠ ᠶᠢ ᠪᠠᠶᠢᠭᠤᠯᠵᠤ᠂ ᠡᠪᠦᠯ ᠤᠨ ᠤᠯᠠᠷᠢᠯ ᠳᠤ ᠭᠠᠷ ᠭᠦᠢᠴᠡᠳᠬᠡᠯ ᠢ | ᠱᠠᠯᠠᠪᠳᠠᠭᠤᠯᠵᠤ᠂ ᠬᠠᠪᠤᠷ ᠡᠬᠢᠯᠡᠮᠡᠭᠴᠡ ᠠᠵᠢᠯ ᠡᠬᠢᠯᠡᠭᠦᠯᠵᠦ᠂ ᠪᠦᠬᠦ ᠵᠢᠯ ᠳᠤ ᠪᠦᠲᠦᠭᠡᠨ ᠪᠠᠶᠢᠭᠤᠯᠤᠯᠲᠠ ᠶᠢ | ᠠᠳᠬᠤᠵᠤ᠂ ᠪᠦᠬᠦ ᠬᠤᠲᠠ ᠳᠤ ︽ᠲᠦᠷᠦᠯ ᠵᠦᠢᠯ ᠢ ᠶᠡᠬᠡᠪᠡᠷ ᠠᠳᠬᠤᠵᠤ᠂ ᠶᠡᠭᠡ ᠲᠦᠷᠦᠯ ᠵᠦᠢᠯ ᠢ ᠠᠳᠬᠤᠬᠤ︾ | ᠬᠦᠷ ᠬᠥᠭᠵᠢᠶᠡᠨ ᠲᠠᠢ ᠪᠦᠲᠦᠭᠡᠨ ᠪᠠᠶᠢᠭᠤᠯᠤᠯᠲᠠ ᠶᠢᠨ ᠠᠭᠤᠷ ᠠᠮᠢᠰᠬᠤᠯ ᠢ ᠦᠷᠭᠦᠯᠵᠢᠯᠡᠨ ᠪᠤᠢ ᠪᠣᠯᠭᠠᠨ᠎ᠠ᠃ | ᠬᠤᠳᠠᠯᠳᠤᠭᠠᠴᠢᠨ ᠤᠷᠢᠬᠤ ᠠᠵᠢᠯ ᠢ ᠠᠳᠬᠤᠨ᠎ᠠ᠃ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ | ᠵᠦᠢᠯ ᠢ 400 ᠠᠴᠠ ᠳᠡᠭᠡᠭᠰᠢ ᠣᠷᠣᠭᠤᠯᠵᠤ ᠠᠪᠴᠢᠷᠠᠨ᠂ 500 ᠳ᠋ᠦᠩᠰᠢᠭᠤᠷ ᠲᠥᠭᠦᠷᠢᠭ ᠠᠴᠠ ᠳᠡᠭᠡᠭᠰᠢᠬᠢ | ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠴᠢᠷᠮᠠᠶᠢᠨ᠎ᠠ᠃ ︽ᠪᠦᠭᠦᠳᠡ ᠣᠯᠠᠨ ᠢᠶᠠᠷ ᠢᠶᠠᠨ ᠬᠤᠳᠠᠯᠳᠤᠭᠠᠴᠢᠨ | ᠤᠷᠢᠬᠤ︾ ᠲᠣᠭᠲᠠᠴᠠ ᠶᠢ ᠬᠡᠷᠡᠭᠵᠢᠭᠦᠯᠵᠦ᠂ ᠬᠤᠳᠠᠯᠳᠤᠭᠠᠴᠢᠳ ᠤᠨ ᠡᠪᠯᠡᠯ᠂ ᠭᠤᠷᠪᠠᠳᠠᠭᠢ ᠡᠲᠡᠭᠡᠳ ᠤᠨ | ᠪᠠᠶᠢᠭᠤᠯᠤᠮᠵᠢ᠂ ᠬᠡᠯᠬᠢᠶᠡᠨ ᠤ ᠡᠵᠡᠨ ᠠᠵᠤ ᠠᠬᠤᠶᠢᠯᠠᠯ ᠵᠡᠷᠭᠡ ᠶᠢᠨ ᠦᠢᠯᠡᠳᠦᠯ ᠢ ᠪᠠᠳᠠᠷᠠᠭᠤᠯᠤᠨ᠂ ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ ᠲᠡᠶᠢᠨ ᠤ ᠲᠠᠯᠠᠪᠤᠷ ᠲᠤ ︽ᠨᠠᠢᠮᠠᠨ ᠠᠷᠰᠢ ᠲᠡᠯᠡᠶ ᠭᠡᠲᠦᠯᠬᠦ ᠳᠤ ᠥᠪᠡᠷ ᠥᠪᠡᠷ ᠤᠨ | ᠴᠢᠳᠠᠪᠤᠷᠢ ᠪᠠᠨ ᠪᠦᠷᠢᠨ ᠢᠯᠡᠷᠡᠭᠦᠯᠬᠦ︾ ᠬᠡᠷᠡᠭᠲᠡᠢ᠃ ︽ᠵᠢᠷᠭᠤᠭᠠᠨ ᠶᠡᠭᠡ ᠠᠵᠤ ᠦᠢᠯᠡᠰ ᠤᠨ ᠪᠦᠭᠡᠮᠨᠡᠷᠡᠯ︾ ᠤᠨ | ᠲᠣᠭᠤᠷᠢᠨ ᠳᠤ᠂ ᠪᠡᠭᠡᠵᠢᠩ ᠲᠢᠶᠠᠨᠵᠢᠨ ᠡᠾᠧᠪᠸᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ | ᠰᠢᠶᠠᠩᠭᠠᠩ ᠣᠣᠮᠧᠨ ᠵᠡᠷᠭᠡ ᠭᠠᠵᠠᠷ ᠣᠷᠣᠨ ᠢ ᠴᠢᠩᠭ᠎ᠠ ᠠᠩᠬᠠᠷᠴᠤ᠂ ᠳᠡᠯᠡᠬᠡᠢ ᠶᠢᠨ 500 ᠬᠦᠴᠦᠷᠬᠡᠭ᠂ ᠠᠵᠢᠯ | ᠲᠦᠷᠦᠯ ᠤᠨ ᠳᠠᠭᠠᠭᠤᠯᠤᠭᠴᠢ᠂ ᠰᠲ᠋ᠣᠺ ᠤᠨ ᠵᠠᠬ᠎ᠠ ᠳᠤ ᠭᠠᠷᠤᠭᠰᠠᠨ ᠺᠣᠮᠫᠠᠨᠢ᠂ ︽ᠭᠠᠭᠴᠠ ᠡᠪᠡᠷᠲᠦ ᠠᠮᠢᠲᠠᠨ︾ | ᠵᠡᠷᠭᠡ ᠠᠵᠤ ᠠᠬᠤᠶᠢᠯᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠷ ᠲᠠᠭᠠᠨ ᠵᠢᠷᠤᠭ ᠢ ᠠᠳᠬᠤᠵᠤ᠂ ᠭᠠᠷ ᠲᠠᠭᠠᠨ | ᠲᠣᠳᠤᠷᠬᠠᠢ ᠬᠠᠭᠤᠳᠠᠰᠤ ᠶᠢ ᠠᠳᠬᠤᠵᠤ᠂ ᠬᠠᠨᠳᠤᠯᠭᠠᠲᠤ ᠴᠢᠨᠠᠷ ᠲᠠᠢ ᠬᠤᠳᠠᠯᠳᠤᠭᠠᠴᠢᠨ ᠤᠷᠢᠵᠤ᠂ ᠤᠨᠢᠨ ᠳᠡᠭᠡᠷ᠎ᠡ | ᠨᠢ ᠬᠤᠳᠠᠯᠳᠤᠭᠠᠴᠢᠨ ᠤᠷᠢᠬᠤ ᠬᠡᠷᠡᠭᠲᠡᠢ᠃ ᠬᠦᠴᠦᠨ ᠵᠦᠢᠯ ᠨᠢ ᠲᠦᠷᠦᠯ ᠵᠦᠢᠯ ᠢ ᠳᠠᠭᠠᠵᠤ᠂ ᠦᠢᠯᠡᠴᠢᠯᠡᠭᠡ ᠨᠢ | ᠲᠦᠷᠦᠯ ᠵᠦᠢᠯ ᠢᠶᠠᠷ ᠭᠤᠣᠯᠳᠠᠭᠤᠯᠬᠤ ᠶᠢ ᠪᠠᠷᠢᠮᠲᠠᠯᠠᠵᠤ᠂ ᠠᠷᠭ᠎ᠠ ᠪᠦᠬᠦᠨ ᠢ ᠰᠦᠪᠡᠭᠴᠢᠯᠡᠨ ᠲᠦᠷᠦᠯ ᠵᠦᠢᠯ ᠢ | ᠨᠠᠶᠢᠳᠠᠪᠤᠷᠢᠵᠢᠭᠤᠯᠬᠤ ᠳᠤ ᠨᠥᠬᠦᠴᠡᠯ ᠪᠦᠷᠢᠯᠳᠦᠭᠦᠯᠦᠨ ᠥᠭᠴᠦ᠂ ᠬᠤᠳᠠᠯᠳᠤᠭᠠᠴᠢᠨ ᠤᠷᠢᠬᠤ ᠲᠦᠷᠦᠯ ᠵᠦᠢᠯ ᠢ ︽ | ᠨᠢᠭᠡ ᠶᠢ ᠲᠣᠭᠲᠠᠭᠠᠪᠠᠯ ᠨᠢᠭᠡ ᠶᠢ ᠨᠠᠶᠢᠳᠠᠪᠤᠷᠢᠵᠢᠭᠤᠯᠵᠤ᠂ ᠨᠢᠭᠡ ᠶᠢ ᠨᠠᠶᠢᠳᠠᠪᠤᠷᠢᠵᠢᠭᠤᠯᠪᠠᠯ ᠨᠢᠭᠡ ᠶᠢ ᠪᠦᠲᠦᠭᠡᠵᠦ᠂ | ᠨᠢᠭᠡ ᠶᠢ ᠪᠦᠲᠦᠭᠡᠪᠡᠯ ᠨᠢᠭᠡ ᠪᠦᠯᠦᠭ ᠢ ᠳᠠᠶᠢᠴᠢᠯᠠᠬᠤ︾ ᠶᠢ ᠪᠠᠲᠤᠯᠠᠨ᠎ᠠ᠃ | ᠣᠷᠴᠢᠨ ᠨᠦᠬᠦᠴᠡᠯ ᠢ ᠰᠢᠯᠢᠳᠡᠭᠵᠢᠬᠦᠯᠦᠨ᠎ᠡ᠃ ᠲᠡᠷᠢᠭᠦᠨ ᠵᠡᠷᠭᠡ ᠶᠢᠨ ᠪᠠᠷᠢᠮᠵᠢᠶ᠎ᠠ ᠲᠠᠢ ᠬᠠᠷᠢᠴᠠᠭᠤᠯᠵᠤ᠂ | ᠲᠡᠷᠢᠭᠦᠨ ᠤ ᠬᠢ ᠠᠴᠠ ᠰᠤᠷᠤᠯᠴᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠤᠨ ᠶᠡᠷᠦᠩᠬᠡᠶᠢᠯᠡᠭᠰᠡᠨ | ᠦᠨᠡᠯᠡᠯᠲᠡ ᠶᠢᠨ ᠨᠡᠷᠡᠰ ᠤᠨ ᠵᠢᠭᠰᠠᠭᠠᠯᠲᠠ ᠳᠤ ᠪᠥᠬᠦ ᠣᠷᠣᠨ ᠳᠤ ︽ ᠡᠮᠦᠨ᠎ᠡ ᠨᠢ ᠣᠷᠤᠵᠤ︾᠂ ᠪᠥᠬᠦ ᠤᠯᠤᠰ ᠲᠤ | ︽ᠣᠷᠣᠨ ᠳᠡᠪᠰᠢᠬᠦ ᠪᠠᠷ ᠴᠢᠷᠮᠠᠶᠢᠬᠤ︾ ᠶᠢ ᠲᠦᠯᠬᠢᠨ ᠠᠬᠢᠭᠤᠯᠤᠨ᠎ᠠ᠃ ᠠᠵᠤ ᠠᠬᠤᠶᠢᠯᠠᠯ ᠨᠡᠭᠡᠭᠡᠨ ᠡᠷᠬᠢᠯᠡᠬᠦ ᠳᠤ | ᠲᠤᠶᠢᠯ ᠤᠨ ᠲᠦᠬᠦᠮ ᠬᠢᠨᠠᠨ ᠵᠦᠪᠰᠢᠶᠡᠷᠡᠯᠲᠡ ᠶᠢ ᠶᠡᠬᠡᠪᠡᠷ ᠬᠡᠷᠡᠭᠵᠢᠭᠦᠯᠵᠦ᠂ ᠠᠵᠤ ᠠᠬᠤᠶᠢᠯᠠᠯ ᠨᠡᠭᠡᠭᠡᠨ | ᠡᠷᠬᠢᠯᠡᠬᠦ ᠳᠤ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ᠂ ᠨᠢᠭᠡ ᠴᠣᠩᠬᠤ ᠪᠠᠷ ᠨᠡᠶᠢᠳᠡᠮ ᠭᠦᠢᠴᠡᠳᠬᠡᠬᠦ᠂ | ᠬᠠᠭᠠᠰ ᠡᠳᠦᠷ ᠲᠤ ᠬᠦᠢᠴᠡᠳᠬᠡᠵᠦ ᠳᠠᠭᠤᠰᠬᠠᠬᠤ᠂ ᠥᠪᠡᠷ ᠤᠨ ᠦᠷᠳᠡᠭ ᠦᠭᠡᠢ ᠪᠠᠶᠢᠬᠤ︾ ᠶᠢ ᠪᠡᠶᠡᠯᠡᠭᠦᠯᠵᠦ᠂ | ᠵᠠᠬ᠎ᠠ ᠳᠡᠯᠭᠡᠭᠦᠷ ᠤᠨ ᠭᠤᠣᠯ ᠴᠣᠭᠴᠠ ᠶᠢ 4.5 ᠲᠦᠮᠡ ᠰᠢᠨ᠎ᠡ ᠪᠠᠷ ᠨᠡᠮᠡᠭᠳᠡᠭᠦᠯᠵᠦ᠂ 15% ᠪᠠᠷ ᠨᠡᠮᠡᠭᠳᠡᠭᠦᠯᠦᠨ᠎ᠡ | ᠃ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠢ ᠲᠠᠯ᠎ᠠ ᠶᠢᠨ ᠲᠣᠳᠣᠷᠬᠠᠢ ᠬᠠᠭᠤᠳᠠᠰᠤ ᠶᠢᠨ ᠳᠦᠷᠢᠮ ᠢ | ᠪᠦᠬᠦ ᠲᠠᠯ᠎ᠠ ᠪᠠᠷ ᠬᠡᠷᠡᠭᠵᠢᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠤᠯᠠᠨ ᠨᠡᠶᠢᠲᠡ ᠶᠢᠨ | ᠦᠢᠯᠡᠴᠢᠯᠡᠭᠡ ᠪᠠ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠬᠦᠷᠢᠶᠡᠨ ᠳᠤ ᠣᠷᠣᠬᠤ ᠶᠢ ᠲᠡᠮᠵᠢᠵᠤ᠂ ᠠᠷᠠᠳ ᠠᠴᠠ | ᠡᠵᠡᠩᠨᠡᠭᠰᠡᠨ ᠠᠵᠤ ᠠᠬᠤᠢ ᠶᠢᠨ ᠬᠦᠭᠵᠢᠯᠲᠡ ᠶᠢᠨ ᠳᠠᠯᠳᠠ ᠬᠦᠴᠦᠨ ᠢ ᠬᠦᠭᠵᠢᠭᠡᠨ᠎ᠡ᠃ ︽ᠠᠵᠤ ᠠᠬᠤᠶᠢᠯᠠᠯ ᠳᠤ | ᠣᠷᠣᠵᠤ ᠬᠠᠪᠰᠤᠷᠤᠨ ᠲᠡᠳᠬᠦᠬᠦ︾ ᠪᠠᠶᠢᠩᠭᠤ ᠶᠢᠨ ᠠᠵᠢᠯᠯᠠᠭ᠎ᠠ ᠶᠢ ᠥᠷᠨᠢᠭᠦᠯᠵᠦ᠂ ᠤᠯᠤᠰ᠂ ᠥᠪᠡᠷᠲᠡᠭᠡᠨ ᠵᠠᠰᠠᠬᠤ | ᠣᠷᠣᠨ ᠪᠠ ᠮᠠᠨ ᠤ ᠬᠤᠲᠠ ᠶᠢᠨ ᠨᠡᠶᠢᠲᠡᠯᠡᠭᠰᠡᠨ ᠠᠵᠤ ᠠᠬᠤᠢ ᠶᠢᠨ ᠬᠥᠭᠵᠢᠯᠲᠡ ᠶᠢ ᠲᠦᠯᠬᠢᠨ ᠠᠬᠢᠭᠤᠯᠬᠤ ︽ | ᠠᠯᠢ ᠣᠯᠠᠨ︾ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠠᠬᠢᠨ ᠨᠢᠭᠡ ᠪᠦᠯᠦᠭ ᠠᠵᠤ | ᠠᠬᠤᠶᠢᠯᠠᠯ ᠢ ᠳᠡᠮᠵᠢᠨ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠴᠠᠭ ᠲᠤᠨᠢ | ᠲᠣᠬᠢᠷᠠᠭᠤᠯᠤᠨ ᠨᠡᠶᠢᠲᠡᠯᠡᠨ᠎ᠡ᠃ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠳᠣᠲᠤᠨᠤ ᠪᠦᠭᠡᠳ ᠴᠡᠪᠡᠷ | ᠬᠠᠷᠢᠴᠠᠭ᠎ᠠ ᠶᠢ ᠪᠠᠶᠢᠭᠤᠯᠵᠤ᠂ ᠵᠠᠰᠠᠭ ᠤᠨ ᠣᠷᠳᠣᠨ ᠳᠠᠭᠤᠳᠠᠪᠠᠯ ᠵᠠᠪᠠᠯ ᠬᠠᠷᠢᠭᠤ ᠦᠭᠴᠦ᠂ ᠤᠴᠢᠷ ᠦᠭᠡᠢ ᠪᠣᠯ | ᠬᠠᠷᠰᠢᠯᠠᠬᠤ ᠦᠭᠡᠢ ᠪᠠᠶᠢᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠰᠡᠳᠬᠢᠯ ᠢ ᠲᠠᠶᠢᠪᠤᠰᠢᠷᠠᠭᠤᠯᠵᠤ᠂ | ᠰᠠᠨᠠᠭ᠎ᠠ ᠠᠮᠤᠷ ᠬᠥᠭᠵᠢᠭᠦᠯᠬᠦ ᠪᠠᠷ ᠴᠢᠷᠮᠠᠶᠢᠨ᠎ᠠ᠃ | ︵ᠬᠤᠶᠠᠷ︶ ᠵᠢᠷᠭᠤᠭᠠᠨ ᠶᠡᠭᠡ ᠠᠵᠤ ᠦᠢᠯᠡᠰ ᠤᠨ ᠪᠦᠭᠡᠮᠨᠡᠷᠡᠯ ᠢ ᠰᠢᠨᠲᠠᠷᠠᠰᠢ ᠦᠭᠡᠢ ᠪᠤᠵᠠᠭᠠᠶᠢᠷᠠᠭᠤᠯᠤᠨ | ᠬᠦᠴᠦᠷᠬᠡᠭᠵᠢᠭᠦᠯᠦᠨ᠎ᠡ | ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠠᠵᠤ | ᠦᠢᠯᠡᠰ ᠤᠨ ᠪᠦᠭᠡᠮᠨᠡᠷᠡᠯ ᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠭᠤᠣᠯᠳᠠᠯᠭ᠎ᠠ ᠲᠠᠢ ᠲᠥᠷᠥᠯ ᠵᠦᠢᠯ ᠢ | 94 ᠶᠢ ᠬᠡᠷᠡᠭᠵᠢᠬᠦᠯᠦᠨ᠎ᠡ᠃ ᠢᠯᠢ ᠶᠢᠨ ᠤᠳᠤ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ ᠶᠢᠨ ᠰᠢᠩᠭᠡᠨ | ᠰᠦ ᠶᠢᠨ ᠭᠤᠷᠪᠠᠳᠤᠭᠠᠷ ᠬᠤᠭᠤᠴᠠᠭᠠᠨ ᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠰᠦᠨ | ᠲᠠᠯᠬ᠎ᠠ ᠶᠢᠨ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ | ᠪᠢᠰᠢᠯᠠᠭ ᠤᠨ ᠦᠢᠯᠡᠳᠪᠦᠷᠢᠯᠡᠯ ᠤᠨ ᠲᠠᠰᠤᠭ ᠢ ᠪᠠᠶᠢᠭᠤᠯᠵᠤ᠂ 18 ᠲᠦᠮᠡᠨ ᠰᠠᠭᠠᠯᠢ ᠶᠢᠨ ᠦᠨᠢᠶ᠎ᠡ ᠶᠢᠨ ᠣᠶᠤᠨᠲᠤ | ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ᠎ᠡ︔ ᠮᠧᠩ ᠨᠢᠦ ᠶᠢᠨ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠤᠨ ᠶᠢᠰᠦᠳᠦᠭᠡᠷ | ᠬᠤᠭᠤᠴᠠᠭᠠᠨ ᠤ ᠰᠦᠨ ᠲᠠᠯᠬ᠎ᠠ ᠶᠢᠨ ᠲᠥᠷᠥᠯ ᠵᠦᠢᠯ ᠢ ᠪᠥᠬᠦ ᠲᠠᠯ᠎ᠠ ᠪᠠᠷ ᠪᠠᠶᠢᠭᠤᠯᠤᠨ ᠳᠠᠭᠤᠰᠬᠠᠵᠤ᠂ ᠵᠧᠩ | ᠶᠤᠸᠠᠨ ᠤ 4 ᠲᠦᠮᠡᠨ ᠰᠠᠭᠠᠯᠢ ᠶᠢᠨ ᠦᠨᠢᠶ᠎ᠡ ᠶᠢᠨ ᠮᠠᠯᠵᠢᠯ ᠤᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠵᠤ᠂ ᠱᠧᠩ ᠮᠦ ᠳᠣᠣᠷ᠎ᠠ ᠳᠤᠯᠠᠭᠠᠨ ᠤ ᠡᠳᠦᠷ ᠲᠤ 500 ᠲᠣᠨ ᠴᠠᠭᠠᠨ ᠢᠳᠡᠭᠡᠨ | ᠦᠢᠯᠡᠳᠪᠦᠷᠢᠯᠡᠬᠦ ᠵᠡᠷᠭᠡ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠨ᠎ᠠ︔ ᠱᠧᠩ ᠵᠢᠶᠠᠨ ᠤ 50 | ᠲᠦᠮᠡᠨ ᠰᠠᠭᠠᠯᠢ ᠶᠢᠨ ᠢᠮᠠᠭ᠎ᠠ᠂ ᠴᠢᠩ ᠱᠦᠢ ᠾᠧ ᠤᠨ 5 ᠲᠦᠮᠡᠨ ᠰᠠᠭᠠᠯᠢ ᠶᠢᠨ ᠢᠮᠠᠭ᠎ᠠ᠂ ᠵᠢᠶᠠ ᠭᠦᠸᠧ ᠯᠦᠩ | ᠭᠦᠩᠹᠦ᠋ ᠼᠠᠢ ᠲᠠᠰ ᠠᠴᠠ ᠳᠠᠪᠠᠭᠰᠠᠨ ᠲᠥᠪ ᠲᠣᠭᠤᠭᠠᠨ ᠭᠡᠷ ᠵᠡᠷᠭᠡ ᠲᠥᠷᠥᠯ ᠵᠦᠢᠯ ᠢ ᠪᠠᠶᠢᠭᠤᠯᠵᠤ | ᠳᠠᠭᠤᠰᠬᠠᠭᠠᠳ ᠠᠰᠢᠭᠯᠠᠯᠲᠠ ᠳᠤ ᠣᠷᠤᠭᠤᠯᠤᠨ᠎ᠠ︔ ᠵᠧᠩ ᠳ᠋ᠠ ᠢᠳᠡᠭᠡᠨ ᠤ ᠬᠤᠶᠠᠳᠤᠭᠠᠷ ᠬᠤᠭᠤᠴᠠᠭᠠᠨ ᠤ | ᠲᠥᠷᠥᠯ ᠵᠦᠢᠯ ᠢ ᠬᠡᠷᠡᠭᠵᠢᠭᠦᠯᠬᠦ ᠶᠢ ᠠᠬᠢᠭᠤᠯᠵᠤ᠂ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ︽ᠨᠡᠷ᠎ᠡ ᠶᠢᠨ ᠬᠠᠭᠤᠳᠠᠰᠤ︾ ᠶᠢ ᠨᠠᠩ ᠭᠢᠯᠠᠶᠢᠯᠭᠠᠨᠠ᠃ | ᠡᠯᠧᠺᠲᠷᠣᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ ᠪᠦᠭᠡᠮᠨᠡᠷᠡᠯ ᠢ ᠪᠦᠬᠦ | ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠭᠤᠣᠯᠳᠠᠯᠭ᠎ᠠ ᠲᠠᠢ ᠲᠦᠷᠦᠯ ᠵᠦᠢᠯ ᠢ 49 ᠶᠢ ᠬᠡᠷᠡᠭᠵᠢᠬᠦᠯᠦᠨ᠎ᠡ᠃ | ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ᠂ ᠥᠪᠥᠷ ᠮᠣᠩᠭᠤᠯ ᠤᠨ ᠬᠥᠳᠡᠭᠡ ᠲᠣᠰᠬᠤᠨ ᠤ ᠢᠳᠡᠭᠡᠮᠵᠢ ᠶᠢᠨ | ᠬᠤᠷᠰᠢᠶ᠎ᠠ ᠵᠡᠷᠭᠡ ᠶᠢᠨ ᠮᠥᠩᠭᠦᠨ ᠭᠦᠢᠯᠭᠡᠭᠡᠨ ᠤ ᠲᠤᠭ᠎ᠠ ᠪᠠᠷᠢᠮᠲᠠ ᠶᠢᠨ ᠲᠥᠪ ᠤᠨ ᠭᠤᠣᠯ ᠴᠣᠭᠴᠠ ᠶᠢᠨ ᠠᠵᠢᠯ ᠢ | ᠳᠠᠭᠤᠰᠬᠠᠵᠤ᠂ ᠳᠤᠮᠳᠠᠳᠤ ᠤᠯᠤᠰ ᠤᠨ ᠪᠠᠩᠬᠢ ᠶᠢᠨ ᠶᠡᠷᠦᠩᠬᠡᠢ ᠪᠠᠩᠬᠢ ᠶᠢᠨ ᠮᠥᠩᠭᠦᠨ ᠭᠦᠢᠯᠭᠡᠭᠡᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠲᠤᠭ᠎ᠠ ᠪᠠᠷᠢᠮᠲᠠ ᠶᠢᠨ ᠲᠥᠪ ᠢ ᠠᠰᠢᠭᠯᠠᠯᠲᠠ ᠳᠤ ᠣᠷᠤᠭᠤᠯᠬᠤ ᠶᠢ ᠠᠬᠢᠭᠤᠯᠤᠨ᠎ᠠ︔ | ᠰᠢᠯᠵᠢᠮᠡᠯ ᠬᠤᠯᠪᠣᠭᠠᠨ ᠤ ᠬᠤᠶᠠᠳᠤᠭᠠᠷ ᠬᠤᠭᠤᠴᠠᠭ᠎ᠠ ᠪᠠ ᠴᠠᠬᠢᠯᠭᠠᠨ ᠬᠤᠯᠪᠣᠭᠠᠨ ᠤ ᠬᠤᠶᠠᠳᠤᠭᠠᠷ ᠬᠤᠭᠤᠴᠠᠭᠠᠨ ᠤ | ᠲᠤᠭ᠎ᠠ ᠪᠠᠷᠢᠮᠲᠠ ᠶᠢᠨ ᠲᠥᠪ᠂ ᠰᠢᠨ ᠬᠤᠸᠠ ᠰᠠᠨ ᠤ ᠲᠥᠪ ᠲᠤᠷᠰᠢᠯᠲᠠ ᠶᠢᠨ ᠲᠠᠰᠤᠭ ᠵᠡᠷᠭᠡ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ︔ ᠬᠤᠸᠠ ᠸᠧᠢ ᠡᠭᠦᠯᠡᠨ ᠤ ᠬᠤᠷᠢᠨᠭᠡᠷ ᠤᠨ ᠲᠤᠭ᠎ᠠ ᠪᠠᠷᠢᠮᠳᠠ ᠶᠢᠨ | ᠲᠥᠪ᠂ ᠵᠠᠮ ᠬᠠᠷᠢᠯᠴᠠᠭᠠᠨ ᠤ ᠪᠠᠩᠬᠢ ᠶᠢᠨ ᠲᠤᠭ᠎ᠠ ᠪᠠᠷᠢᠮᠲᠠ ᠶᠢᠨ ᠲᠥᠪ᠂ ᠳᠤᠮᠳᠠᠳᠤ ᠤᠯᠤᠰ ᠤᠨ ᠪᠦᠲᠦᠭᠡᠨ | ᠪᠠᠶᠢᠭᠤᠯᠤᠯᠲᠠ ᠶᠢᠨ ᠪᠠᠩᠬᠢ ᠶᠢᠨ ᠲᠤᠭ᠎ᠠ ᠪᠠᠷᠢᠮᠲᠠ ᠶᠢᠨ ᠲᠥᠪ᠂ ᠤᠯᠤᠰ ᠤᠨ ᠴᠠᠭ ᠠᠭᠤᠷ ᠤᠨ ᠲᠣᠪᠴᠢᠶ᠎ᠠ ᠶᠢᠨ | ᠪᠠᠷᠠᠭᠤᠨ ᠣᠷᠣᠨ ᠤ ᠪᠤᠳᠤᠬᠤ ᠬᠦᠴᠦᠨ ᠤ ᠲᠥᠪ᠂ ᠴᠣᠣ ᠵᠢᠥᠢ ᠪᠢᠶᠠᠨ ᠦᠢᠯᠡᠴᠢᠯᠡᠭᠦᠷ᠂ ᠪᠢᠩ ᠰᠢᠩ ᠰᠢᠨᠵᠢᠯᠡᠬᠦ | ᠤᠬᠠᠭᠠᠨ ᠮᠡᠷᠭᠡᠵᠢᠯ ᠤᠨ ᠥᠪᠥᠷ ᠮᠣᠩᠭᠤᠯ ᠳᠠᠬᠢ ᠰᠢᠨ᠎ᠡ ᠬᠡᠯᠪᠡᠷᠢ ᠶᠢᠨ ᠪᠤᠳᠤᠬᠤ ᠬᠦᠴᠦᠨ ᠤ ᠰᠠᠭᠤᠷᠢᠨ ᠵᠡᠷᠭᠡ | ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠨ᠎ᠠ︔ ᠯᠢᠶᠠᠨ ᠰᠢᠶᠠᠩ ᠲᠤᠭ᠎ᠠ ᠪᠣᠳᠣᠯᠭ᠎ᠠ ᠶᠢᠨ ᠠᠵᠤ | ᠦᠢᠯᠡᠰ ᠤᠨ ᠬᠦᠷᠢᠶᠡᠯᠡᠩ᠂ ᠠᠯᠢ ᠶᠢᠨ ᠤᠶᠤᠨᠲᠤ ᠪᠣᠳᠣᠯᠭ᠎ᠠ ᠶᠢᠨ ᠲᠥᠪ᠂ ᠳᠤᠮᠳᠠᠳᠤ ᠤᠯᠤᠰ ᠤᠨ ᠡᠬᠢ | ᠪᠠᠶᠠᠯᠢᠭ ᠤᠨ ᠳᠠᠭᠠᠭᠤᠯᠢ ᠤᠳᠤᠨ ᠤ ᠬᠡᠷᠡᠭᠯᠡᠭᠡᠨ ᠤ ᠲᠥᠪ᠂ ᠥᠪᠥᠷ ᠮᠣᠩᠭᠤᠯ ᠤᠨ ᠲᠣᠮᠣ ᠳ᠋ᠠᠶᠢᠲ᠋ᠠ ᠶᠢᠨ | ᠠᠷᠠᠯᠵᠢᠶᠠᠨ ᠤ ᠲᠥᠪ ᠵᠡᠷᠭᠡ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠨᠡᠷ᠎ᠡ ᠨᠢᠳᠡᠷ ᠲᠡᠭᠡᠨ | ᠨᠡᠶᠢᠴᠡᠭᠰᠡᠨ ᠤᠯᠤᠰ ᠤᠨ ︽ᠵᠡᠭᠦᠨ ᠪᠡᠶ᠎ᠡ ᠶᠢᠨ ᠲᠤᠭ᠎ᠠ ᠶᠢ ᠪᠠᠷᠠᠭᠤᠨ ᠪᠡᠶ᠎ᠡ ᠳᠤ ᠪᠣᠲᠤᠬᠤ︾ ᠢᠨᠵᠧᠨᠧᠷᠢᠩ ᠤᠨ | ᠤᠮᠠᠷᠠᠲᠤ ᠶᠢᠨ ᠪᠣᠳᠣᠯᠭ᠎ᠠ ᠶᠢᠨ ᠬᠦᠴᠦᠨ ᠤ ᠲᠥᠪ ᠢ ᠪᠠᠶᠢᠭᠤᠯᠤᠨ᠎ᠠ᠃ | ᠰᠢᠨ᠎ᠡ ᠮᠠᠲ᠋ᠧᠷᠢᠶᠠᠯ ᠪᠠ ᠤᠳᠤ ᠦᠶ᠎ᠡ ᠶᠢᠨ ᠲᠣᠨᠣᠭᠯᠠᠯ ᠦᠢᠯᠡᠳᠬᠦ ᠠᠵᠤ ᠦᠢᠯᠡᠰ ᠤᠨ ᠪᠦᠭᠡᠮᠨᠡᠷᠡᠯ ᠢ ᠪᠦᠬᠦ | ᠬᠦᠴᠦᠨ ᠢᠶᠠᠷ ᠲᠦᠯᠬᠢᠨ ᠠᠬᠢᠭᠤᠯᠵᠤ᠂ ᠭᠤᠣᠯᠳᠠᠯᠭ᠎ᠠ ᠲᠠᠢ ᠲᠦᠷᠦᠯ ᠵᠦᠢᠯ ᠢ 52 ᠢ ᠬᠡᠷᠡᠭᠵᠢᠬᠦᠯᠦᠨ᠎ᠡ᠃ ᠰᠢᠨ | ᠬᠤᠸᠠᠨ ᠤ 10 ᠲᠦᠮᠡᠨ ᠲᠣᠨ ᠮᠥᠬᠦᠯᠢᠭᠲᠦ ᠴᠠᠬᠢᠭᠤᠷ᠂ ᠰᠢᠨ ᠬᠤᠸᠠᠨ ᠤ 1 ᠲᠦᠮᠡᠨ ᠲᠣᠨ ᠡᠯᠧᠺᠲᠷᠣᠨ ᠤ | ᠲᠠᠰ ᠤᠨ ᠣᠯᠠᠨ ᠲᠠᠯᠠᠰᠲᠤ ᠴᠠᠬᠢᠭᠤᠷ᠂ ᠵᠦᠩ ᠬᠤᠸᠠᠨ ᠯᠢᠩ ᠰᠢᠶᠠᠨ ᠬᠠᠭᠠᠰ ᠳᠠᠮᠵᠢᠭᠤᠯᠤᠭᠴᠢ ᠶᠢᠨ ᠬᠤᠶᠠᠳᠤᠭᠠᠷ | ᠬᠤᠭᠤᠴᠠᠭ᠎ᠠ᠂ ᠵᠦᠩ ᠵᠢᠩ ᠤᠨ ᠥᠨᠳᠥᠷ ᠴᠢᠳᠠᠪᠬᠢᠲᠤ ᠨᠡᠭᠦᠷᠡᠰᠦᠨ ᠰᠢᠷᠬᠡᠭᠯᠢᠭ ᠵᠢᠴᠢ ᠤᠰᠤᠲᠥ᠋ᠷᠥᠭᠴᠢ ᠬᠡᠢ ᠶᠢᠨ | ᠯᠣᠩᠬᠤ᠂ ᠶᠤᠸᠠᠨ ᠵᠢᠩ ᠤᠨ ᠣᠶᠤᠨᠴᠢ ᠦᠢᠯᠡᠳᠬᠦ ᠠᠵᠤ ᠦᠢᠯᠡᠰ ᠤᠨ ᠬᠦᠷᠢᠶᠡᠯᠡᠩ᠂ ᠺᠠᠢ ᠸᠧ ᠰᠢᠨ᠎ᠡ | ᠡᠨᠧᠷᠭᠢ ᠶᠢᠨ ᠮᠠᠰᠢᠨ ᠲᠡᠷᠭᠡ ᠵᠡᠷᠭᠡ ᠲᠥᠷᠥᠯ ᠵᠦᠢᠯ ᠢ ᠪᠠᠶᠢᠭᠤᠯᠤᠨ ᠪᠦᠲᠦᠭᠡᠵᠦ ᠠᠰᠢᠭᠯᠠᠯᠲᠠ ᠳᠤ ᠣᠷᠣᠭᠤᠯᠬᠤ ᠶᠢ | ᠠᠬᠢᠭᠤᠯᠤᠨ᠎ᠠ︔ ᠵᠧᠩ ᠲᠠᠢ ᠶᠢᠨ ᠤᠶᠤᠨᠴᠢ ᠦᠢᠯᠡᠳᠬᠦ ᠦᠢᠯᠡᠰ᠂ ᠬᠤᠸᠠ ᠶᠣᠣ ᠶᠢᠨ ᠭᠤᠷᠪᠠᠳᠤᠭᠠᠷ | ᠬᠤᠭᠤᠴᠠᠭ᠎ᠠ᠂ ᠹᠦ᠋ ᠮᠢᠩ ᠤᠨ ᠭᠡᠷᠡᠯ ᠴᠡᠨᠡᠭ ᠤᠨ ᠤᠶᠤᠨᠴᠢ ᠦᠢᠯᠡᠳᠬᠦ ᠠᠵᠤ ᠦᠢᠯᠡᠰ ᠤᠨ ᠬᠦᠷᠢᠶᠡᠯᠡᠩ᠂ ᠲᠢᠶᠠᠨ | ᠬᠤᠤ ᠶᠢᠨ 60 ᠲᠦᠮᠡᠨ ᠲᠣᠨ ᠤ ᠰᠢᠯ ᠰᠢᠷᠬᠡᠭ ᠦᠢᠯᠡᠳᠬᠦ᠂ ᠭᠦᠸᠧ ᠵᠢᠶᠠ ᠶᠢᠨ ᠨᠠᠨᠤᠮᠧᠲᠷ ᠤᠨ ᠴᠠᠬᠢᠭᠤᠷ | ᠨᠡᠭᠦᠷᠡᠰᠦᠲᠥ᠋ᠷᠥᠭᠴᠢ ᠶᠢᠨ ᠪᠢᠯᠢᠭ ᠲᠤᠶᠢᠯ ᠤᠨ ᠮᠠᠲ᠋ᠧᠷᠢᠶᠠᠯ᠂ ᠵᠦᠩ ᠯᠢ ᠶᠢᠨ ᠭᠤᠷᠪᠠᠳᠤᠭᠠᠷ ᠬᠤᠭᠤᠴᠠᠭ᠎ᠠ᠂ ᠱᠧᠩ | ᠹᠠᠨ ᠤ ᠳᠥᠷᠪᠡᠳᠦᠭᠡᠷ ᠬᠤᠭᠤᠴᠠᠭ᠎ᠠ ᠵᠡᠷᠭᠡ ᠲᠦᠷᠦᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠰᠢᠨ᠎ᠡ | ᠮᠠᠲ᠋ᠧᠷᠢᠶᠠᠯ ᠪᠠ ᠤᠳᠤ ᠦᠶ᠎ᠡ ᠶᠢᠨ ᠲᠣᠨᠣᠭᠯᠠᠯ ᠦᠢᠯᠡᠳᠬᠦ ᠠᠵᠤ ᠦᠢᠯᠡᠰ ᠢ ᠪᠦᠬᠦ ᠤᠯᠤᠰ ᠲᠤ ᠣᠷᠣᠨ ᠪᠠᠶᠢᠷᠢ ᠲᠠᠢ | ᠪᠣᠯᠭᠠᠨ᠎ᠠ᠃ | ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠪᠦᠭᠡᠮᠨᠡᠷᠡᠯ ᠢ ᠪᠥᠬᠦ ᠬᠦᠴᠦᠨ ᠢᠶᠠᠷ ᠢᠶᠠᠨ | ᠲᠦᠯᠬᠢᠨ ᠠᠬᠢᠭᠤᠯᠵᠤ᠂ ᠭᠤᠣᠯᠳᠠᠯᠭ᠎ᠠ ᠲᠠᠢ ᠲᠥᠷᠥᠯ ᠵᠦᠢᠯ ᠢ 32 ᠢ ᠬᠡᠷᠡᠭᠵᠢᠬᠦᠯᠦᠨ᠎ᠡ᠃ ᠪᠦᠸᠧ ᠬᠤᠶ ᠴᠤᠸᠠᠩ | ᠰᠢᠨ ᠤ ᠠᠮᠢᠳᠤ ᠪᠣᠳᠠᠰ ᠤᠨ ᠮᠡᠷᠭᠡᠵᠢᠯ ᠤᠨ ᠠᠵᠤ ᠦᠢᠯᠡᠰ ᠤᠨ ᠰᠠᠭᠤᠷᠢᠨ ᠭᠠᠵᠠᠷ᠂ ᠶᠢᠨ ᠾᠧ ᠠᠮᠢᠳᠤ ᠪᠣᠳᠠᠰ ᠤᠨ | ᠥᠨᠳᠥᠷ ᠦᠷ᠎ᠡ ᠠᠰᠢᠭᠲᠤ ᠰᠢᠷ᠎ᠠ ᠬᠦᠬᠡᠴᠦ ᠡᠳ᠋᠂ ᠺᠧ ᠲᠦᠸᠧ ᠤᠨ ᠢᠳᠡᠭᠡᠨ ᠤ ᠠᠰᠢᠭᠲᠤ ᠪᠠᠺᠲ᠋ᠧᠷᠢ᠂ ᠳ᠋ᠠ | ᠲᠠᠩ ᠡᠮ ᠤᠨ ᠦᠢᠯᠡᠰ ᠤᠨ ᠡᠷᠡᠭᠦᠯ ᠮᠡᠨᠳᠦ ᠶᠢᠨ ᠠᠵᠤ ᠦᠢᠯᠡᠰ ᠤᠨ ᠬᠦᠷᠢᠶᠡᠯᠡᠩ ᠵᠡᠷᠭᠡ ᠲᠥᠷᠥᠯ ᠵᠦᠢᠯ ᠢ | ᠪᠦᠲᠦᠭᠡᠨ ᠪᠠᠶᠢᠭᠤᠯᠵᠤ ᠠᠰᠢᠭᠯᠠᠯᠲᠠ ᠳᠤ ᠣᠷᠣᠭᠤᠯᠤᠨ᠎ᠠ︔ ᠱᠤᠸᠠᠩ ᠴᠢ ᠡᠮ ᠤᠨ ᠦᠢᠯᠡᠰ ᠤᠨ ᠠᠮᠢᠳᠤ | ᠪᠣᠳᠠᠰ ᠤᠨ ᠣᠶᠤᠨᠴᠢ ᠦᠢᠯᠡᠳᠬᠦ ᠠᠵᠤ ᠦᠢᠯᠡᠰ ᠤᠨ ᠬᠦᠷᠢᠶᠡᠯᠡᠩ᠂ ᠶᠢᠨ ᠢᠦᠢ ᠶᠢᠨ ᠮᠠᠯ ᠳᠤ ᠬᠡᠷᠡᠭᠯᠡᠬᠦ | ᠸᠠᠺᠼᠢᠨ ᠤ ᠣᠶᠤᠨᠴᠢ ᠦᠢᠯᠡᠳᠬᠦ ᠵᠢᠱᠢᠶ᠎ᠡ ᠦᠵᠡᠭᠦᠯᠬᠦ ᠦᠢᠯᠡᠳᠪᠦᠷᠢ᠂ ᠢ ᠳ᠋ᠦᠸᠧ ᠯᠢ ᠶᠢᠨ ᠠᠮᠢᠳᠤ ᠪᠣᠳᠠᠰ ᠤᠨ | ᠢᠰᠬᠡᠭᠦᠷ ᠤᠨ ᠨᠠᠶᠢᠷᠠᠯᠭ᠎ᠠ᠂ ᠵᠦᠩ ᠮᠦ ᠠᠮᠢᠳᠤ ᠪᠣᠳᠠᠰ ᠤᠨ ᠲᠣᠮᠣ ᠴᠠᠭᠠᠷᠢᠭᠲᠤ ᠯᠠᠺᠲ᠋ᠤᠨ᠂ ᠫᠦ᠋ ᠽᠧ ᠠᠮᠢᠳᠤ | ᠪᠣᠳᠠᠰ ᠤᠨ ᠤᠯᠤᠰ ᠤᠨ ᠠᠰᠢᠭᠲᠤ ᠪᠠᠺᠲ᠋ᠧᠷᠢ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ᠂ | ᠮᠣᠩᠭᠤᠯ ᠡᠮ ᠤᠨ ᠨᠠᠶᠢᠷᠠᠯᠭ᠎ᠠ ᠶᠢᠨ ᠲᠥᠪ ᠵᠡᠷᠭᠡ ᠲᠥᠷᠥᠯ ᠵᠦᠢᠯ ᠢ ᠠᠵᠢᠯ ᠡᠬᠢᠯᠡᠭᠦᠯᠦᠨ ᠪᠠᠶᠢᠭᠤᠯᠵᠤ᠂ ᠠᠮᠢᠳᠤ | ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠢ ᠪᠥᠬᠦ ᠣᠷᠣᠨ᠂ ᠪᠥᠬᠦ ᠤᠯᠤᠰ ᠲᠤ ᠨᠡᠷ᠎ᠡ ᠠᠯᠳᠠᠷ ᠲᠠᠢ ᠪᠣᠯᠭᠠᠨ᠎ᠠ᠃ | | ᠣᠳᠣ ᠦᠶ᠎ᠡ ᠶᠢᠨ ᠬᠢᠮᠢ ᠶᠢᠨ ᠠᠵᠤ ᠦᠢᠯᠡᠰ ᠤᠨ ᠪᠦᠭᠡᠮᠨᠡᠷᠡᠯ ᠢ ᠪᠦᠬᠦ ᠬᠦᠴᠦᠨ ᠢᠶᠠᠷ ᠢᠶᠠᠨ ᠲᠦᠯᠬᠢᠨ | ᠠᠬᠢᠭᠤᠯᠵᠤ᠂ ᠭᠤᠣᠯᠳᠠᠯᠭ᠎ᠠ ᠲᠠᠢ ᠲᠦᠷᠦᠯ ᠵᠦᠢᠯ ᠢ 19 ᠶᠢ ᠬᠡᠷᠡᠭᠵᠢᠬᠦᠯᠦᠨ᠎ᠡ᠃ ᠰᠢᠦᠢ ᠶᠠᠩ ᠤᠨ 300 ᠲᠦᠮᠡᠨ | ᠲᠣᠨ ᠬᠡᠦᠷᠰᠢᠭᠦᠯᠬᠦ ᠵᠢᠴᠢ ᠤᠰᠤᠲᠥ᠋ᠷᠥᠭᠴᠢ ᠦᠢᠯᠡᠳᠬᠦ᠂ ᠵᠢᠦ ᠲᠠᠢ ᠶᠢᠨ 100 ᠲᠦᠮᠡᠨ ᠲᠣᠨ ᠨᠡᠭᠦᠷᠡᠰᠦ ᠪᠠᠷ | ᠡᠲ᠋ᠠ ᠬᠤᠶᠠᠷᠴᠢ ᠠᠯᠺᠣᠣᠯ ᠦᠢᠯᠡᠳᠬᠦ᠂ ᠳᠤᠮᠳᠠᠳᠤ ᠤᠯᠤᠰ ᠤᠨ ᠴᠢᠯᠠᠭᠤᠨ ᠲᠣᠰᠤᠨ ᠤ ᠬᠥᠬᠡᠬᠤᠲᠠ ᠶᠢᠨ | ᠴᠢᠯᠠᠭᠤᠨ ᠲᠣᠰᠤ ᠬᠢᠮᠢ ᠶᠢᠨ ᠺᠤᠮᠫᠠᠨᠢ ᠶᠢᠨ 500 ᠲᠦᠮᠡᠨ ᠲᠣᠨ ᠲᠣᠰᠣ ᠪᠣᠯᠪᠠᠰᠤᠷᠠᠭᠤᠯᠬᠤ ᠵᠡᠷᠭᠡ ᠲᠦᠷᠦᠯ ᠵᠦᠢᠯ | ᠦᠢᠯᠡᠳᠪᠦᠷᠢᠯᠡᠯ ᠢᠶᠠᠨ ᠪᠡᠶᠡᠯᠡᠭᠦᠯᠵᠦ ᠦᠷ᠎ᠡ ᠠᠰᠢᠭ ᠣᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ︔ ᠰᠠᠨ | ᠯᠢᠶᠠᠨ ᠬᠢᠮᠢ ᠶᠢᠨ ᠠᠵᠤ ᠦᠢᠯᠡᠳᠪᠦᠷᠢ ᠶᠢᠨ ᠴᠠᠬᠢᠯᠠᠭᠤᠷ ᠴᠢᠯᠠᠭᠤᠨ ᠵᠤᠤᠬ᠎ᠠ ᠶᠢ ᠨᠡᠭᠦᠯᠭᠡᠬᠦ ᠮᠡᠷᠭᠡᠵᠢᠯ ᠤᠨ | ᠥᠭᠡᠷᠡᠴᠢᠯᠡᠯᠲᠡ᠂ ᠲᠢᠶᠠᠨ ᠲᠠᠢ ᠬᠢᠮᠢ ᠶᠢᠨ ᠠᠵᠤ ᠦᠢᠯᠡᠳᠪᠦᠷᠢ ᠶᠢᠨ ᠲᠡᠰ ᠳᠡᠪᠰᠢᠭᠦᠯᠦᠨ ᠦᠭᠡᠷᠡᠴᠢᠯᠡᠬᠦ ᠵᠡᠷᠭᠡ | ᠲᠦᠷᠦᠯ ᠵᠦᠢᠯ ᠢ ᠪᠠᠶᠢᠭᠤᠯᠵᠤ ᠠᠰᠢᠭᠯᠠᠯᠲᠠ ᠳᠤ ᠣᠷᠤᠭᠤᠯᠤᠨ᠎ᠠ︔ ᠰᠢᠩ ᠲᠠᠢ ᠶᠢᠨ 30 ᠲᠦᠮᠡᠨ ᠲᠣᠨ BDO | ᠂ ᠮᠧᠩ ᠯᠢᠶᠠᠨ ᠬᠢᠮᠢ ᠶᠢᠨ ᠠᠵᠤ ᠦᠢᠯᠡᠳᠪᠦᠷᠢ ᠶᠢᠨ 30 ᠲᠦᠮᠡᠨ ᠲᠣᠨ ᠰᠢᠩᠭᠡᠨᠵᠢᠭᠦᠯᠦᠭᠰᠡᠨ ᠬᠡᠢ ᠶᠢ ᠨᠠᠷᠢᠯᠢᠭ | ᠡᠳ᠋ᠰᠢᠭᠦᠯᠬᠦ ᠵᠡᠷᠭᠡ ᠲᠥᠷᠥᠯ ᠵᠦᠢᠯ ᠢ ᠲᠦᠷᠭᠡᠳᠬᠡᠨ ᠪᠦᠲᠦᠭᠡᠨ ᠪᠠᠶᠢᠭᠤᠯᠤᠨ᠎ᠠ︔ ᠳᠤᠮᠳᠠᠳᠤ ᠤᠯᠤᠰ ᠤᠨ ᠴᠢᠯᠠᠭᠤᠨ | ᠲᠣᠰᠣᠨ ᠤ ᠬᠥᠬᠡᠬᠤᠲᠠ ᠶᠢᠨ ᠴᠢᠯᠠᠭᠤᠨ ᠲᠣᠰᠤ ᠬᠢᠮᠢ ᠶᠢᠨ ᠠᠵᠤ ᠦᠢᠯᠡᠳᠪᠦᠷᠢ ᠶᠢᠨ ᠪᠥᠭᠡᠭᠡᠨᠡᠷᠡᠯ ᠮᠧᠲ᠋ᠠᠨᠠᠯ ᠢ ᠲᠠᠰ | ᠳᠡᠪᠰᠢᠭᠦᠯᠦᠨ ᠥᠭᠡᠷᠡᠴᠢᠯᠡᠬᠦ᠂ ᠰᠢᠩ ᠲᠠᠢ ᠶᠢᠨ ᠪᠦᠲ᠋ᠢᠷᠤᠯᠠᠺᠲ᠋ᠤᠨ ᠵᠡᠷᠭᠡ ᠲᠥᠷᠥᠯ ᠵᠦᠢᠯ ᠢ ᠬᠡᠷᠡᠭᠵᠢᠭᠦᠯᠬᠦ ᠶᠢ | ᠠᠬᠢᠭᠤᠯᠵᠤ᠂ ᠣᠳᠣᠬᠢᠴᠢᠯᠠᠭᠰᠠᠨ ᠠᠵᠤ ᠦᠢᠯᠡᠳᠪᠦᠷᠢ ᠶᠢᠨ ᠳᠡᠭᠡᠳᠦ ᠳᠡᠰᠴᠢᠯᠡᠭᠰᠡᠨ᠂ ᠣᠯᠠᠨ ᠡᠰᠢᠵᠢᠭᠰᠡᠨ᠂ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠰᠢᠨ᠎ᠡ ᠵᠠᠮ ᠢ ᠨᠡᠭᠡᠭᠡᠨ᠎ᠡ᠃ | ᠴᠡᠪᠡᠷ ᠡᠨᠧᠷᠭᠢ ᠶᠢᠨ ᠠᠵᠤ ᠦᠢᠯᠡᠰ ᠤᠨ ᠪᠦᠭᠡᠮᠨᠡᠷᠡᠯ ᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ | ᠭᠤᠣᠯᠳᠠᠯᠭ᠎ᠠ ᠲᠠᠢ ᠲᠦᠷᠦᠯ ᠵᠦᠢᠯ ᠢ 42 ᠢ ᠬᠡᠷᠡᠭᠵᠢᠬᠦᠯᠦᠨ᠎ᠡ᠃ ᠳ᠋ᠠ ᠲᠠᠩ ᠤᠨ 200 ᠲᠦᠮᠡᠨ ᠺᠢᠯᠣᠸᠠᠲ ᠤᠨ | ᠰᠢᠨ᠎ᠡ ᠡᠨᠧᠷᠭᠢ ᠶᠢ ᠨᠡᠶᠢᠯᠡᠭᠦᠯᠵᠦ ᠭᠠᠳᠠᠭᠰᠢ ᠬᠦᠷᠭᠡᠬᠦ᠂ ᠴᠢᠩ ᠱᠦᠢ ᠾᠧ ᠤᠨ ᠯᠢᠶᠠᠨ ᠡᠾᠧ ᠰᠢᠨ᠎ᠡ ᠡᠨᠧᠷᠭᠢ ᠶᠢᠨ | ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ᠂ ᠬᠥᠬᠡᠬᠤᠲᠠ ᠶᠢᠨ ᠢᠯᠴᠢ ᠴᠠᠬᠢᠯᠭᠠᠨ ᠤ ᠦᠢᠯᠡᠳᠪᠦᠷᠢ ᠶᠢᠨ ᠠᠮᠢᠳᠤᠯᠢᠭ | ᠴᠢᠨᠠᠷᠲᠠᠢ ᠥᠭᠡᠷᠡᠴᠢᠯᠡᠯᠲᠡ ᠵᠡᠷᠭᠡ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠨ᠎ᠠ | ︔ ᠵᠢᠨᠱᠠᠨ ᠴᠠᠬᠢᠯᠭᠠᠨ ᠤ ᠦᠢᠯᠡᠳᠪᠦᠷᠢ ᠶᠢᠨ ᠭᠤᠷᠪᠠᠳᠤᠭᠠᠷ ᠬᠤᠭᠤᠴᠠᠭ᠎ᠠ᠂ ᠬᠥᠬᠡᠬᠤᠲᠠ ᠶᠢᠨ ᠤᠰᠤ ᠲᠠᠲᠠᠵᠤ | ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠶᠢᠨ ᠬᠤᠶᠠᠳᠤᠭᠠᠷ ᠬᠤᠭᠤᠴᠠᠭ᠎ᠠ᠂ ᠵᠦᠩ ᠳ᠋ᠢᠶᠠᠨ ᠴᠦ᠋ ᠨᠧᠩ | ᠲᠤᠰᠠᠭᠠᠷ ᠬᠠᠮᠲᠤᠪᠠᠷ ᠡᠳ᠋ᠯᠡᠬᠦ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠵᠡᠷᠭᠡ ᠲᠥᠷᠥᠯ ᠵᠦᠢᠯ ᠢ ᠠᠵᠢᠯ | ᠡᠬᠢᠯᠡᠭᠦᠯᠦᠨ ᠪᠦᠲᠦᠭᠡᠨ ᠪᠠᠶᠢᠭᠤᠯᠤᠨ᠎ᠠ︔ ᠴᠢᠩ ᠱᠦᠢ ᠾᠧ ᠤᠨ ᠤᠰᠤ ᠲᠠᠲᠠᠵᠤ ᠡᠨᠧᠷᠭᠢ ᠬᠠᠳᠠᠭᠠᠯᠠᠬᠤ | ᠴᠠᠬᠢᠯᠭᠠᠨ ᠦᠷᠳᠡᠭᠡ ᠶᠢ ᠤᠯᠤᠰ ᠤᠨ ᠲᠥᠯᠦᠪᠵᠢᠭᠦᠯᠭᠡ ᠳᠤ ᠣᠷᠣᠭᠤᠯᠬᠤ ᠶᠢ ᠠᠬᠢᠭᠤᠯᠤᠨ᠎ᠠ︔ ᠭᠠᠨ ᠹᠧᠩ | ᠯᠢᠲ᠋ᠢ ᠶᠢᠨ ᠦᠢᠯᠡᠰ ᠤᠨ 10GW ᠯᠢᠲ᠋ᠢ ᠶᠢᠨ ᠳ᠋ᠢᠶᠠᠨ ᡂᠢ᠂ ᠰᠠᠨ ᠢ ᠬᠦᠨᠳᠦ ᠠᠵᠤ ᠦᠢᠯᠡᠳᠪᠦᠷᠢ ᠶᠢᠨ ᠰᠢᠨ᠎ᠡ | ᠡᠨᠧᠷᠭᠢ ᠶᠢᠨ ᠬᠦᠨᠳᠦ ᠬᠡᠯᠪᠡᠷᠢ ᠶᠢᠨ ᠠᠴᠢᠶᠠᠨ ᠤ ᠮᠠᠰᠢᠨ ᠵᠡᠷᠭᠡ ᠲᠥᠷᠥᠯ ᠵᠦᠢᠯ ᠢ ᠬᠡᠷᠡᠭᠵᠢᠭᠦᠯᠬᠦ ᠶᠢ ᠠᠬᠢᠭᠤᠯᠵᠤ᠂ | ᠪᠥᠬᠦ ᠣᠷᠣᠨ ᠤ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠬᠡᠪ ᠵᠠᠭᠪᠤᠷ ᠢ ᠪᠣᠶ ᠪᠣᠯᠭᠠᠨ᠎ᠠ᠃ | | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠣᠯ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ︽ | ᠭᠤᠣᠯ ᠳᠠᠶᠢᠨ ᠤ ᠲᠠᠯᠠᠪᠤᠷ︾ ᠪᠣᠯᠤᠨ᠎ᠠ᠂ ᠪᠢᠳᠡ ᠭᠤᠣᠯ ᠠᠵᠢᠯ ᠢ ᠠᠳᠬᠤᠬᠤ᠂ ᠰᠠᠭᠤᠷᠢ ᠶᠢ ᠴᠢᠩᠭᠠᠳᠬᠠᠬᠤ᠂ | ᠦᠷ᠎ᠡ ᠠᠰᠢᠭ ᠢ ᠳᠡᠭᠡᠭᠰᠢᠯᠡᠭᠦᠯᠬᠦ ᠪᠠᠷ ᠳᠠᠮᠵᠢᠭᠤᠯᠵᠤ᠂ ᠬᠦᠷᠢᠶᠡᠯᠡᠩ ᠲᠣᠭᠤᠷᠢᠭ ᠢ ᠦᠨᠡᠨᠬᠦ ᠠᠵᠤ ᠦᠢᠯᠡᠳᠪᠦᠷᠢ ᠶᠢᠨ | ᠴᠢᠨᠠᠷ ᠰᠠᠶᠢᠲᠠᠢ ᠬᠥᠭᠵᠢᠯᠲᠡ ᠳᠤ ︽ᠲᠦᠷᠦᠭᠦᠯᠡᠭᠦᠯᠵᠦ᠂ ᠭᠤᠣᠯ ᠳᠦᠷᠢ ᠶᠢ ᠲᠣᠭᠯᠠᠭᠤᠯᠤᠨ᠎ᠠ︾᠃ ᠵᠢᠨᠱᠠᠨ | ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠰᠦ ᠶᠢᠨ ᠦᠢᠯᠡᠰ᠂ ᠰᠢᠨ᠎ᠡ ᠮᠠᠲ᠋ᠧᠷᠢᠶᠠᠯ᠂ ᠴᠢᠯᠠᠭᠤᠨ ᠲᠣᠰᠣᠨ ᠤ | ᠬᠢᠮᠢ ᠶᠢᠨ ᠠᠵᠤ ᠦᠢᠯᠡᠳᠪᠦᠷᠢ᠂ ᠠᠮᠢᠳᠤ ᠪᠣᠳᠠᠰ ᠤᠨ ᠡᠮ ᠡᠮᠨᠡᠯᠭᠡ᠂ ᠮᠡᠳᠡᠭᠡ ᠵᠠᠩᠭᠢ ᠶᠢᠨ ᠮᠡᠷᠭᠡᠵᠢᠯ ᠵᠡᠷᠭᠡ ᠠᠵᠤ | ᠦᠢᠯᠡᠰ ᠢ ᠶᠡᠬᠡᠪᠡᠷ ᠬᠥᠭᠵᠢᠭᠦᠯᠵᠦ᠂ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠢ 1450 | ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠵᠦ᠂ 30% ᠪᠠᠷ ᠨᠡᠮᠡᠭᠳᠡᠭᠦᠯᠦᠨ᠎ᠡ᠃ ᠵᠢᠨᠴᠢᠶᠤᠤ ᠠᠵᠤ | ᠠᠬᠤᠶ ᠶᠢᠨ ᠨᠡᠭᠡᠭᠡᠯᠲᠡ ᠶᠢᠨ ᠲᠣᠭᠤᠷᠢᠭ ᠲᠡᠷᠢᠭᠦᠨ ᠤ ᠴᠠᠬᠢᠭᠤᠷ ᠤᠨ ᠮᠠᠲ᠋ᠧᠷᠢᠶᠠᠯ᠂ ᠴᠢᠯᠠᠭᠤᠨ ᠲᠣᠰᠣ ᠬᠢᠮᠢ ᠶᠢᠨ | ᠠᠵᠤ ᠦᠢᠯᠡᠳᠪᠦᠷᠢ ᠵᠢᠴᠢ ᠣᠷᠭᠠᠨᠢᠭ ᠰᠢᠨ᠎ᠡ ᠮᠠᠲ᠋ᠧᠷᠢᠶᠠᠯ ᠵᠡᠷᠭᠡ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠠᠵᠤ | ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠢ 1100 ᠳ᠋ᠦᠩᠰᠢᠭᠤᠷ ᠲᠥᠭᠦᠷᠢᠭ ᠠᠴᠠ ᠳᠡᠭᠡᠭᠰᠢ | ᠪᠡᠶᠡᠯᠡᠭᠦᠯᠵᠦ᠂ 28% ᠪᠠᠷ ᠨᠡᠮᠡᠭᠳᠡᠭᠦᠯᠦᠨ᠎ᠡ᠃ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠤᠭᠤᠷᠢᠭ ᠠᠮᠢᠳᠤ | ᠪᠣᠳᠠᠰ ᠤᠨ ᠡᠮ ᠡᠮᠨᠡᠯᠭᠡ᠂ ᠰᠢᠨ᠎ᠡ ᠮᠠᠲ᠋ᠧᠷᠢᠶᠠᠯ ᠪᠠ ᠲᠣᠨᠤᠭᠯᠠᠯ ᠦᠢᠯᠡᠳᠬᠦ ᠵᠡᠷᠭᠡ ᠠᠵᠤ ᠦᠢᠯᠡᠰ ᠢ ᠶᠡᠬᠡᠪᠡᠷ | ᠬᠥᠭᠵᠢᠭᠦᠯᠵᠦ᠂ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ ᠢ 565 ᠳ᠋ᠦᠩᠰᠢᠭᠤᠷ | ᠲᠥᠭᠦᠷᠢᠭ ᠠᠴᠠ ᠳᠡᠭᠡᠭᠰᠢ ᠪᠡᠶᠡᠯᠡᠭᠦᠯᠵᠦ᠂ 23% ᠪᠠᠷ ᠨᠡᠮᠡᠭᠳᠡᠭᠦᠯᠦᠨ᠎ᠡ᠃ ᠲᠤᠭᠲᠠᠬᠤ ᠴᠢᠩ ᠱᠦᠢ ᠾᠧ ᠤᠨ | ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠴᠡᠪᠡᠷ ᠡᠨᠧᠷᠭᠢ᠂ ᠣᠳᠣ ᠦᠶ᠎ᠡ ᠶᠢᠨ ᠬᠢᠮᠢ ᠶᠢᠨ ᠠᠵᠤ ᠦᠢᠯᠡᠳᠪᠦᠷᠢ | ᠵᠡᠷᠭᠡ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠢ | 400 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠵᠦ᠂ 30% ᠪᠠᠷ ᠨᠡᠮᠡᠭᠳᠡᠭᠦᠯᠦᠨ᠎ᠡ᠃ ᠴᠡᠯᠡᠭᠡᠷ ᠲᠠᠯ᠎ᠠ | ᠶᠢᠨ ᠰᠦ ᠶᠢᠨ ᠦᠢᠯᠡᠰ ᠤᠨ ᠨᠡᠭᠡᠭᠡᠯᠳᠡ ᠶᠢᠨ ᠲᠣᠭᠤᠷᠢᠭ ᠰᠦ ᠶᠢᠨ ᠦᠢᠯᠡᠰ ᠵᠢᠴᠢ ᠳᠡᠭᠡᠳᠦ ᠲᠤᠤᠷᠠᠳᠤ ᠤᠷᠤᠰᠬᠠᠯ | ᠤᠨ ᠢᠵᠢ ᠪᠦᠷᠢᠳᠦᠭᠦᠯᠬᠦ ᠵᠡᠷᠭᠡ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠠᠵᠤ ᠦᠢᠯᠡᠳᠪᠦᠷᠢ ᠶᠢᠨ | ᠦᠢᠯᠡᠳᠬᠦᠨ ᠤ ᠶᠡᠷᠦᠩᠬᠡᠶ ᠦᠷᠳᠡᠭ ᠢ 363 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠵᠦ᠂ 33% ᠪᠠᠷ | ᠨᠡᠮᠡᠭᠳᠡᠭᠦᠯᠦᠨ᠎ᠡ᠃ ᠬᠤᠷᠢᠨᠭᠡᠷ ᠤᠨ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠰᠦ ᠶᠢᠨ ᠦᠢᠯᠡᠰ ᠪᠣᠯᠤᠨ | ᠪᠣᠬᠢᠷᠲᠤᠯ ᠥᠬᠡᠶ ᠢᠳᠡᠭᠡᠨ ᠢ ᠡᠳ᠋ᠰᠢᠭᠦᠯᠬᠦ ᠵᠡᠷᠭᠡ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠠᠵᠤ | ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠢ 220 ᠳ᠋ᠦᠩᠰᠢᠭᠤᠷ ᠲᠥᠭᠦᠷᠢᠭ ᠠᠴᠠ ᠳᠡᠭᠡᠭᠰᠢ | ᠪᠡᠶᠡᠯᠡᠭᠦᠯᠵᠦ᠂ 38% ᠪᠠᠷ ᠨᠡᠮᠡᠭᠳᠡᠭᠦᠯᠦᠨ᠎ᠡ᠃ ᠬᠤᠷᠢᠨᠭᠡᠷ ᠰᠢᠨ᠎ᠡ ᠲᠣᠭᠤᠷᠢᠭ ᠰᠢᠨ᠎ᠡ ᠦᠨᠳᠦᠰᠦᠨ ᠪᠦᠲᠦᠭᠡᠨ | ᠪᠠᠶᠢᠭᠤᠯᠤᠯᠲᠠ᠂ ᠲᠤᠮᠤ ᠳ᠋ᠠᠶᠢᠲ᠋ᠠ ᠶᠢᠨ ᠲᠦᠷᠦᠯ ᠵᠦᠢᠯ ᠢ ᠪᠠᠶᠢᠷᠢᠯᠠᠭᠤᠯᠬᠤ ᠵᠡᠷᠭᠡ ᠲᠠᠯ᠎ᠠ ᠪᠠᠷ ᠬᠤᠰᠢᠭᠤᠴᠢ ᠪᠤᠯᠵᠤ᠂ | ᠣᠷᠣᠵᠤ ᠰᠠᠭᠤᠭᠰᠠᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠶᠢ 115 ᠳ᠋ᠦᠩᠰᠢᠭᠤᠷ ᠲᠥᠭᠦᠷᠢᠭ ᠠᠴᠠ | ᠳᠡᠭᠡᠭᠰᠢ ᠪᠡᠶᠡᠯᠡᠭᠦᠯᠵᠦ᠂ 11% ᠪᠠᠷ ᠨᠡᠮᠡᠭᠳᠡᠭᠦᠯᠦᠨ᠎ᠡ᠃ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠭᠠᠶᠢᠯᠢ | ᠶᠢᠨ ᠪᠠᠲᠤᠯᠠᠭᠠᠨ ᠤ ᠡᠳ᠋ᠰᠢᠭᠦᠯᠭᠡ᠂ ᠭᠠᠶᠢᠯᠢ ᠶᠢᠨ ᠪᠠᠲᠤᠯᠠᠭᠠᠨ ᠤ ᠪᠠᠷᠠᠭ᠎ᠠ ᠭᠦᠢᠯᠭᠡᠭᠡ ᠵᠡᠷᠭᠡ ᠠᠵᠤ ᠦᠢᠯᠡᠰ ᠢ | ᠶᠡᠬᠡᠪᠡᠷ ᠬᠥᠭᠵᠢᠭᠦᠯᠵᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠶ ᠲᠤᠭ᠎ᠠ ᠶᠢ 70 | ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠵᠦ᠂ 75% ᠪᠠᠷ ᠨᠡᠮᠡᠭᠳᠡᠭᠦᠯᠦᠨ᠎ᠡ᠃ ᠰᠠᠨᠰᠠᠷ ᠤᠨ ᠠᠶᠠᠯᠠᠯ ᠤᠨ | ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠰᠠᠨᠰᠠᠷ ᠤᠨ ᠠᠶᠠᠯᠠᠯ ᠤᠨ ᠲᠣᠨᠣᠭᠯᠠᠯ᠂ ᠴᠡᠷᠢᠭ ᠠᠷᠠᠳ ᠤᠨ | ᠬᠡᠷᠡᠭᠯᠡᠭᠡ ᠶᠢ ᠤᠶᠠᠯᠳᠤᠭᠤᠯᠬᠤ ᠵᠡᠷᠭᠡ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠠᠵᠤ ᠦᠢᠯᠡᠳᠪᠦᠷᠢ ᠶᠢᠨ | ᠦᠢᠯᠡᠳᠬᠦᠨ ᠤ ᠶᠡᠷᠦᠩᠬᠡᠶ ᠦᠷᠳᠡᠭ ᠢ 65 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠵᠦ᠂ 30% ᠪᠠᠷ | ᠨᠡᠮᠡᠭᠳᠡᠭᠦᠯᠦᠨ᠎ᠡ᠃ | ︵ᠭᠤᠷᠪᠠ︶ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠳᠡᠭᠡᠳᠦ ᠲᠡᠰ ᠤᠨ ᠠᠭᠤᠰᠤᠯᠴᠠᠭᠰᠠᠨ | ᠬᠦᠭᠵᠢᠯᠲᠡ ᠶᠢ ᠠᠬᠢᠭᠤᠯᠤᠨ᠎ᠠ | ᠬᠡᠷᠡᠭᠯᠡᠭᠡ ᠶᠢ ᠬᠦᠭᠵᠢᠭᠡᠬᠦ ᠶᠢ ᠠᠳᠬᠤᠨ᠎ᠠ᠃ ᠣᠷᠣᠨ ᠪᠦᠰᠡ ᠶᠢᠨ ᠣᠲᠣ ᠦᠶ᠎ᠡ ᠶᠢᠨ ᠬᠡᠷᠡᠭᠯᠡᠭᠡᠨ ᠤ ᠲᠥᠪ ᠢ | ᠪᠠᠶᠢᠭᠤᠯᠬᠤ ᠶᠢᠨ ᠲᠣᠭᠤᠷᠢᠨ ᠳᠤ᠂ ᠵᠥᠩ ᠱᠠᠨ ᠵᠠᠮ᠂ ᠰᠢᠯᠢᠨ ᠡᠮᠦᠨ᠎ᠡ ᠵᠠᠮ᠂ ᠵᠡᠭᠦᠨ ᠠᠶᠠᠨᠴᠢᠳ ᠤᠨ ᠥᠷᠲᠡᠭᠡ᠂ | ᠣᠯᠠᠨ ᠤᠯᠤᠰ ᠤᠨ ᠠᠷᠠᠯᠵᠢᠶᠠᠨ ᠤ ᠲᠣᠮᠣ ᠠᠰᠠᠷ᠂ ᠮᠣᠶᠢᠯ ᠬᠤᠲᠠ ᠵᠡᠷᠭᠡ ᠬᠤᠳᠠᠯᠳᠤᠭᠠᠨ ᠤ ᠲᠣᠭᠤᠷᠢᠭ ᠤᠨ ᠲᠠᠰ | ᠳᠡᠪᠰᠢᠬᠦ ᠶᠢ ᠠᠬᠢᠭᠤᠯᠤᠨ᠎ᠠ᠃ ᠵᠢᠶᠠ ᠵᠢᠶᠠ ᠶᠤᠸᠠᠢ᠂ ᠵᠧᠨ ᠬᠤᠸᠠ ᠵᠡᠷᠭᠡ ᠲᠣᠮᠣ ᠬᠡᠯᠪᠡᠷᠢ ᠶᠢᠨ ᠬᠡᠯᠬᠢᠶᠡᠵᠢᠭᠰᠡᠨ | ᠬᠡᠲᠦ ᠳᠡᠯᠭᠡᠭᠦᠷ 10 ᠶᠢ ᠰᠢᠨ᠎ᠡ ᠪᠠᠷ ᠨᠡᠮᠡᠭᠳᠡᠭᠦᠯᠵᠦ᠂ ᠯᠢ ᠺᠧ᠂ ᠢ ᠲᠤᠸᠠᠨ ᠾᠦᠸᠧ ᠵᠡᠷᠭᠡ ᠲᠦᠷᠦᠯ ᠲᠡᠮᠳᠡᠭᠲᠦ | ᠲᠦᠳᠡ ᠳᠡᠯᠭᠡᠭᠦᠷ ᠢ 200 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠬᠤᠲᠠ ᠶᠢᠨ ᠳᠥᠷᠪᠡᠨ ᠲᠣᠭᠤᠷᠢᠭ ᠲᠤ | ︽ᠠᠷᠠᠳ ᠲᠤ ᠲᠥᠬᠦᠮ ᠦᠵᠡᠭᠦᠯᠬᠦ ᠨᠢᠭᠡ ᠮᠥᠴᠡ ᠶᠢᠨ ᠠᠮᠢᠳᠤᠷᠠᠯ ᠤᠨ ᠲᠣᠭᠤᠷᠢᠭ︾ ᠢ 10 ᠢ ᠪᠠᠶᠢᠭᠤᠯᠵᠤ᠂ | ᠠᠷᠠᠳ ᠲᠤ ᠠᠰᠢᠭ ᠬᠦᠷᠲᠡᠭᠡᠬᠦ ᠢᠳᠡᠰᠢᠨ ᠨᠣᠭᠤᠭ᠎ᠠ ᠶᠢᠨ ᠳᠡᠯᠭᠡᠭᠦᠷ ᠢ 100 ᠠᠴᠠ ᠳᠡᠭᠡᠭᠰᠢ ᠪᠠᠶᠢᠷᠢᠰᠢᠭᠤᠯᠤᠨ᠎ᠠ᠃ | ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠬᠡᠷᠡᠭᠯᠡᠭᠡ ᠶᠢᠨ ᠠᠭᠤᠰᠤᠯᠴᠠᠯ ᠢ ᠲᠦᠷᠭᠡᠳᠬᠡᠵᠦ᠂ | ᠮᠧᠲᠷᠤ᠋ ᠶᠢᠨ ᠠᠵᠤ ᠠᠬᠤᠶ᠂ ᠰᠦᠯᠵᠢᠶᠡᠨ ᠣᠳᠣ ᠶᠢᠨ ᠠᠵᠤ ᠠᠬᠤᠶ ᠶᠢ ᠢᠳᠡᠪᠬᠢᠲᠡᠶ ᠬᠥᠭᠵᠢᠭᠦᠯᠵᠦ᠂ ᠨᠠᠩ ᠣᠯᠠᠨ | ᠴᠠᠭ ᠤᠨ ᠤᠷᠤᠰᠬᠠᠯ ᠤᠨ ᠰᠥᠨᠢ ᠶᠢᠨ ᠵᠠᠬ᠎ᠠ ᠳᠡᠯᠭᠡᠭᠦᠷ᠂ ᠠᠷᠤ ᠠᠪᠳᠠᠷ᠎ᠠ ᠶᠢᠨ ᠴᠤᠭᠯᠠᠭ᠎ᠠ ᠮᠠᠶᠢᠮᠠᠶ ᠵᠡᠷᠭᠡ ᠰᠢᠨ᠎ᠡ | ᠬᠡᠯᠪᠡᠷᠢ ᠶᠢᠨ ᠬᠡᠷᠡᠭᠯᠡᠭᠡᠨ ᠤ ᠲᠠᠯᠠᠪᠤᠷ ᠢ ᠨᠡᠭᠡᠭᠡᠨ ᠬᠥᠭᠵᠢᠭᠦᠯᠵᠦ᠂ ᠡᠯ᠎ᠡ ᠵᠦᠢᠯ ᠤᠨ ᠪᠣᠷᠣᠯᠠᠭᠤᠯᠭ᠎ᠠ ᠶᠢ ᠠᠬᠢᠭᠤᠯᠬᠤ | ᠨᠠᠶᠢᠷ᠂ ᠰᠣᠶᠣᠯ ᠤᠨ ᠨᠠᠶᠢᠷ᠂ ᠠᠮᠲᠠᠲᠤ ᠢᠳᠡᠭᠡᠨ ᠤ ᠨᠠᠶᠢᠷ ᠤᠨ ᠠᠵᠢᠯᠯᠠᠭ᠎ᠠ ᠶᠢ ᠡᠷᠭᠢᠯᠡᠨ᠂ ᠣᠷᠣᠨ ᠤ ᠲᠥᠪ ᠤᠨ | ᠬᠡᠷᠡᠭᠯᠡᠭᠡ ᠶᠢᠨ ᠠᠮᠢᠵᠢᠷᠠᠯ ᠤᠨ ᠬᠦᠴᠦᠨ ᠢ ᠭᠦᠢᠴᠡᠳ ᠪᠠᠳᠠᠷᠠᠭᠤᠯᠵᠤ᠂ ᠬᠤᠲᠠ ᠶᠢᠨ ᠠᠮᠢᠳᠤᠷᠠᠯ ᠤᠨ ᠬᠦᠭ | ᠠᠮᠢᠰᠬᠤᠯ ᠢ ᠤᠯᠠᠮ ᠠᠴᠠ ᠤᠯᠠᠮ ᠬᠥᠭᠵᠢᠭᠡᠨ ᠲᠠᠢ ᠪᠣᠯᠭᠠᠨ᠎ᠠ᠃ | ᠪᠠᠷᠠᠭᠠᠨ ᠤ ᠭᠦᠢᠯᠭᠡᠭᠡ ᠶᠢᠨ ᠲᠡᠰ ᠢ ᠳᠡᠭᠡᠭᠰᠢᠯᠡᠭᠦᠯᠬᠦ ᠶᠢ ᠠᠳᠬᠤᠨ᠎ᠠ᠃ ᠬᠥᠬᠡᠬᠤᠲᠠ ᠶᠢᠨ ᠠᠷᠠᠯᠵᠢᠶ᠎ᠠ | ᠬᠤᠳᠠᠯᠳᠤᠭᠠᠨ ᠤ ᠦᠢᠯᠡᠴᠢᠯᠡᠭᠡᠨ ᠤ ᠬᠡᠯᠪᠡᠷᠢ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ᠂ ᠤᠯᠤᠰ ᠤᠨ | ᠭᠤᠣᠯᠯᠠᠭᠴᠢ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ ᠬᠤᠶᠠᠷ ᠬᠡᠰᠡᠭ ︽ᠠᠯᠲᠠᠨ | ᠦᠰᠦᠭᠲᠦ ᠫᠠᠶᠢᠰᠠ︾ ᠶᠢ ᠰᠠᠶᠢᠲᠤᠷ ᠬᠡᠷᠡᠭᠯᠡᠵᠦ᠂ ᠡᠬᠡ ᠬᠠᠭᠤᠷᠠᠶ ᠶᠢᠨ ᠭᠠᠷᠠᠮ ᠤᠨ ᠬᠡᠯᠪᠡᠷᠢ ᠶᠢᠨ ᠤᠯᠤᠰ ᠤᠨ | ᠪᠠᠷᠠᠭᠠᠨ ᠤ ᠭᠦᠢᠯᠭᠡᠭᠡᠨ ᠤ ᠬᠦᠢᠰᠦ᠂ ᠪᠥᠬᠦ ᠤᠯᠤᠰ ᠤᠨ ᠬᠠᠩᠭᠠᠯᠭ᠎ᠠ ᠶᠢᠨ ᠬᠡᠯᠬᠢᠶᠡᠰᠦ ᠶᠢᠨ ᠰᠢᠨ᠎ᠡ ᠶᠢ ᠡᠭᠦᠳᠬᠦ ᠪᠠ | ᠬᠡᠷᠡᠭᠯᠡᠭᠡᠨ ᠤ ᠵᠢᠱᠢᠶ᠎ᠡ ᠦᠵᠡᠭᠦᠯᠬᠦ ᠬᠤᠲᠠ ᠶᠢ ᠢᠳᠡᠪᠬᠢᠲᠡᠶ ᠪᠠᠷ ᠭᠤᠶᠤᠴᠢᠯᠠᠨ ᠮᠡᠳᠡᠭᠦᠯᠦᠨ᠎ᠡ᠃ ᠢ ᠱᠦᠨ᠂ ᠶᠤᠸᠠᠨ | ᠲᠦᠩ᠂ ᠵᠢᠦ ᠵᠧᠤ ᠲᠦᠩ ᠵᠡᠷᠭᠡ ᠪᠠᠷᠠᠭᠠᠨ ᠤ ᠭᠦᠢᠯᠭᠡᠭᠡᠨ ᠤ ᠬᠦᠷᠢᠶᠡᠯᠡᠩ ᠢ ᠪᠠᠶᠢᠭᠤᠯᠤᠨ ᠡᠵᠡᠩᠨᠡᠵᠦ᠂ ᠵᠦᠩ | ᠨᠥᠩ ᠯᠢᠶᠠᠨ᠂ ᠮᠢᠩ ᠫᠢᠨ ᠹᠦ᠋᠂ ᠵᠦᠩ ᠯᠢᠶᠠᠩ ᠠᠷᠠᠯᠵᠢᠶ᠎ᠠ ᠵᠡᠷᠭᠡ ᠪᠠᠷᠠᠭᠠᠨ ᠤ ᠭᠦᠢᠯᠭᠡᠭᠡᠨ ᠤ ᠬᠦᠷᠢᠶᠡᠯᠡᠩ ᠢ | ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠳᠤ ᠦᠢᠯᠡᠴᠢᠯᠡᠭᠰᠡᠨ᠂ ᠪᠡᠭᠡᠵᠢᠩ | ᠲᠢᠶᠠᠨᠵᠢᠨ ᠾᠧᠪᠸᠢ ᠳᠤ ᠬᠠᠨᠳᠤᠭᠤᠯᠤᠭᠰᠠᠨ᠂ ᠪᠥᠬᠦ ᠤᠯᠤᠰ ᠢ ᠨᠦᠯᠦᠭᠡᠯᠡᠭᠰᠡᠨ ᠣᠷᠣᠨ ᠪᠦᠰᠡ ᠶᠢᠨ ᠪᠠᠷᠠᠭᠠᠨ ᠤ | ᠭᠦᠢᠯᠭᠡᠭᠡᠨ ᠤ ᠲᠥᠪᠯᠡᠷᠡᠭᠦᠯᠦᠨ ᠲᠠᠷᠬᠠᠭᠠᠬᠤ ᠲᠥᠪ ᠢ ᠪᠠᠶᠢᠭᠤᠯᠤᠨ᠎ᠠ᠃ | ᠰᠣᠶᠣᠯ ᠲᠠᠮᠢᠷ ᠵᠢᠭᠤᠯᠴᠢᠯᠠᠯ ᠤᠨ ᠠᠭᠤᠰᠤᠯᠴᠠᠯ ᠢ ᠠᠳᠬᠤᠨ᠎ᠠ᠃ ᠪᠦᠬᠦ ᠤᠯᠤᠰ ᠤᠨ ᠪᠣᠯᠪᠠᠰᠤᠨ ᠬᠤᠳᠠ ᠶᠢ | ᠡᠭᠦᠳᠦᠨ ᠪᠠᠶᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠲᠤᠷᠰᠢᠯᠭ᠎ᠠ ᠪᠠᠨ ᠳ᠋ᠦᠩᠨᠡᠵᠦ᠂ ᠳᠤᠲᠠᠭᠤᠳᠠᠯ ᠢ | ᠴᠢᠩᠭ᠎ᠠ ᠠᠩᠬᠠᠷᠴᠤ᠂ ᠡᠨᠡᠬᠦ ︽ᠠᠯᠲᠠᠨ ᠦᠰᠦᠭᠲᠦ ᠫᠠᠶᠢᠰᠠ︾ ᠶᠢ ᠤᠯᠬᠤ ᠪᠠᠷ ᠴᠢᠷᠮᠠᠶᠢᠨ᠎ᠠ᠃ ᠲᠡᠦᠬᠡ | ᠰᠣᠶᠣᠯ ᠤᠨ ᠥᠪ ᠤᠨ ᠬᠠᠮᠠᠭᠠᠯᠠᠯᠲᠠ ᠶᠢ ᠴᠢᠩᠭᠠᠳᠬᠠᠵᠤ᠂ ᠤᠷᠳᠤ ᠴᠠᠭᠠᠨ ᠬᠡᠷᠡᠮ᠂ ᠬᠠᠳᠤᠨ ᠭᠤᠣᠯ ᠤᠨ | ᠤᠯᠤᠰ ᠤᠨ ᠰᠣᠶᠣᠯ ᠤᠨ ᠴᠡᠴᠡᠷᠯᠢᠭ ᠵᠡᠷᠭᠡ ᠲᠦᠷᠦᠯ ᠵᠦᠢᠯ ᠢ ᠬᠡᠷᠡᠭᠵᠢᠭᠦᠯᠦᠨ᠎ᠡ᠃ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ︽ᠨᠢᠭᠡ ᠪᠦᠰᠡ ᠨᠢᠭᠡ ᠵᠠᠮ︾ ᠤᠨ ᠳᠡᠯᠡᠬᠡᠶ ᠶᠢᠨ | ᠱᠤᠭᠤᠮᠠᠯ ᠤᠨ ᠴᠡᠴᠡᠷᠯᠢᠭ ᠪᠠ ᠲᠢᠶᠠᠨ ᠵᠢᠶᠤᠤ᠂ ᠸᠠᠨ ᠾᠧ᠂ ᠴᠡᠯᠡᠭᠡᠷ ᠲᠠᠯ᠎ᠠ᠂ ᠴᠢᠩ ᠱᠦᠶ ᠾᠧ ᠵᠡᠷᠭᠡ | ᠪᠡᠶ᠎ᠡ ᠶᠢᠨ ᠲᠠᠮᠢᠷ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠵᠦ᠂ ᠬᠥᠬᠡᠬᠤᠲᠠ ᠶᠢᠨ ᠮᠠᠷᠠᠽᠤᠨ | ᠤᠷᠤᠯᠳᠤᠭᠠᠨ᠂ ᠬᠥᠬᠡᠬᠤᠲᠠ ᠶᠢᠨ ᠮᠣᠷᠢᠨ ᠮᠡᠷᠭᠡᠵᠢᠯ ᠤᠨ ᠤᠷᠤᠯᠳᠤᠭᠠᠨ᠂ ᠮᠠ ᠽᠦᠩ ᠱᠠᠨ ᠠᠭᠤᠯᠠ ᠶᠢᠨ ᠮᠥᠰᠥ | ᠴᠠᠰᠤᠨ ᠤ ᠤᠯᠠᠷᠢᠯ ᠵᠡᠷᠭᠡ ᠣᠨᠴᠠᠯᠢᠭᠲᠤ ᠪᠡᠶ᠎ᠡ ᠶᠢᠨ ᠲᠠᠮᠢᠷ ᠤᠨ ᠲᠥᠷᠥᠯ ᠲᠡᠮᠳᠡᠭᠲᠦ ᠶᠢ ᠪᠤᠶᠢᠵᠢᠭᠤᠯᠤᠨ᠎ᠠ᠃ ︽ | ᠤᠮᠠᠷᠠᠲᠤ ᠬᠡᠰᠡᠭ ᠤᠨ ᠴᠡᠯᠡᠭᠡᠷ ᠲᠠᠯ᠎ᠠ︾᠂ ︽ᠡᠮᠦᠨᠡᠲᠦ ᠬᠡᠰᠡᠭ ᠤᠨ ᠬᠠᠲᠤᠨ ᠭᠤᠣᠯ ᠤᠨ ᠪᠤᠯᠤᠩ︾ ᠬᠤᠶᠠᠷ ᠶᠡᠭᠡ | ᠤᠨᠴᠠᠯᠢᠭᠳᠤ ᠵᠢᠭᠤᠯᠴᠢᠯᠠᠯ ᠤᠨ ᠪᠦᠰᠡ ᠶᠢ ᠪᠤᠶ ᠪᠣᠯᠭᠠᠵᠤ᠂ ᠬᠠᠳᠠᠭ ᠤᠨ ᠦᠨᠳᠦᠷᠯᠢᠭ ᠮᠠᠯᠵᠢᠯ ᠤᠨ ᠲᠠᠯᠠᠪᠠᠶ ᠶᠢᠨ | ᠵᠢᠭᠤᠯᠴᠢᠯᠠᠯ ᠤᠨ ᠣᠷᠣᠨ ᠤ ᠲᠥᠷᠥᠯ ᠵᠦᠢᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠨᠠᠭᠤᠷ ᠤᠨ ᠰᠢᠯᠢ | ᠥᠨᠳᠥᠷ ᠠᠭᠤᠯᠠ ᠶᠢᠨ ᠲᠠᠯ᠎ᠠ ᠨᠤᠲᠤᠭ ᠤᠨ ᠵᠢᠭᠤᠯᠴᠢᠯᠠᠯ᠂ ᠷᠠᠰᠢᠶᠠᠨᠲᠤ ᠰᠢᠯᠢ ᠵᠢᠦ ᠯᠦᠩ ᠸᠠᠨ ᠵᠡᠷᠭᠡ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ 8 ︽ᠴᠡᠯᠡᠭᠡᠷ ᠲᠠᠯ᠎ᠠ ᠰᠣᠶᠣᠯ ᠤᠨ ᠵᠢᠭᠤᠯᠴᠢᠯᠠᠯ ᠤᠨ | ᠵᠢᠵᠢᠭ ᠪᠠᠯᠭᠠᠰᠤ︾ ᠶᠢ ᠡᠬᠢᠯᠡᠨ ᠪᠥᠲᠥᠭᠡᠨ ᠪᠠᠶᠢᠭᠤᠯᠵᠤ᠂ ᠯᠣᠣ ᠨᠢᠦ ᠸᠠᠨ ᠤ ᠬᠠᠲᠤᠨ ᠭᠤᠤᠯ ᠤᠨ ᠶᠡᠭᠡ | ᠬᠠᠪᠴᠢᠯ ᠤᠨ ᠵᠢᠭᠤᠯᠴᠢᠯᠠᠯ ᠤᠨ ᠣᠷᠣᠨ ᠤ ᠤᠯᠤᠰ ᠤᠨ 5A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ | ᠡᠭᠦᠳᠦᠨ ᠪᠠᠶᠢᠭᠤᠯᠬᠤ ᠶᠢ ᠳᠥᠯᠭᠢᠨ ᠠᠬᠢᠭᠤᠯᠵᠤ᠂ ᠤᠯᠤᠰ ᠤᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ | ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠪᠠᠷ ᠴᠢᠷᠮᠠᠶᠢᠨ᠎ᠠ᠃ ︽ᠴᠡᠯᠡᠭᠡᠷ ᠲᠠᠯ᠎ᠠ ᠶᠢᠨ ᠰᠣᠶᠣᠯ︾ ᠤᠨ | ᠲᠦᠷᠦᠯ ᠲᠡᠮᠳᠡᠭᠲᠦ ᠶᠢ ᠪᠦᠲᠦᠭᠡᠬᠦ ᠪᠠ ᠳᠡᠯᠭᠡᠷᠡᠭᠦᠯᠬᠦ ᠡᠷᠴᠢᠮ ᠢ ᠴᠢᠩᠭᠠᠷᠠᠭᠤᠯᠵᠤ᠂ ᠠᠵᠤ ᠦᠢᠯᠡᠳᠪᠦᠷᠢ ᠶᠢᠨ | ᠵᠢᠭᠤᠯᠴᠢᠯᠠᠯ᠂ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ᠂ ᠰᠤᠳᠤᠯᠤᠨ ᠰᠤᠷᠤᠯᠴᠠᠬᠤ ᠵᠢᠭᠤᠯᠴᠢᠯᠠᠯ᠂ ᠬᠤᠪᠢ | ᠶᠢᠨ ᠮᠠᠰᠢᠨ ᠢᠶᠠᠷ ᠵᠤᠭᠠᠴᠠᠬᠤ ᠵᠢᠭᠤᠯᠴᠢᠯᠠᠯ᠂ ︽ᠡᠭᠦᠯᠡᠨ ᠳᠡᠭᠡᠷᠡᠬᠢ ᠵᠢᠭᠤᠯᠴᠢᠯᠠᠯ︾ ᠵᠡᠷᠭᠡ ᠲᠦᠷᠦᠯ ᠵᠦᠢᠯ ᠢ | ᠶᠡᠬᠡᠪᠡᠷ ᠨᠡᠭᠡᠭᠡᠨ ᠬᠥᠭᠵᠢᠭᠦᠯᠵᠦ᠂ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠴᠡᠭ ᠤᠳ ᠢ ᠬᠤᠯᠪᠤᠨ ᠱᠤᠭᠤᠮ | ᠪᠤᠯᠭᠠᠵᠤ᠂ ᠱᠤᠭᠤᠮ ᠤᠳ ᠢ ᠬᠤᠯᠪᠤᠨ ᠪᠦᠰᠡ ᠪᠣᠯᠭᠠᠵᠤ ᠬᠥᠬᠡᠬᠤᠲᠠ ᠶᠢ ᠪᠦᠬᠦ ᠣᠷᠣᠨ ᠤ ᠵᠢᠭᠤᠯᠴᠢᠯᠠᠯ ᠤᠨ | ᠲᠥᠪᠯᠡᠷᠡᠭᠦᠯᠦᠨ ᠲᠠᠷᠬᠠᠭᠠᠬᠤ ᠭᠠᠵᠠᠷ ᠪᠣᠯᠭᠠᠬᠤ ᠪᠠᠷ ᠪᠠᠷᠠᠬᠤ ᠦᠭᠡᠢ᠂ ᠨᠡᠩ ᠴᠤ ᠬᠥᠮᠦᠨ ᠪᠦᠬᠦᠨ ᠤ ᠬᠦᠰᠡᠨ | ᠰᠠᠨᠠᠬᠤ ᠵᠢᠭᠤᠯᠴᠢᠯᠠᠯ ᠤᠨ ᠬᠠᠷᠠᠯᠲᠠᠲᠤ ᠭᠠᠵᠠᠷ ᠪᠣᠯᠭᠠᠨ᠎ᠠ᠃ | ᠶᠡᠷᠦᠩᠬᠡᠶ ᠬᠡᠯᠲᠡᠰ ᠤᠨ ᠴᠤᠭᠯᠠᠷᠠᠯ ᠢ ᠠᠳᠬᠤᠨ᠎ᠠ᠃ ᠶᠢᠦ ᠷᠠᠨ ᠮᠠᠯ ᠠᠵᠤ ᠠᠬᠤᠶ ᠶᠢᠨ ᠶᠡᠷᠦᠩᠬᠡᠶ | ᠬᠡᠯᠲᠡᠰ ᠤᠨ ᠰᠠᠭᠤᠷᠢᠨ ᠭᠠᠵᠠᠷ ᠪᠠ ᠤᠯᠤᠰ ᠤᠨ ᠤᠮᠠᠷᠠᠲᠤ ᠶᠢᠨ ᠡᠨᠧᠷᠭᠢ᠂ ᠤᠯᠤᠰ ᠤᠨ ᠴᠠᠬᠢᠯᠭᠠᠨ ᠬᠦᠴᠦᠨ ᠤ | ᠪᠡᠯᠡ ᠣᠷᠣᠭᠤᠯᠤᠯᠲᠠ᠂ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠰᠢᠨ᠎ᠡ ᠡᠨᠧᠷᠭᠢ ᠶᠢᠨ ᠤᠮᠠᠷᠠᠲᠤ ᠶᠢᠨ | ᠰᠤᠳᠤᠯᠭᠠᠨ ᠤ ᠲᠥᠪ ᠵᠡᠷᠭᠡ ᠣᠷᠣᠨ ᠪᠦᠰᠡ ᠶᠢᠨ ᠶᠡᠷᠦᠩᠬᠡᠶ ᠬᠡᠯᠲᠡᠰ ᠤᠨ ᠰᠠᠭᠤᠷᠢᠨ ᠭᠠᠵᠠᠷ ᠢ ᠲᠦᠷᠭᠡᠳᠬᠡᠨ | ᠪᠠᠶᠢᠭᠤᠯᠵᠤ᠂ ᠳᠤᠮᠳᠠᠳᠤ ᠤᠯᠤᠰ ᠤᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ᠂ ᠵᠧᠩ ᠲᠠᠢ ᠪᠦᠯᠦᠭᠯᠡᠯ᠂ | ᠰᠠᠨ ᠰᠢᠶᠠ ᠪᠦᠯᠦᠭᠯᠡᠯ᠂ ᠳ᠋ᠦᠩ ᠹᠠᠩ ᠴᠠᠬᠢᠯᠭᠠᠨ ᠵᠡᠷᠭᠡ ᠣᠷᠣᠨ ᠪᠦᠰᠡ ᠶᠢᠨ ᠶᠡᠷᠦᠩᠬᠡᠶ ᠬᠡᠯᠲᠡᠰ ᠤᠨ ᠲᠥᠷᠥᠯ | ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠶᠡᠷᠦᠩᠬᠡᠶ ᠬᠡᠯᠲᠡᠰ ᠤᠨ ᠠᠵᠤ ᠠᠬᠤᠶᠢᠯᠠᠯ ᠤᠨ ᠠᠵᠤ ᠦᠢᠯᠡᠰ ᠢ | ᠲᠥᠪᠯᠡᠷᠡᠭᠦᠯᠬᠦ᠂ ᠬᠡᠷᠡᠭᠯᠡᠭᠡ ᠶᠢ ᠲᠠᠰ ᠳᠡᠪᠰᠢᠭᠦᠯᠬᠦ᠂ ᠴᠢᠳᠠᠪᠤᠷᠢᠲᠠᠨ ᠢ ᠴᠤᠭᠯᠠᠭᠤᠯᠬᠤ ᠵᠡᠷᠭᠡ ᠲᠠᠯ᠎ᠠ ᠪᠠᠷ ᠬᠢ | ᠲᠣᠪᠤᠶᠢᠮ᠎ᠠ ᠳᠠᠪᠠᠭᠤᠯᠢᠭ ᠢ ᠪᠠᠳᠠᠷᠠᠭᠤᠯᠤᠨ᠂ ᠣᠷᠣᠨ ᠤ ᠲᠥᠪ ᠤᠨ ᠶᠡᠷᠦᠩᠬᠡᠶ ᠬᠡᠯᠲᠡᠰ ᠤᠨ ᠠᠵᠤ ᠠᠬᠤᠶ ᠶᠢᠨ | ᠵᠥᠭᠡᠯᠡᠨ ᠪᠣᠳᠠᠲᠤ ᠬᠦᠴᠦᠨ᠂ ᠥᠷᠢᠰᠦᠯᠳᠦᠬᠦ ᠬᠦᠴᠦᠨ᠂ ᠳᠠᠶᠢᠴᠢᠯᠠᠬᠤ ᠬᠦᠴᠦᠨ ᠢ ᠳᠡᠭᠡᠭᠰᠢᠯᠡᠭᠦᠯᠦᠨ᠎ᠡ᠃ | ︵ᠲᠦᠷᠪᠡ︶ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠢ | ᠦᠷᠭᠦᠯᠵᠢᠯᠡᠨ ᠨᠡᠮᠡᠭᠳᠡᠭᠦᠯᠦᠨ᠎ᠡ | ᠰᠢᠨᠵᠢᠯᠡᠬᠦ ᠤᠬᠠᠭᠠᠨ ᠮᠡᠷᠭᠡᠵᠢᠯ ᠢᠶᠠᠷ ᠬᠥᠳᠡᠯᠭᠡᠬᠦ ᠬᠦᠴᠦᠨ ᠢ ᠴᠢᠩᠭᠠᠳᠬᠠᠨ᠎ᠠ᠃ ᠤᠯᠤᠰ ᠤᠨ ᠰᠦ ᠶᠢᠨ | ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠠᠰᠢᠭᠯᠠᠯᠲᠠ ᠳᠤ ᠣᠷᠤᠬᠤ ᠶᠢ ᠠᠬᠢᠭᠤᠯᠵᠤ᠂ ᠥᠪᠥᠷ | ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠰᠦ ᠶᠢᠨ ᠦᠢᠯᠡᠰ ᠤᠨ ᠳᠡᠭᠡᠳᠦ ᠰᠤᠷᠭᠠᠭᠤᠯᠢ ᠶᠢ ᠡᠬᠢᠯᠡᠨ | ᠪᠠᠶᠢᠭᠤᠯᠵᠤ᠂ ᠤᠯᠤᠰ ᠤᠨ ᠲᠠᠰ ᠤᠨ ᠰᠦ ᠶᠢᠨ ᠦᠢᠯᠡᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠡᠵᠡᠩᠨᠡᠯᠲᠡ ᠶᠢᠨ ᠲᠥᠪ ᠢ ᠡᠭᠦᠳᠦᠨ ᠪᠠᠶᠢᠭᠤᠯᠵᠤ᠂ ᠤᠯᠤᠰ ᠤᠨ ᠲᠠᠰ ᠤᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠲᠥᠪ ᠢ ᠥᠨᠳᠦᠷ ᠪᠠᠷᠢᠮᠵᠢᠶ᠎ᠠ ᠪᠠᠷ ᠪᠦᠲᠦᠭᠡᠨ | ᠪᠠᠶᠢᠭᠤᠯᠤᠨ᠎ᠠ᠃ ᠰᠠᠨᠰᠠᠷ ᠤᠨ ᠠᠶᠠᠯᠠᠯ ᠤᠨ ᠵᠢᠷᠭᠤᠳᠤᠭᠠᠷ ᠬᠦᠷᠢᠶᠡᠯᠡᠩ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠲᠥᠪ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠤᠯᠤᠰ ᠤᠨ ᠲᠠᠰ ᠤᠨ ᠲᠡᠵᠢᠭᠡᠯ | ᠡᠪᠡᠰᠦᠨ ᠤ ᠤᠳᠤᠮᠰᠢᠯ ᠤᠨ ᠡᠬᠢ ᠪᠠᠶᠠᠯᠢᠭ ᠢ ᠬᠠᠳᠠᠭᠠᠯᠠᠨ ᠠᠰᠢᠭᠯᠠᠬᠤ ᠰᠢᠰᠲ᠋ᠧᠮᠵᠢ ᠶᠢ ᠪᠣᠶ ᠪᠣᠯᠭᠠᠵᠤ᠂ | ᠤᠯᠤᠰ ᠤᠨ ᠡᠪᠡᠰᠦ ︵ᠦᠷ᠎ᠡ︶ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠡᠭᠦᠳᠦᠨ | ᠪᠠᠶᠢᠭᠤᠯᠤᠨ᠎ᠠ᠃ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠥᠯ ᠵᠦᠢᠯ ᠤᠨ ︽ᠵᠠᠷᠯᠠᠯ ᠨᠡᠶᠢᠲᠡᠯᠡᠵᠦ | ᠬᠤᠰᠢᠭᠤᠷᠠᠨ ᠠᠵᠢᠯᠯᠠᠬᠤ︾ ᠲᠣᠭᠲᠠᠴᠠ ᠶᠢ ᠶᠡᠬᠡᠪᠡᠷ ᠬᠡᠷᠡᠭᠵᠢᠭᠦᠯᠵᠦ᠂ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ | ᠰᠢᠪᠳᠤᠯᠤᠯᠲᠠ ᠶᠢ 40 ᠵᠦᠢᠯ ᠠᠴᠠ ᠳᠡᠭᠡᠭᠰᠢ ᠬᠡᠷᠡᠭᠵᠢᠭᠦᠯᠵᠦ᠂ ᠪᠦᠬᠦ ᠨᠡᠶᠢᠭᠡᠮ ᠤᠨ ᠰᠤᠳᠤᠯᠤᠨ ᠨᠡᠭᠡᠭᠡᠬᠦ | ᠣᠷᠣᠭᠤᠯᠤᠯᠲᠠ ᠶᠢ 10% ᠠᠴᠠ ᠳᠡᠭᠡᠭᠰᠢ ᠨᠡᠮᠡᠭᠳᠡᠭᠦᠯᠦᠨ᠎ᠡ᠃ ᠥᠪᠥᠷ ᠮᠣᠩᠭᠤᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠲᠣᠮᠣ ᠵᠠᠬ᠎ᠠ ᠳᠡᠯᠭᠡᠭᠦᠷ ᠢ ᠰᠠᠶᠢᠲᠤᠷ ᠠᠰᠢᠭᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ | ᠦᠢᠯᠡᠴᠢᠯᠡᠭᠡᠨ ᠤ ᠪᠠᠶᠢᠭᠤᠯᠤᠮᠵᠢ ᠶᠢ 30 ᠶᠢ ᠪᠤᠶᠢᠵᠢᠭᠤᠯᠵᠤ᠂ ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠪᠦᠲᠦᠭᠰᠡᠨ | ᠲᠤᠭ᠎ᠠ ᠶᠢ 10% ᠠᠴᠠ ᠳᠡᠭᠡᠭᠰᠢ ᠨᠡᠮᠡᠭᠳᠡᠭᠦᠯᠦᠨ᠎ᠡ᠃ ᠥᠪᠥᠷ ᠮᠣᠩᠭᠤᠯ ᠤᠨ ᠬᠤᠷᠢᠨᠭᠡᠷ ᠤᠨ ᠬᠥᠮᠦᠨ ᠤ | ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠤᠨ ᠪᠥᠲᠥᠭᠡᠨ | ᠪᠠᠶᠢᠭᠤᠯᠤᠯᠲᠠ ᠶᠢ ᠠᠬᠢᠭᠤᠯᠵᠤ᠂ ︽ᠨᠢᠰᠦᠯᠲᠡ ᠶᠢᠨ ᠭᠠᠵᠠᠷ ᠠᠴᠠ ᠴᠢᠳᠠᠪᠤᠷᠢᠲᠠᠨ ᠣᠷᠣᠭᠤᠯᠬᠤ︾ ᠵᠠᠭᠪᠤᠷ ᠢ | ᠬᠠᠶᠢᠨ ᠰᠦᠪᠡᠭᠴᠢᠯᠡᠵᠦ᠂ ᠳᠡᠭᠡᠳᠦ ᠲᠠᠰ ᠳᠠᠪᠬᠤᠷᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠴᠢᠳᠠᠪᠤᠷᠢᠲᠠᠨ ᠢ 100 ᠠᠴᠠ ᠳᠡᠭᠡᠭᠰᠢ ᠣᠷᠣᠭᠤᠯᠤᠨ ᠠᠪᠴᠢᠷᠠᠵᠤ ᠬᠦᠮᠦᠵᠢᠬᠦᠯᠦᠨ᠂ ᠪᠥᠬᠦ ᠣᠷᠣᠨ ᠤ | ᠴᠢᠳᠠᠪᠤᠷᠢᠲᠠᠨ ᠤ ᠲᠥᠪ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠥᠨᠳᠦᠷᠯᠢᠭ ᠢ ᠪᠣᠶ ᠪᠣᠯᠭᠠᠨ᠎ᠠ | ᠃ | ᠥᠭᠡᠷᠡᠴᠢᠯᠡᠯᠲᠡ ᠪᠠᠷ ᠠᠮᠢᠵᠢᠷᠠᠯ ᠤᠨ ᠬᠦᠴᠦᠨ ᠢ ᠠᠬᠢᠭᠤᠯᠤᠨ᠎ᠠ᠃ ᠬᠤᠳᠠ ᠶᠢᠨ ᠬᠠᠷᠢᠶ᠎ᠠ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ | ᠬᠠᠷᠢᠭᠤᠴᠠᠯᠭ᠎ᠠ ᠶᠢ ᠲᠣᠭᠲᠠᠭᠠᠬᠤ᠂ ᠣᠷᠣᠨ ᠲᠤᠭ᠎ᠠ ᠶᠢ ᠲᠣᠭᠲᠠᠭᠠᠬᠤ᠂ ᠠᠵᠢᠯ ᠤᠨ ᠪᠠᠶᠢᠷᠢ ᠶᠢ ᠲᠣᠭᠲᠠᠭᠠᠬᠤ᠂ | ᠠᠵᠢᠯᠳᠠᠨ ᠤ ᠣᠷᠣᠨ ᠲᠤᠭ᠎ᠠ ᠶᠢ ᠲᠣᠭᠲᠠᠭᠠᠬᠤ᠂ ᠴᠠᠯᠢᠩ ᠢ ᠲᠣᠭᠲᠠᠭᠠᠬᠤ︾ ᠥᠭᠡᠷᠡᠴᠢᠯᠡᠯᠲᠡ ᠶᠢᠨ ᠠᠷᠭ᠎ᠠ | ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ︽ᠣᠩᠭᠤᠴᠠ ᠵᠢᠭᠡᠯᠡᠵᠦ ᠲᠠᠯᠠᠢ ᠳᠤ ᠭᠠᠷᠬᠤ︾᠂ ︽ | ᠲᠠᠬᠢᠶ᠎ᠠ ᠵᠢᠭᠡᠯᠡᠵᠦ ᠥᠨᠳᠡᠭᠡ ᠲᠥᠷᠥᠭᠦᠯᠬᠦ︾ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠵᠠᠬ᠎ᠠ ᠳᠡᠯᠭᠡᠭᠦᠷᠴᠢᠯᠡᠨ | ᠬᠡᠯᠪᠡᠷᠢ ᠪᠠᠨ ᠬᠤᠪᠢᠷᠠᠭᠤᠯᠬᠤ ᠶᠢ ᠲᠦᠷᠭᠡᠪᠴᠢᠯᠡᠨ ᠠᠬᠢᠭᠤᠯᠵᠤ᠂ ᠭᠤᠣᠯᠯᠠᠬᠤ ᠥᠷᠢᠰᠥᠯᠳᠦᠬᠦ ᠬᠦᠴᠦᠨ ᠢ | ᠳᠡᠭᠡᠭᠰᠢᠯᠡᠭᠦᠯᠦᠨ᠎ᠡ᠃ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠷᠠᠯᠵᠢᠶ᠎ᠠ ᠶᠢᠨ ᠭᠤᠤᠯ ᠴᠣᠭᠴᠠ ᠶᠢᠨ ᠢᠲᠡᠭᠡᠮᠵᠢ ᠶᠢᠨ ᠦᠨᠡᠯᠡᠯᠲᠡ ᠶᠢᠨ | ᠤᠯᠤᠰ ᠤᠨ ᠪᠠᠷᠢᠮᠵᠢᠶᠠᠵᠢᠭᠤᠯᠤᠯᠲᠠ ᠶᠢᠨ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ | ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠬᠠᠮᠢᠶᠠᠷᠤᠯᠲᠠ ᠪᠠ ᠬᠦᠷᠢᠶᠡᠯᠡᠨ ᠳᠠᠭᠠᠭᠠᠴᠢᠯᠠᠯᠲᠠ ᠵᠠᠷᠯᠠᠬᠤ | ᠰᠦᠯᠪᠡᠭᠡᠯᠳᠦᠵᠦ ᠳᠠᠭᠠᠭᠠᠴᠢᠯᠠᠯᠲᠠ ᠵᠠᠷᠯᠠᠬᠤ ᠡᠮᠬᠢ ᠵᠠᠮᠪᠠᠷᠠᠭ᠎ᠠ ᠦᠭᠡᠢ ᠦᠵᠡᠭᠳᠡᠯ ᠢ ᠵᠠᠰᠠᠬᠤ ᠶᠢ ᠴᠢᠩᠭᠠᠳᠬᠠᠨ᠎ᠠ᠃ | ᠭᠠᠵᠠᠷ ᠰᠢᠷᠣᠶ ᠶᠢᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠰᠠᠶᠢᠲᠤᠷ ᠬᠢᠵᠦ᠂ ᠭᠠᠵᠠᠷ ᠰᠢᠷᠣᠶ ᠶᠢᠨ ᠡᠬᠢ | ᠪᠠᠶᠠᠯᠢᠭ ᠢ ᠳᠠᠪᠠᠭᠤᠯᠢᠭ ᠠᠵᠤ ᠦᠢᠯᠡᠰ᠂ ᠴᠢᠬᠤᠯᠠ ᠶᠡᠭᠡ ᠲᠦᠷᠥᠯ ᠵᠦᠢᠯ ᠲᠡᠰᠢ ᠲᠥᠪᠯᠡᠷᠡᠭᠦᠯᠬᠦ ᠶᠢ ᠲᠦᠯᠬᠢᠨ | ᠠᠬᠢᠭᠤᠯᠤᠨ᠎ᠠ᠃ ᠳᠥᠷᠪᠡᠳᠦᠭᠡᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠬᠦᠯᠡᠩ ᠤᠨ ᠴᠤᠭᠯᠠᠭᠠᠨ᠂ | ᠤᠯᠤᠰ ᠤᠨ ᠤᠮᠠᠷᠠᠰᠢ ᠨᠡᠭᠡᠭᠡᠯᠲᠡ ᠬᠢᠬᠦ ᠠᠵᠤ ᠠᠬᠤᠶ ᠠᠷᠠᠯᠵᠢᠶᠠᠨ ᠤ ᠵᠥᠪᠳᠡᠯᠴᠡᠬᠡᠷ ᠤᠨ ᠬᠤᠷᠠᠯ ᠢ ᠰᠠᠶᠢᠲᠤᠷ | ᠡᠷᠭᠢᠯᠡᠨ᠎ᠡ᠃ ᠤᠯᠠᠨ ᠤᠯᠤᠰ ᠤᠨ ᠨᠥᠬᠦᠷᠰᠡᠭ ᠬᠤᠳᠠ ᠶᠢᠨ ᠶᠠᠪᠤᠯᠴᠠᠭ᠎ᠠ ᠶᠢ ᠨᠡᠮᠡᠭᠳᠡᠭᠦᠯᠵᠦ᠂ ᠰᠣᠶᠣᠯ ᠢᠷᠭᠡᠨᠰᠢᠯ᠂ | ᠠᠵᠤ ᠠᠬᠤᠶ ᠠᠷᠠᠯᠵᠢᠶ᠎ᠠ ᠵᠡᠷᠭᠡ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ | ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ | ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠵᠡᠷᠭᠡ ᠲᠠᠪᠴᠠᠩ ᠤᠨ ᠴᠢᠳᠠᠮᠵᠢ ᠶᠢ ᠲᠡᠭᠦᠯᠳᠡᠷᠵᠢᠭᠦᠯᠵᠦ᠂ | ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠢ ᠭᠤᠶᠤᠴᠢᠯᠠᠨ | ᠪᠠᠶᠢᠭᠤᠯᠬᠤ ᠠᠵᠢᠯ ᠢ ᠡᠬᠢᠯᠡᠭᠦᠯᠦᠨ᠎ᠡ᠃ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢ | ᠪᠠᠶᠢᠩᠭᠤᠵᠢᠭᠤᠯᠤᠨ ᠠᠵᠢᠯᠯᠠᠭᠤᠯᠵᠤ᠂ ︽ᠠᠵᠤ ᠠᠬᠤᠶ ᠶᠢᠨ ᠵᠠᠮ︾ ᠢ ︽ᠵᠠᠮ ᠨᠡᠪᠲᠡᠷᠡᠯᠭᠡ ᠶᠢᠨ ᠠᠵᠤ ᠠᠬᠤᠶ︾ | ᠳᠠᠰᠢ ᠬᠤᠪᠢᠷᠠᠭᠤᠯᠬᠤ ᠶᠢ ᠠᠬᠢᠭᠤᠯᠤᠨ᠎ᠠ᠃ | ︵ᠲᠠᠪᠤ︶ ᠬᠤᠲᠠ ᠶᠢ ᠴᠢᠨᠠᠷ ᠰᠠᠶᠢᠲᠠᠢ ᠪᠥᠲᠦᠭᠡᠨ ᠪᠠᠶᠢᠭᠤᠯᠵᠤ ᠲᠥᠯᠦᠪᠵᠢᠭᠦᠯᠦᠨ ᠬᠠᠮᠢᠶᠠᠷᠤᠨ᠎ᠠ | ᠲᠥᠯᠦᠪᠵᠢᠭᠦᠯᠭᠡ ᠶᠢᠨ ᠬᠢᠵᠠᠭᠠᠷᠯᠠᠯ ᠢ ︽ᠴᠢᠭᠳᠡᠯᠠᠨᠠ︾᠃ ᠤᠯᠤᠰ ᠤᠨ ᠨᠤᠲᠤᠭ ᠳᠡᠪᠢᠰᠬᠡᠷ ᠤᠨ ᠣᠷᠣᠨ | ᠵᠠᠢ ᠶᠢᠨ ᠶᠡᠷᠦᠩᠬᠡᠢ ᠲᠥᠯᠦᠪᠵᠢᠭᠦᠯᠭᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠤᠳᠠ ᠶᠢᠨ ᠶᠡᠷᠦᠩᠬᠡᠢ ᠵᠢᠷᠤᠭ | ᠲᠥᠯᠥᠪᠯᠡᠭᠡ ᠶᠢ ᠲᠣᠪᠤᠶᠢᠯᠭᠠᠨ᠂ ᠲᠥᠯᠦᠪᠵᠢᠭᠦᠯᠭᠡ ᠶᠢᠨ ᠬᠠᠲᠠᠭᠤ ᠴᠢᠩᠭ᠎ᠠ ᠬᠢᠵᠠᠭᠠᠷᠯᠠᠬᠤ ᠬᠦᠴᠦᠨ᠂ ᠬᠡᠷᠡᠭᠵᠢᠭᠦᠯᠬᠦ | ᠬᠦᠴᠦᠨ ᠢ ᠴᠢᠩᠭᠠᠷᠠᠭᠤᠯᠤᠨ᠎ᠠ᠃ ︽ᠨᠢᠭᠡ ᠭᠤᠣᠯ ᠨᠢᠭᠡ ᠳᠡᠳ᠋︾᠂ ︽ᠨᠢᠭᠡ ᠭᠤᠣᠯᠯᠠᠭᠴᠢ ᠬᠤᠶᠠᠷ ᠵᠢᠭᠦᠷ︾ ᠤᠨ | ᠬᠤᠳᠠ ᠶᠢᠨ ᠣᠷᠣᠨ ᠵᠠᠢ ᠶᠢᠨ ᠪᠠᠶᠢᠷᠢᠰᠢᠭᠤᠯᠤᠯᠲᠠ ᠶᠢ ᠲᠠᠰᠤᠷᠠᠯᠳᠠ ᠦᠭᠡᠢ ᠰᠢᠯᠢᠳᠡᠭᠵᠢᠭᠦᠯᠵᠦ᠂ ︽ᠨᠢᠭᠡ | ᠬᠥᠨᠳᠡᠯᠡᠨ᠂ ᠬᠤᠶᠠᠷ ᠭᠤᠯᠳᠤ᠂ ᠲᠦᠷᠪᠡᠨ ᠲᠣᠭᠤᠷᠢᠯ ᠵᠠᠮ᠂ ᠭᠤᠷᠪᠠᠨ ᠬᠦᠢᠰᠦ︾ ᠶᠢᠨ ᠬᠤᠳᠠ ᠶᠢᠨ ᠪᠣᠰᠤᠭ᠎ᠠ | ᠴᠣᠭᠴᠠᠲᠤ ᠵᠠᠮ ᠬᠠᠷᠢᠯᠴᠠᠭᠠᠨ ᠤ ᠪᠠᠶᠢᠷᠢᠰᠢᠭᠤᠯᠤᠯᠲᠠ ᠶᠢ ᠲᠦᠷᠭᠡᠪᠴᠢᠯᠡᠨ ᠪᠠᠶᠢᠭᠤᠯᠵᠤ᠂ ︽ᠬᠤᠶᠠᠷ ᠬᠠᠯᠬᠠᠪᠴᠢ᠂ | ᠲᠦᠷᠪᠡᠨ ᠪᠦᠰᠡ︾ ᠶᠢᠨ ᠬᠤᠳᠠ ᠶᠢᠨ ᠠᠮᠢ ᠠᠬᠤᠢ ᠶᠢᠨ ᠣᠷᠣᠨ ᠵᠠᠢ ᠶᠢᠨ ᠪᠠᠶᠢᠷᠢᠰᠢᠭᠤᠯᠤᠯᠲᠠ ᠶᠢ | ᠲᠡᠭᠦᠯᠳᠡᠷᠵᠢᠭᠦᠯᠦᠨ ᠳᠡᠭᠡᠭᠰᠢᠯᠡᠭᠦᠯᠵᠦ᠂ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠳᠠ ᠶᠢ ᠪᠦᠬᠦ ᠲᠠᠯ᠎ᠠ ᠪᠠᠷ | ᠪᠦᠲᠦᠭᠡᠨ ᠪᠠᠶᠢᠭᠤᠯᠤᠨ᠎ᠠ᠃ | ᠰᠠᠭᠤᠷᠢ ᠪᠡᠯᠡᠳᠬᠡᠮᠵᠢ ᠶᠢ ︽ᠬᠦᠴᠦᠷᠬᠡᠭᠵᠢᠭᠦᠯᠦᠨ᠎ᠡ︾᠃ ᠰᠢᠨ᠎ᠡ ᠨᠢᠰᠬᠡᠯ ᠤᠨ ᠪᠠᠭᠤᠳᠠᠯ ᠤᠨ ᠠᠶᠠᠯᠠᠯ ᠤᠨ | ᠥᠷᠲᠡᠭᠡᠨ ᠤ ᠲᠣᠭᠤᠷᠢᠭ᠂ ᠨᠢᠰᠦᠯᠲᠡ ᠶᠢᠨ ᠲᠣᠭᠤᠷᠢᠭ ᠵᠡᠷᠭᠡ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠵᠦ᠂ 80 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠦᠨ᠎ᠡ᠃ ᠯᠣᠣ ᠨᠢᠦ | ᠸᠠᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ | ᠣᠷᠤᠭᠤᠯᠤᠨ᠎ᠠ᠃ G5901 ᠢᠯᠢ ᠶᠢᠨ ᠣᠲᠣ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ ᠶᠢᠨ | ᠬᠠᠷᠢᠯᠴᠠᠨ ᠨᠡᠪᠲᠡᠷᠡᠬᠦᠯᠬᠦ᠂ G6 ᠲᠦᠷᠭᠡᠨ ᠤ ᠵᠠᠮ ᠬᠢᠭᠡᠳ ᠵᠡᠭᠦᠨ ᠬᠤᠶᠠᠳᠤᠭᠠᠷ ᠲᠣᠭᠤᠷᠢᠯ ᠵᠠᠮ ᠢ ᠬᠠᠷᠢᠯᠴᠠᠨ | ᠨᠡᠪᠲᠡᠷᠡᠭᠦᠯᠬᠦ ᠵᠡᠷᠭᠡ ᠪᠠᠷᠢᠯ᠎ᠠ ᠶᠢ ᠪᠠᠶᠢᠭᠤᠯᠵᠤ ᠳᠠᠭᠤᠰᠬᠠᠨ ᠲᠡᠷᠭᠡ ᠨᠡᠪᠲᠡᠷᠡᠭᠦᠯᠬᠦ ᠶᠢ ᠠᠬᠢᠭᠤᠯᠵᠤ᠂ S43 ᠰᠢᠨ᠎ᠡ | ᠨᠢᠰᠬᠡᠯ ᠤᠨ ᠪᠠᠭᠤᠳᠠᠯ ᠤᠨ ᠲᠦᠷᠭᠡᠨ ᠤ ᠵᠠᠮ᠂ S29 ᠬᠥᠬᠡᠬᠤᠲᠠ ᠠᠴᠠ ᠯᠢᠶᠠᠩ ᠴᠧᠩ ᠬᠦᠷᠬᠦ ᠲᠦᠷᠭᠡᠨ ᠤ ᠵᠠᠮ᠂ | S311 ᠦᠴᠦᠸᠠᠨ ᠠᠴᠠ ᠶᠠᠩ ᠱᠤ᠋ ᠪᠠ ᠬᠦᠷᠬᠦ ᠵᠠᠰᠠᠮᠠᠯ ᠵᠠᠮ ᠤᠨ ᠭᠤᠣᠯ ᠴᠣᠭᠴᠠ ᠶᠢᠨ ᠪᠠᠷᠢᠯᠭ᠎ᠠ ᠶᠢ | ᠳᠠᠭᠤᠰᠬᠠᠨ᠎ᠠ᠃ S27 ᠬᠥᠬᠡᠬᠤᠲᠠ ᠠᠴᠠ ᠣᠷᠳᠤᠰ ᠬᠦᠷᠬᠦ ᠲᠦᠷᠭᠡᠨ ᠤ ᠵᠠᠮ᠂ G59 ᠬᠥᠬᠡᠬᠤᠲᠠ ᠶᠢᠨ | ᠬᠤᠶᠢᠲᠤ ᠬᠡᠰᠡᠭ ᠤᠨ ᠲᠦᠷᠭᠡᠨ ᠤ ᠵᠠᠮ ᠬᠢᠭᠡᠳ G209 ᠤᠨ ᠬᠤᠯᠪᠣᠬᠤ ᠱᠤᠭᠤᠮ ᠤᠨ ᠪᠠᠷᠢᠯᠭ᠎ᠠ ᠶᠢ ᠠᠵᠢᠯ | ᠡᠬᠢᠯᠡᠭᠦᠯᠦᠨ ᠪᠦᠲᠦᠭᠡᠨ ᠪᠠᠶᠢᠭᠤᠯᠵᠤ᠂ ᠬᠥᠬᠡᠬᠤᠲᠠ ᠠᠴᠠ ᠴᠢᠩ ᠱᠦᠢ ᠾᠧ ᠬᠦᠷᠬᠦ ᠲᠦᠷᠭᠡᠨ ᠤ ᠵᠠᠮ ᠤᠨ | ᠲᠥᠷᠥᠯ ᠵᠦᠢᠯ ᠢ ᠡᠬᠢᠯᠡᠭᠦᠯᠦᠨ ᠬᠡᠷᠡᠭᠵᠢᠭᠦᠯᠵᠦ᠂ ᠰᠢᠨ᠎ᠡ ᠨᠢᠰᠬᠡᠯ ᠤᠨ ᠪᠠᠭᠤᠳᠠᠯ ᠤᠨ ᠬᠥᠩᠭᠡᠨ ᠲᠡᠮᠦᠷ ᠵᠠᠮ ᠤᠨ | ᠡᠮᠦᠨᠡᠬᠢ ᠬᠤᠭᠤᠴᠠᠭᠠᠨ ᠤ ᠠᠵᠢᠯ ᠢ ᠥᠷᠨᠢᠭᠦᠯᠦᠨ᠎ᠡ᠃ ᠭᠤᠷᠪᠠᠳᠤᠭᠠᠷ ᠲᠣᠭᠤᠷᠢᠯ ᠵᠠᠮ᠂ ᠬᠠᠶᠢᠯᠠᠷ ᠶᠡᠭᠡ ᠵᠡᠭᠡᠯᠢ ᠶᠢᠨ | ᠵᠡᠭᠦᠨᠰᠢ ᠪᠠᠷᠠᠭᠤᠨᠰᠢ ᠥᠷᠭᠦᠯᠵᠢᠯᠡᠭᠰᠡᠨ ᠬᠡᠰᠡᠭ᠂ ᠪᠠᠶᠠᠨ ᠵᠠᠮ ᠤᠨ ᠡᠮᠦᠨ᠎ᠡ ᠤᠮᠠᠷ᠎ᠠ ᠬᠡᠰᠡᠭ ᠤᠨ ᠭᠠᠵᠠᠷ ᠳᠡᠭᠡᠷᠡᠬᠢ | ᠪᠠ ᠭᠠᠵᠠᠷ ᠳᠣᠣᠷᠠᠬᠢ ᠰᠡᠭᠦᠯ ᠬᠤᠷᠢᠶᠠᠬᠤ ᠢᠨᠵᠧᠨᠧᠷᠢᠩ ᠢ ᠳᠠᠭᠤᠰᠬᠠᠵᠤ᠂ ᠵᠡᠭᠦᠨ ᠠᠶᠠᠨᠴᠢᠳ ᠤᠨ ᠥᠷᠲᠡᠭᠡ ᠶᠢᠨ | ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠬᠦᠢᠰᠦ ᠶᠢ ᠪᠠᠶᠢᠭᠤᠯᠵᠤ ᠳᠠᠭᠤᠰᠬᠠᠨ᠎ᠠ᠃ 50 ᠵᠤᠷᠪᠤᠰ ᠬᠤᠳᠠ ᠶᠢᠨ | ᠶᠠᠪᠤᠳᠠᠯ ᠤᠨ ᠵᠠᠮ ᠢ ᠰᠢᠨ᠎ᠡ ᠪᠠᠷ ᠪᠠᠶᠢᠭᠤᠯᠬᠤ ᠪᠠ ᠦᠷᠭᠦᠯᠵᠢᠯᠡᠨ ᠪᠠᠶᠢᠭᠤᠯᠵᠤ᠂ 31 ᠵᠤᠷᠪᠤᠰ ᠬᠤᠳᠠ ᠶᠢᠨ | ᠲᠣᠭᠤᠷᠢᠭ ᠤᠨ ︽ᠮᠤᠬᠤᠷ ᠵᠠᠮ︾ ᠢ ᠨᠠᠪᠲᠠᠷᠡᠭᠦᠯᠵᠦ᠂ 28 ᠵᠤᠷᠪᠤᠰ ᠭᠤᠣᠯ ᠪᠠ ᠳᠡᠳ᠋ ᠭᠤᠣᠯ ᠵᠠᠮ ᠤᠨ ᠵᠡᠭᠡᠯᠢ | ᠭᠤᠳᠤᠮᠵᠢ ᠶᠢ ᠴᠡᠭᠴᠡᠯᠡᠨ ᠵᠠᠰᠠᠬᠤ ᠶᠢ ᠬᠡᠷᠡᠭᠵᠢᠭᠦᠯᠵᠦ᠂ 140 ᠵᠤᠷᠪᠤᠰ ᠵᠡᠭᠡᠯᠢ ᠭᠤᠳᠤᠮᠵᠢ ᠶᠢᠨ ᠠᠷᠤ ᠳᠠᠬᠢ | ᠵᠢᠵᠢᠭ ᠭᠤᠳᠤᠮᠵᠢ ᠶᠢ ᠥᠭᠡᠷᠡᠴᠢᠯᠡᠨ ᠵᠠᠰᠠᠨ᠎ᠠ᠃ ᠶᠢᠨ ᠱᠠᠨ ︱ ᠦᠴᠦᠸᠠᠨ᠂ ᠬᠤᠩ ᠱᠧᠩ ︱ ᠦᠴᠦᠸᠠᠨ 2 | ᠵᠤᠷᠪᠤᠰ ᠬᠤᠣᠰ ᠪᠤᠴᠠᠯᠲᠠ ᠶᠢᠨ ᠱᠤᠭᠤᠮ ᠤᠨ ᠴᠠᠬᠢᠯᠭᠠᠨ ᠬᠦᠴᠦᠨ ᠤ ᠵᠠᠮ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠵᠦ᠂ ᠬᠤᠲᠠ ᠶᠢᠨ ᠲᠣᠭᠤᠷᠢᠭ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ 31 ᠪᠠᠷᠢᠯᠭ᠎ᠠ ᠶᠢ | ᠬᠡᠷᠡᠭᠵᠢᠭᠦᠯᠦᠨ᠎ᠡ᠃ ᠤᠯᠤᠰ ᠤᠨ ᠬᠠᠶᠢᠮᠢᠶᠠᠨ ᠬᠤᠲᠠ ᠶᠢᠨ ᠵᠢᠱᠢᠶ᠎ᠡ ᠦᠵᠡᠭᠦᠯᠬᠦ ᠬᠤᠲᠠ ᠶᠢᠨ ᠪᠦᠲᠦᠭᠡᠨ | ᠪᠠᠶᠢᠭᠤᠯᠤᠯᠲᠠ ᠶᠢᠨ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠣᠭᠲᠠᠬᠤ ᠴᠢᠩ ᠱᠦᠢ ᠾᠧ ᠤᠨ | ᠳᠠᠬᠢᠯᠲᠠ ᠤᠰᠤᠨ ᠤ ᠤᠷᠲᠤ ᠬᠤᠭᠤᠯᠠᠢ ᠶᠢᠨ ᠱᠤᠭᠤᠮ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠵᠤ᠂ ᠬᠠᠲᠤᠨ ᠭᠤᠣᠯ ᠤᠨ ᠤᠰᠤ ᠶᠢ ᠬᠥᠬᠡᠬᠤᠲᠠ ᠳᠤ ᠲᠠᠲᠠᠵᠤ ᠣᠷᠣᠭᠤᠯᠬᠤ ᠭᠤᠷᠪᠠᠳᠤᠭᠠᠷ | ᠬᠤᠭᠤᠴᠠᠭᠠᠨ ᠤ ᠪᠠᠷᠢᠯᠭ᠎ᠠ ᠶᠢ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ | ᠠᠮᠢᠳᠤᠷᠠᠯ ᠤᠨ ᠬᠤᠭ ᠨᠣᠪᠰᠢ ᠶᠢ ᠰᠢᠲᠠᠭᠠᠵᠤ ᠴᠠᠬᠢᠯᠭᠠᠨ ᠭᠠᠷᠭᠠᠬᠤ ᠵᠢᠩ ᠴᠧᠩ ᠤᠨ ᠨᠢᠭᠡᠳᠦᠭᠡᠷ ᠬᠤᠭᠤᠴᠠᠭᠠᠨ ᠤ | 2 ᠳ᠋ᠤᠭᠠᠷ ᠱᠤᠭᠤᠮ ᠤᠨ ᠲᠥᠷᠦᠯ ᠵᠦᠢᠯ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠤᠭᠤᠯᠤᠨ᠎ᠠ᠃ ᠰᠢᠨ᠎ᠡ | ᠨᠢᠰᠬᠡᠯ ᠤᠨ ᠪᠠᠭᠤᠳᠠᠯ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠯᠠᠮᠠ ᠶᠢᠨ ᠠᠶᠢᠯ ᠤᠨ ᠭᠠᠵᠠᠷ ᠳᠣᠣᠷᠠᠬᠢ | ᠮᠠᠶ᠋ᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠡᠬᠢᠯᠡᠨ ᠪᠠᠶᠢᠭᠤᠯᠵᠤ᠂ ᠰᠢᠨᠵᠢᠯᠡᠬᠦ ᠤᠬᠠᠭᠠᠨ | ᠮᠡᠷᠭᠡᠵᠢᠯ ᠤᠨ ᠬᠤᠲᠠ ᠶᠢᠨ EOD ᠭᠠᠵᠠᠷ ᠳᠣᠣᠷᠠᠬᠢ ᠮᠠᠶ᠋ᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ | ᠭᠦᠩᠵᠦ ᠶᠢᠨ ᠣᠷᠳᠣᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ | ᠲᠥᠷᠥᠯ ᠵᠦᠢᠯ᠂ ᠵᠢᠨᠴᠢᠶᠣᠣ ᠠᠵᠤ ᠦᠢᠯᠡᠳᠪᠦᠷᠢ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠪᠠᠶᠢᠭᠤᠯᠵᠤ | ᠳᠠᠭᠤᠰᠬᠠᠨ ᠠᠰᠢᠭᠯᠠᠯᠲᠠ ᠳᠤ ᠣᠷᠤᠭᠤᠯᠵᠤ᠂ ᠬᠤᠲᠠ ᠶᠢᠨ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ | ᠴᠢᠳᠠᠪᠤᠷᠢ ᠬᠦᠷᠦᠯᠴᠡᠬᠦ ᠦᠭᠡᠢ ᠠᠰᠠᠭᠤᠳᠠᠯ ᠢ ᠦᠨᠳᠦᠰᠦᠨ ᠠᠴᠠ ᠨᠢ ᠲᠤᠶᠢᠯᠪᠤᠷᠢᠲᠠᠢ ᠰᠢᠢᠳᠪᠦᠷᠢᠯᠡᠨ᠎ᠡ᠃ | ᠬᠤᠳᠠ ᠶᠢᠨ ᠣᠷᠴᠢᠨ ᠲᠣᠭᠤᠷᠢᠨ ᠢ ︽ᠰᠢᠯᠢᠳᠡᠭᠵᠢᠭᠦᠯᠦᠨ᠎ᠡ︾᠃ 309 ᠬᠠᠭᠤᠴᠢᠨ ᠬᠤᠷᠢᠶᠠᠯᠠᠯ ᠤᠨ | ᠥᠭᠡᠷᠡᠴᠢᠯᠡᠯᠲᠡ ᠶᠢ ᠪᠡᠶᠡᠯᠡᠭᠦᠯᠵᠦ᠂ ᠬᠠᠭᠤᠴᠢᠨ ᠠᠶᠢᠯ᠂ ᠪᠠᠷᠠᠭᠤᠨ ᠬᠠᠭᠤᠴᠢᠨ ᠵᠠᠮ ᠲᠣᠰᠬᠤᠨ᠂ ᠪᠦᠦ ᠴᠢᠤᠸᠠᠨ | ᠲᠤᠰᠬᠤᠨ᠂ ᠬᠤᠣᠰ ᠮᠣᠳᠤ ᠠᠶᠢᠯ ᠵᠡᠷᠭᠡ 7 ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ | ᠥᠭᠡᠷᠡᠴᠢᠯᠡᠯᠲᠡ ᠶᠢ ᠬᠡᠷᠡᠭᠵᠢᠭᠦᠯᠦᠨ᠎ᠡ᠃139 ᠺᠢᠯᠣᠮᠧᠲᠷ ᠬᠠᠭᠤᠴᠢᠷᠠᠭᠰᠠᠨ ᠰᠢᠲᠠᠮᠠᠬᠠᠢ ᠬᠡᠢ ᠶᠢᠨ ᠬᠤᠭᠤᠯᠠᠢ ᠶᠢᠨ | ᠲᠣᠣᠷ ᠢ ᠰᠢᠨᠡᠳᠬᠡᠨ ᠥᠭᠡᠷᠡᠴᠢᠯᠡᠬᠦ ᠠᠵᠢᠯ ᠢ ᠳᠠᠭᠤᠰᠬᠠᠵᠤ᠂ 5.1 ᠲᠦᠮᠡᠨ ᠡᠷᠦᠬᠡ ᠰᠠᠭᠤᠭᠠᠯᠢ ᠠᠷᠠᠳ ᠤᠨ ᠭᠡᠷ | ᠳᠣᠲᠣᠷᠠᠬᠢ ᠰᠢᠲᠠᠮᠠᠬᠠᠢ ᠬᠡᠢ ᠶᠢᠨ ᠪᠣᠰᠤᠭ᠎ᠠ ᠬᠤᠭᠤᠯᠠᠢ ᠶᠢᠨ ᠥᠭᠡᠷᠡᠴᠢᠯᠡᠯᠲᠡ ᠶᠢ ᠪᠡᠶᠡᠯᠡᠭᠦᠯᠦᠨ᠎ᠡ᠃ 34 | ᠺᠢᠯᠣᠮᠧᠲᠷ ᠢᠯᠴᠢ ᠬᠠᠩᠭᠠᠬᠤ ᠬᠤᠭᠤᠯᠠᠢ ᠶᠢᠨ ᠲᠣᠣᠷ ᠤᠨ ᠬᠤᠯᠪᠣᠯᠳᠤᠨ ᠨᠡᠪᠲᠡᠷᠡᠯᠴᠡᠬᠦ ᠢᠨᠵᠧᠨᠧᠷᠢᠩ ᠢ | ᠬᠡᠷᠡᠭᠵᠢᠭᠦᠯᠦᠨ᠎ᠡ᠃ 34 ᠤᠰᠤ ᠲᠤᠨᠤᠬᠤ ᠵᠠᠩᠭᠢᠯᠠᠭ᠎ᠠ ᠴᠡᠭ ᠢ ᠥᠭᠡᠷᠡᠴᠢᠯᠡᠨ᠎ᠡ᠃ ᠳᠠᠯᠠᠨ ᠬᠠᠷ᠎ᠠ ᠠᠭᠤᠯᠠ ᠶᠢᠨ | ᠡᠮᠦᠨ᠎ᠡ ᠪᠠᠯ ᠤᠨ ︽ᠠᠮᠢ ᠠᠬᠤᠢ ᠶᠢᠨ ᠨᠣᠭᠤᠭᠠᠨ ᠪᠦᠰᠡ︾ ᠶᠢ ᠳᠡᠭᠡᠭᠰᠢᠯᠡᠭᠦᠯᠬᠦ ᠪᠠᠷᠢᠯᠭ᠎ᠠ ᠶᠢ ᠬᠡᠷᠡᠭᠵᠢᠭᠦᠯᠦᠨ᠎ᠡ᠃ | ᠬᠠᠷᠮᠠᠨ ᠴᠡᠴᠡᠷᠯᠢᠭ ᠪᠠ ᠨᠡᠶᠢᠭᠡᠮ ᠲᠣᠭᠤᠷᠢᠭ ᠤᠨ ᠵᠤᠭᠠᠴᠠᠯ ᠤᠨ ᠬᠦᠷᠢᠶᠡᠯᠡᠩ ᠢ 300 ᠶᠢ ᠰᠢᠨ᠎ᠡ ᠪᠠᠷ ᠪᠠᠶᠢᠭᠤᠯᠤᠨ | ᠳᠡᠭᠡᠭᠰᠢᠯᠡᠭᠦᠯᠵᠦ᠂ 1000 ᠨᠣᠭᠤᠭᠠᠷᠠᠭᠤᠯᠤᠯᠲᠠ ᠶᠢᠨ ᠵᠠᠩᠭᠢᠯᠠᠭ᠎ᠠ ᠴᠡᠭ ᠢ ᠥᠭᠡᠷᠡᠴᠢᠯᠡᠨ ᠪᠠᠶᠢᠭᠤᠯᠵᠤ᠂ | ᠬᠤᠲᠠ ᠶᠢᠨ ᠨᠣᠭᠤᠭᠠᠨ ᠵᠠᠮ ᠢ 200 ᠺᠢᠯᠣᠮᠧᠲᠷ᠂ ᠶᠡᠭᠡ ᠲᠦᠷᠭᠡᠨ ᠭᠤᠣᠯ ᠤᠨ ᠲᠡᠭᠦᠷᠭᠡ ᠶᠢᠨ ᠴᠡᠴᠡᠭ ᠤᠨ | ᠲᠡᠯᠡᠶ ᠶᠢ 7000 ᠮᠦ ᠪᠦᠲᠦᠭᠡᠨ ᠪᠠᠶᠢᠭᠤᠯᠵᠤ᠂ ᠭᠤᠷᠪᠠᠳᠤᠭᠠᠷ ᠲᠣᠭᠤᠷᠢᠯ ᠵᠠᠮ ᠳᠠᠭᠠᠤ ᠶᠢᠨ ᠴᠡᠭᠴᠡᠯᠡᠨ ᠵᠠᠰᠠᠯᠲᠠ | ᠵᠢᠴᠢ ᠴᠢᠬᠤᠯᠠ ᠵᠠᠩᠭᠢᠯᠠᠭ᠎ᠠ ᠴᠡᠭ ᠤᠨ ᠨᠣᠭᠤᠭᠠᠷᠠᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠦᠨ᠎ᠡ᠃ ᠶᠡᠭᠡ | ᠲᠦᠷᠭᠡᠨ ᠭᠤᠣᠯ ᠤᠨ ᠴᠡᠷᠢᠭ ᠤᠨ ᠶᠠᠪᠤᠳᠠᠯ ᠤᠨ ᠭᠤᠣᠯ ᠰᠡᠳᠦᠪᠲᠦ ᠴᠡᠴᠡᠷᠯᠢᠭ᠂ ᠪᠠᠭ᠎ᠠ ᠲᠦᠷᠭᠡᠨ ᠭᠤᠣᠯ ᠤᠨ | ᠡᠭᠦᠳᠡ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠠᠯᠪᠠᠳᠠᠯᠭ᠎ᠠ ᠶᠢᠨ ᠴᠢᠨᠠᠷᠲᠠᠢ ᠪᠠ | ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢ ᠳᠡᠮᠵᠢᠵᠦ᠂ ᠪᠠᠲᠤᠯᠠᠭ᠎ᠠ ᠶᠢᠨ | ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ 3000 ᠢᠵᠢ ᠠᠴᠠ ᠳᠡᠭᠡᠭᠰᠢ ᠪᠡᠯᠡᠳᠬᠡᠨ ᠴᠤᠭᠯᠠᠭᠤᠯᠵᠤ᠂ ᠣᠯᠠᠨ | ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ︽ᠠᠰᠠᠷ ᠢ ᠪᠠᠶᠢᠭᠤᠯᠵᠤ ᠳᠠᠭᠤᠰᠬᠠᠨ ᠲᠤᠰᠢᠶᠠᠬᠤ ᠶᠢ ᠪᠠᠲᠤᠯᠠᠬᠤ | ︾ ᠡᠭᠦᠷᠭᠡ ᠶᠢ ᠪᠡᠶᠡᠯᠡᠭᠦᠯᠵᠦ᠂ ᠰᠢᠨ᠎ᠡ ᠬᠤᠲᠠ ᠶᠢᠨ ᠠᠷᠠᠳ᠂ ᠵᠠᠯᠠᠭᠤᠴᠤᠳ ᠵᠡᠷᠭᠡ ᠶᠢᠨ ᠣᠷᠣᠨ ᠰᠠᠭᠤᠴᠠ ᠶᠢᠨ | ᠠᠰᠠᠭᠤᠳᠠᠯ ᠢ ᠰᠠᠶᠢᠲᠤᠷ ᠰᠢᠢᠳᠪᠦᠷᠢᠯᠡᠨ᠎ᠡ᠃ | ᠬᠤᠳᠠ ᠶᠢᠨ ᠬᠠᠮᠢᠶᠠᠷᠤᠯᠲᠠ ᠶᠢ ︽ᠰᠢᠯᠢᠳᠡᠭᠵᠢᠭᠦᠯᠦᠨ᠎ᠡ︾᠃ ᠬᠤᠲᠠ ᠶᠢᠨ ᠳᠦᠷᠰᠦ ᠪᠠᠶᠢᠳᠠᠯ᠂ ᠪᠣᠯᠪᠠᠰᠤᠨ | ᠵᠠᠮ ᠬᠠᠷᠢᠯᠴᠠᠭ᠎ᠠ᠂ ᠵᠠᠷ ᠮᠡᠳᠡᠭᠡᠨ ᠤ ᠫᠠᠶᠢᠰᠠ ᠢᠯᠡᠷᠬᠡᠶᠢᠯᠡᠯ ᠵᠡᠷᠭᠡ ᠶᠢᠨ ᠲᠤᠰᠬᠠᠢ ᠴᠡᠭᠴᠡᠯᠡᠨ ᠵᠠᠰᠠᠯᠲᠠ ᠶᠢ | ᠭᠦᠨᠵᠡᠭᠡᠶᠢᠷᠡᠭᠦᠯᠵᠦ᠂ ᠠᠳᠠᠯ ᠠᠬᠤᠢ ᠦᠭᠡᠢ ᠬᠤᠷᠢᠶᠠᠯᠠᠯ ᠢ ︽ᠠᠷᠢᠯᠭᠠᠬᠤ︾ ᠶᠢ ᠠᠬᠢᠭᠤᠯᠤᠨ᠎ᠠ᠃ ᠬᠤᠳᠠ ᠶᠢᠨ | ᠪᠠᠷᠠᠭᠤᠨ ᠬᠡᠰᠡᠭ ᠤᠨ ᠣᠷᠣᠨ ᠪᠦᠰᠡ ᠶᠢᠨ ᠣᠷᠴᠢᠨ ᠠᠬᠤᠢ ᠶᠢ ᠶᠡᠬᠡᠪᠡᠷ ᠴᠡᠭᠴᠡᠯᠡᠨ ᠵᠠᠰᠠᠬᠤ᠂ ᠶᠠᠰᠤ ᠴᠢᠨᠠᠷ ᠢ | ᠶᠡᠬᠡᠪᠡᠷ ᠳᠡᠭᠡᠭᠰᠢᠯᠡᠭᠦᠯᠬᠦ ᠶᠢ ᠲᠦᠯᠬᠢᠨ ᠠᠬᠢᠭᠤᠯᠵᠤ᠂ ᠶᠡᠬᠡᠪᠡᠷ ᠨᠤᠷᠠᠭᠠᠵᠤ ᠶᠡᠬᠡᠪᠡᠷ ᠪᠠᠶᠢᠭᠤᠯᠬᠤ ᠠᠵᠢᠯ ᠢ ᠬᠢᠬᠦ | ᠦᠭᠡᠢ᠂ ᠨᠠᠷᠢᠨ ᠵᠦᠢᠯᠡᠰ ᠢ ᠰᠢᠨᠡᠳᠬᠡᠬᠦ᠂ ᠵᠡᠭᠡᠯᠢ ᠭᠤᠳᠤᠮᠵᠢ ᠶᠢ ᠴᠡᠭᠴᠡᠯᠡᠨ ᠵᠠᠰᠠᠬᠤ᠂ ᠬᠠᠮᠢᠶᠠᠷᠤᠯᠲᠠ ᠶᠢ | ᠵᠢᠷᠤᠮᠵᠢᠭᠤᠯᠬᠤ ᠵᠡᠷᠭᠡ ᠠᠵᠢᠯᠯᠠᠭ᠎ᠠ ᠶᠢ ᠭᠤᠣᠯᠳᠠᠯᠭ᠎ᠠ ᠲᠠᠢ ᠬᠡᠷᠡᠭᠵᠢᠭᠦᠯᠦᠨ᠎ᠡ᠃ ᠬᠤᠲᠠ ᠶᠢᠨ ᠶᠡᠭᠡ ᠲᠠᠷᠢᠬᠢ ᠶᠢ ᠲᠠᠰ | ᠳᠡᠪᠰᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠣᠶᠤᠨᠲᠤ ᠬᠤᠲᠠ ᠶᠢᠨ ᠬᠠᠮᠢᠶᠠᠷᠤᠯᠲᠠ᠂ ᠣᠶᠤᠨᠲᠤ ᠵᠠᠮ | ᠬᠠᠷᠢᠯᠴᠠᠭᠠᠨ ᠤ ᠬᠠᠮᠢᠶᠠᠷᠤᠯᠲᠠ᠂ ᠣᠶᠤᠨᠲᠤ ᠰᠢᠲᠠᠮᠠᠬᠠᠢ ᠬᠡᠢ᠂ ᠣᠶᠤᠨᠲᠤ ᠢᠯᠴᠢ ᠬᠠᠩᠭᠠᠬᠤ᠂ ᠣᠶᠤᠨᠲᠤ ᠭᠤᠣᠯ | ᠨᠠᠭᠤᠷ ᠵᠡᠷᠭᠡ ᠲᠥᠷᠥᠯ ᠵᠦᠢᠯ ᠢ ᠪᠦᠲᠦᠭᠡᠨ ᠪᠠᠶᠢᠭᠤᠯᠵᠤ᠂ ᠣᠯᠠᠨ ᠡᠰᠢᠵᠢᠭᠰᠡᠨ᠂ ᠣᠯᠠᠨ ᠲᠠᠯᠠᠪᠤᠷᠳᠤ ᠬᠤᠲᠠ ᠶᠢᠨ | ᠠᠵᠢᠯᠯᠠᠭᠠᠨ ᠤ ︽ᠨᠢᠭᠡ ᠰᠦᠯᠵᠢᠶ᠎ᠡ ᠪᠠᠷ ᠨᠢᠭᠡᠳᠦᠯᠲᠡᠢ ᠬᠠᠮᠢᠶᠠᠷᠬᠤ︾ ᠰᠢᠨ᠎ᠡ ᠪᠠᠶᠢᠷᠢᠰᠢᠯ ᠢ ᠪᠣᠶ ᠪᠣᠯᠭᠠᠨ᠎ᠠ᠃ | ︵ᠵᠢᠷᠭᠤᠭ᠎ᠠ︶ ᠲᠠᠷᠢᠶᠠᠯᠠᠩ ᠬᠥᠳᠡᠭᠡ ᠲᠣᠰᠬᠤᠨ ᠤ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ | ᠲᠠᠷᠢᠶᠠᠯᠠᠩ ᠤᠨ ᠰᠠᠭᠤᠷᠢ ᠶᠢ ᠨᠡᠩ ᠪᠠᠲᠤᠳᠬᠠᠬᠤ ᠶᠢ ᠲᠦᠯᠬᠢᠨ ᠠᠬᠢᠭᠤᠯᠤᠨ᠎ᠠ᠃ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠢ 12 ᠲᠦᠮᠡᠨ ᠮᠦ ᠰᠢᠨ᠎ᠡ ᠪᠠᠷ ᠪᠠᠶᠢᠭᠤᠯᠤᠨ ᠥᠭᠡᠷᠡᠴᠢᠯᠡᠵᠦ᠂ ᠴᠢᠨᠠᠷ ᠰᠠᠶᠢᠲᠠᠢ ᠴᠠᠷᠭᠠᠰᠤ ᠶᠢ 6 | ᠲᠦᠮᠡᠨ ᠮᠦ ᠰᠢᠨ᠎ᠡ ᠪᠠᠷ ᠨᠡᠮᠡᠭᠳᠡᠭᠦᠯᠦᠨ᠂ ᠨᠣᠭᠤᠭᠠᠨ ᠳᠠᠷᠤᠰᠢ ᠶᠢᠨ ᠡᠷᠳᠡᠨᠢ ᠰᠢᠰᠢ ᠶᠢ 10 ᠲᠦᠮᠡᠨ ᠮᠦ | ᠰᠢᠨ᠎ᠡ ᠪᠠᠷ ᠨᠡᠮᠡᠭᠳᠡᠭᠦᠯᠵᠦ᠂ ᠴᠢᠨᠠᠷ ᠰᠠᠶᠢᠲᠠᠢ ᠴᠠᠷᠭᠠᠰᠤ ᠶᠢᠨ ᠥᠪᠡᠷ ᠢ ᠪᠠᠨ ᠬᠠᠩᠭᠠᠬᠤ ᠨᠣᠷᠮ᠎ᠠ ᠶᠢ 45% ᠠᠴᠠ | ᠳᠡᠭᠡᠭᠰᠢ ᠳᠤ ᠬᠦᠷᠭᠡᠨ᠎ᠡ᠃ ᠪᠡᠯᠡᠳᠭᠡᠮᠵᠢᠳᠤ ᠢᠳᠡᠰᠢᠨ ᠨᠣᠭᠤᠭ᠎ᠠ ᠶᠢ 1000 ᠮᠤ᠋ ᠰᠢᠨ᠎ᠡ ᠪᠠᠷ ᠨᠡᠮᠡᠭᠳᠡᠭᠦᠯᠵᠦ᠂ | ᠵᠠᠳᠠᠭᠠᠢ ᠭᠠᠵᠠᠷ ᠤᠨ ᠢᠳᠡᠰᠢᠨ ᠨᠣᠭᠤᠭ᠎ᠠ ᠶᠢ 5000 ᠮᠤ᠋ ᠰᠢᠨ᠎ᠡ ᠪᠠᠷ ᠨᠡᠮᠡᠭᠳᠡᠭᠦᠯᠵᠦ᠂ ᠢᠳᠡᠰᠢᠨ ᠨᠣᠭᠤᠭ᠎ᠠ ᠶᠢᠨ | ᠭᠠᠷᠤᠯᠲᠠ ᠶᠢᠨ ᠣᠷᠣᠨ ᠤ ᠰᠢᠨ᠎ᠡ ᠰᠣᠷᠭᠤᠭ ᠪᠠᠶᠢᠯᠭᠠᠬᠤ ᠰᠡᠷᠢᠭᠦᠨ ᠢᠶᠠᠷ ᠬᠠᠳᠠᠭᠠᠯᠠᠬᠤ 12 ᠬᠥᠮᠥᠷᠭᠡ ᠶᠢ | ᠰᠢᠨ᠎ᠡ ᠪᠠᠷ ᠪᠠᠶᠢᠭᠤᠯᠤᠨ᠎ᠠ᠃ ᠬᠤᠩ ᠹᠦ᠋ ᠳᠡᠭᠡᠳᠦ ᠵᠡᠷᠭᠡ ᠶᠢᠨ ᠪᠡᠯᠡᠳᠬᠡᠮᠵᠢᠲᠦ ᠲᠠᠷᠢᠶᠠᠯᠠᠩ ᠤᠨ ᠬᠦᠷᠢᠶᠡᠯᠡᠩ ᠵᠡᠷᠭᠡ | ᠲᠦᠷᠦᠯ ᠵᠦᠢᠯ ᠢ ᠬᠡᠷᠡᠭᠵᠢᠭᠦᠯᠬᠦ ᠶᠢ ᠲᠦᠯᠬᠢᠨ ᠠᠬᠢᠭᠤᠯᠤᠨ᠎ᠠ᠃ ︽ᠰᠦ ᠶᠢᠨ ᠦᠢᠯᠡᠰ ᠤᠨ ᠶᠢᠰᠦᠨ ᠵᠤᠷᠪᠤᠰ︾ | ᠲᠥᠷᠥ ᠶᠢᠨ ᠪᠣᠳᠣᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠬᠡᠪᠴᠢᠶᠡᠵᠢᠭᠰᠡᠨ ᠰᠠᠭᠠᠯᠢ ᠶᠢᠨ ᠦᠨᠢᠶ᠎ᠡ ᠶᠢᠨ | ᠮᠠᠯᠵᠢᠯ ᠤᠨ ᠲᠠᠯᠠᠪᠠᠶ ᠶᠢ 10 ᠶᠢ ᠰᠢᠨ᠎ᠡ ᠪᠠᠷ ᠪᠠᠶᠢᠭᠤᠯᠬᠤ ᠪᠤᠶᠤ ᠦᠷᠭᠦᠯᠵᠢᠯᠡᠨ ᠪᠠᠶᠢᠭᠤᠯᠵᠤ᠂ ᠰᠠᠭᠠᠯᠢ ᠶᠢᠨ | ᠦᠨᠢᠶ᠎ᠡ ᠶᠢ 6 ᠲᠦᠮᠡ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ | ᠬᠥᠳᠡᠭᠡ ᠲᠣᠰᠬᠤᠨ ᠤ ᠬᠥᠭᠵᠢᠯᠲᠡ ᠶᠢ ᠨᠡᠩ ᠠᠮᠢᠵᠢᠷᠠᠯ ᠤᠨ ᠬᠦᠴᠦᠨ ᠲᠠᠢ ᠪᠣᠯᠭᠠᠨ᠎ᠠ᠃ ᠣᠲᠣ ᠦᠶ᠎ᠡ ᠶᠢᠨ | ᠬᠤᠲᠠ ᠶᠢᠨ ᠬᠡᠯᠪᠡᠷᠢ ᠶᠢᠨ ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠰᠡᠯᠡᠭᠦᠴᠡᠨ ᠲᠣᠭᠤᠷᠢᠬᠤ᠂ ᠥᠪᠡᠷᠲᠡᠭᠡᠨ ᠵᠢᠮᠢᠰ | ᠲᠡᠬᠦᠬᠦ᠂ ᠴᠡᠴᠡᠭ ᠰᠣᠨᠢᠷᠬᠠᠵᠤ ᠵᠢᠮᠢᠰ ᠠᠮᠲᠠᠯᠠᠬᠤ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠣᠶᠢᠵᠢᠭᠤᠯᠤᠨ᠂ | ᠨᠢᠭᠡᠳᠦᠭᠡᠷ ᠠᠵᠤ ᠦᠢᠯᠡᠰ ᠬᠢᠭᠡᠳ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠭᠦᠨᠵᠡᠭᠡᠢ ᠠᠭᠤᠰᠤᠯᠴᠠᠬᠤ ᠶᠢ | ᠠᠬᠢᠭᠤᠯᠤᠨ᠎ᠠ᠃ 120 ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠣᠷᠣᠭᠤᠯᠤᠨ ᠤᠰᠤ ᠶᠢ | ᠠᠪᠴᠢᠷᠠᠵᠤ ᠪᠣᠶᠢᠵᠢᠭᠤᠯᠤᠨ᠂ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠲᠠᠷᠢᠶᠠᠯᠠᠩ ᠮᠠᠯ | ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠲᠣᠰ ᠲᠣᠰ 1 ᠶᠢ ᠡᠭᠦᠳᠦᠨ ᠪᠠᠶᠢᠭᠤᠯᠤᠨ᠎ᠠ᠃ ᠤᠰᠤ | ᠠᠷᠪᠢᠯᠠᠵᠤ ᠤᠰᠤ ᠡᠵᠡᠮᠳᠡᠬᠦ ᠠᠵᠢᠯᠯᠠᠭ᠎ᠠ ᠶᠢ ᠥᠷᠨᠢᠭᠦᠯᠵᠦ᠂ ᠲᠠᠷᠢᠶᠠᠯᠠᠩ ᠤᠨ ᠤᠰᠤᠨ ᠤ ᠦᠨ᠎ᠡ ᠶᠢᠨ ︽ | ᠴᠠᠬᠢᠯᠭᠠᠨ ᠢᠶᠠᠷ ᠤᠰᠤ ᠶᠢ ᠨᠤᠭᠤᠯᠤᠨ ᠪᠣᠳᠤᠬᠤ︾ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠦᠬᠦ ᠲᠠᠯ᠎ᠠ ᠪᠠᠷ | ᠬᠡᠷᠡᠭᠵᠢᠭᠦᠯᠵᠦ᠂ ᠲᠠᠷᠢᠶᠠᠴᠢᠳ ᠢ ᠬᠥᠲᠥᠯᠥᠨ ᠵᠢᠯᠤᠭᠤᠳᠴᠤ ᠪᠠᠶᠢᠭᠠᠳ ᠲᠥᠯᠥᠪᠦᠷᠢ ᠲᠠᠢ ᠪᠠᠷ ᠤᠰᠤ ᠬᠡᠷᠡᠭᠯᠡᠬᠦ᠂ | ᠤᠰᠤ ᠶᠢ ᠠᠷᠪᠢᠯᠠᠨ ᠬᠡᠷᠡᠭᠯᠡᠬᠦ ᠤᠬᠠᠮᠰᠠᠷ ᠢ ᠨᠢ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ ᠴᠢᠳᠠᠪᠤᠷᠢᠲᠠᠨ ᠢ | ᠬᠥᠮᠥᠵᠢᠭᠦᠯᠬᠦ ᠶᠢ ᠴᠢᠩᠭᠠᠳᠬᠠᠵᠤ᠂ ᠦᠨᠳᠦᠷ ᠬᠡᠪ ᠪᠣᠯᠪᠠᠰᠤᠷᠠᠯ ᠲᠠᠢ ᠲᠠᠷᠢᠶᠠᠴᠢᠨ ᠢ 1500 ᠠᠴᠠ ᠳᠡᠭᠡᠭᠰᠢ | ᠬᠥᠮᠥᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠲᠠᠯᠠᠪᠠᠢ ᠶᠢᠨ ᠵᠠᠯᠠᠭᠤ ᠡᠵᠡᠨ ᠪᠠ ᠪᠠᠶᠠᠵᠢᠯ ᠤᠨ | ᠳᠠᠭᠠᠭᠤᠯᠤᠭᠴᠢ ᠶᠢ 300 ᠠᠴᠠ ᠳᠡᠭᠡᠭᠰᠢ ᠬᠥᠮᠥᠵᠢᠭᠦᠯᠵᠦ᠂ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ | ᠴᠢᠳᠠᠪᠤᠷᠢᠲᠠᠨ ᠢ 550 ᠠᠴᠠ ᠳᠡᠭᠡᠭᠰᠢ ᠬᠥᠮᠥᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ | ᠲᠣᠮᠢᠯᠠᠭᠳᠠᠭᠴᠢ ᠶᠢ 150 ᠬᠥᠮᠥᠨ ᠠᠴᠠ ᠳᠡᠭᠡᠭᠰᠢ ᠰᠣᠩᠭᠤᠨ ᠤᠷᠢᠨ᠎ᠠ᠃ | ᠬᠥᠳᠡᠭᠡ ᠲᠣᠰᠬᠤᠨ ᠤ ᠣᠷᠴᠢᠨ ᠲᠣᠭᠤᠷᠢᠨ ᠤ ᠣᠷᠣᠰᠢᠨ ᠰᠠᠭᠤᠬᠤ ᠳᠤ ᠨᠡᠩ ᠲᠣᠬᠢᠷᠠᠮᠵᠢᠲᠠᠢ ᠪᠠᠶᠢᠬᠤ ᠶᠢ | ᠲᠦᠯᠬᠢᠨ ᠠᠬᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠤᠯᠲᠠ ᠶᠢᠨ ᠦᠷ᠎ᠡ ᠪᠦᠲᠦᠭᠡᠯ ᠢ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠶᠢ ᠪᠠᠬᠢᠵᠢᠭᠦᠯᠦᠨ | ᠥᠷᠭᠡᠳᠬᠡᠵᠦ᠂ ᠬᠥᠳᠡᠭᠡ ᠲᠣᠰᠬᠤᠨ ᠤ ︽ᠳᠤᠯᠤᠭ᠎ᠠ ᠶᠢ ᠢᠵᠢ ᠪᠦᠷᠢᠳᠦᠭᠦᠯᠬᠦ︾ ᠪᠦᠲᠦᠭᠡᠨ ᠪᠠᠶᠢᠭᠤᠯᠤᠯᠲᠠ ᠶᠢᠨ | ᠦᠷ᠎ᠡ ᠪᠦᠲᠦᠭᠡᠯ ᠢ ᠪᠠᠬᠢᠵᠢᠭᠦᠯᠵᠦ᠂ ᠡᠷᠦᠬᠡ ᠶᠢᠨ ᠵᠣᠷᠯᠣᠩ ᠤᠨ ᠥᠭᠡᠷᠡᠴᠢᠯᠡᠯᠲᠡ ᠶᠢ 1.3 ᠲᠦᠮᠡᠨ ᠡᠷᠦᠬᠡ | ᠪᠡᠶᠡᠯᠡᠭᠦᠯᠦᠨ᠎ᠡ᠃ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ︽ᠳᠥᠷᠪᠡᠨ ᠰᠠᠶᠢᠲᠠᠢ ᠬᠥᠳᠡᠭᠡ | ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠰᠢᠶᠠᠨ ᠢ ᠲᠣᠰ ᠲᠣᠰ 1 ᠶᠢ ᠡᠭᠦᠳᠦᠨ ᠪᠠᠶᠢᠭᠤᠯᠤᠨ᠎ᠠ᠃ | ᠤᠯᠤᠰ ᠤᠨ ᠲᠠᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠦᠯᠢᠭᠡᠷ ᠵᠢᠱᠢᠶ᠎ᠡ | ᠰᠢᠶᠠᠩ ᠪᠠᠯᠭᠠᠰᠤ 2᠂ ᠲᠣᠰᠬᠤᠨ 23᠂ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠱᠢᠶ᠎ᠡ ᠦᠵᠡᠭᠦᠯᠬᠦ ᠦᠯᠢᠭᠡᠷ | ᠵᠢᠱᠢᠶ᠎ᠡ ᠰᠢᠶᠠᠨ 2᠂ ᠬᠤᠲᠠ ᠶᠢᠨ ᠲᠠᠰ ᠤᠨ ᠵᠢᠱᠢᠶ᠎ᠡ ᠦᠵᠡᠭᠦᠯᠬᠦ ᠦᠯᠢᠭᠡᠷ ᠵᠢᠱᠢᠶ᠎ᠡ ᠲᠣᠰᠬᠤᠨ 60 ᠶᠢ | ᠴᠤᠭᠴᠠᠯᠠᠵᠤ᠂ ᠴᠡᠭ ᠢᠶᠠᠷ ᠨᠡᠶᠢᠳᠡᠮ ᠢ ᠳᠠᠶᠢᠴᠢᠯᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ | ᠲᠠᠯ᠎ᠠ ᠪᠠᠷ ᠠᠬᠢᠭᠤᠯᠤᠨ᠎ᠠ᠃ | ︵ᠲᠤᠯᠤᠭ᠎ᠠ︶ ᠣᠷᠴᠢᠨ ᠲᠣᠭᠤᠷᠢᠨ ᠤ ᠪᠣᠬᠢᠷᠳᠤᠯ ᠢ ᠵᠠᠰᠠᠬᠤ ᠠᠵᠢᠯ ᠢ ᠭᠦᠨᠵᠡᠭᠡᠢ ᠠᠬᠢᠭᠤᠯᠤᠨ᠎ᠠ | ᠬᠥᠬᠡ ᠣᠭᠲᠠᠷᠭᠤᠢ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠨ᠎ᠡ᠃ ᠤᠯᠤᠰ ᠤᠨ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠤᠭᠰᠠᠨ | ᠦᠷ᠎ᠡ ᠪᠦᠲᠦᠭᠡᠯ ᠢ ᠪᠠᠬᠢᠵᠢᠭᠦᠯᠦᠨ᠎ᠡ᠃ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠪᠠ ᠥᠪᠡᠷᠲᠡᠭᠡᠨ ᠵᠠᠰᠠᠬᠤ ᠣᠷᠣᠨ ᠤ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠴᠡᠭᠴᠡᠯᠡᠨ ᠵᠠᠰᠠᠬᠤ ᠣᠨ ᠤ ᠡᠭᠦᠷᠭᠡ ᠶᠢ ᠴᠢᠨᠠᠷ | ᠰᠠᠶᠢᠲᠠᠢ ᠪᠡᠶᠡᠯᠡᠭᠦᠯᠦᠨ᠎ᠡ᠃ ᠤᠯᠤᠰ ᠤᠨ ᠤᠮᠠᠷᠠᠲᠤ ᠣᠷᠣᠨ ᠤ ᠡᠪᠦᠯ ᠤᠨ ᠤᠯᠠᠷᠢᠯ ᠤᠨ ᠴᠡᠪᠡᠷ ᠳᠤᠯᠠᠭᠠᠯᠠᠭ᠎ᠠ ᠶᠢᠨ | ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠭᠦᠨᠵᠡᠭᠡᠢ ᠨᠠᠶᠢᠳᠠᠪᠤᠷᠢᠵᠢᠭᠤᠯᠵᠤ᠂ ᠵᠢᠨᠱᠠᠨ ᠴᠠᠬᠢᠯᠭᠠᠨ ᠤ | ᠦᠢᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ ᠪᠡᠯᠡ ᠣᠷᠣᠭᠤᠯᠤᠯᠲᠠ᠂ ᠳ᠋ᠠ ᠲᠠᠩ ᠤᠨ ᠲᠤᠭᠲᠠᠬᠤ ᠰᠢᠶᠠᠨ ᠤ | ᠴᠠᠬᠢᠯᠭᠠᠨ ᠭᠠᠷᠭᠠᠬᠤ ᠦᠢᠯᠡᠳᠪᠦᠷᠢ ᠶᠢᠨ ᠢᠯᠴᠢ ᠶᠢ ᠬᠥᠬᠡᠬᠤᠲᠠ ᠳᠤ ᠣᠷᠣᠭᠤᠯᠬᠤ ᠪᠠᠷᠢᠯᠭ᠎ᠠ ᠶᠢ ᠪᠠᠶᠢᠭᠤᠯᠵᠤ | ᠳᠠᠭᠤᠰᠬᠠᠨ ᠠᠰᠢᠭᠯᠠᠯᠲᠠ ᠳᠤ ᠤᠷᠤᠭᠤᠯᠵᠤ᠂ ᠵᠢᠰᠢᠶ᠎ᠠ ᠠᠶᠢᠯ ᠤᠨ ᠢᠯᠴᠢ ᠴᠠᠬᠢᠯᠭᠠᠨ ᠤ ᠦᠢᠯᠡᠳᠪᠦᠷᠢ ᠶᠢᠨ | ᠢᠯᠴᠢ ᠶᠢ ᠬᠥᠬᠡᠬᠤᠲᠠ ᠳᠤ ᠣᠷᠣᠭᠤᠯᠬᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠪᠣᠬᠢᠷᠳᠤᠯ | ᠶᠡᠬᠡᠲᠡᠢ ᠲᠦᠯᠡᠰᠢ ᠰᠢᠲᠠᠭᠠᠬᠤ ᠶᠢ ᠴᠠᠭᠠᠵᠠᠯᠠᠬᠤ ᠣᠷᠣᠨ ᠠᠴᠠ ᠭᠠᠳᠠᠨᠠᠬᠢ 5.46 ᠲᠦᠮᠡᠨ ᠡᠷᠦᠬᠡ ᠳᠤ ᠲᠦᠯᠡᠰᠢᠨ | ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠶᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ | ᠪᠠᠭᠤᠯᠭᠠᠭᠰᠠᠨ ᠠᠭᠠᠷ ᠤᠨ ᠪᠣᠬᠢᠷᠳᠤᠯ ᠦᠭᠡᠢ ᠴᠡᠯᠮᠡᠭ ᠡᠳᠦᠷ ᠤᠨ ᠲᠤᠭ᠎ᠠ ᠶᠢᠨ ᠬᠠᠷᠠᠯᠲᠠ ᠡᠭᠦᠷᠭᠡ ᠶᠢ | ᠪᠡᠶᠡᠯᠡᠭᠦᠯᠦᠨ᠎ᠡ᠃ | ᠬᠥᠬᠡᠮᠳᠦᠭ ᠤᠰᠤ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠨ᠎ᠡ᠃ ᠬᠠᠲᠤᠨ | ᠭᠤᠣᠯ ᠤᠨ ᠰᠠᠪᠠ ᠭᠠᠵᠠᠷ ᠤᠨ ᠡᠯᠡᠰᠦᠷᠬᠡᠭᠵᠢᠭᠰᠡᠨ ᠭᠠᠵᠠᠷ ᠢ ᠦᠷᠭᠦᠯᠵᠢᠯᠡᠨ ᠵᠠᠰᠠᠬᠤ ᠶᠢ ᠲᠦᠯᠬᠢᠨ ᠠᠬᠢᠭᠤᠯᠤᠨ᠎ᠠ᠃ | ᠬᠠᠲᠤᠨ ᠭᠤᠣᠯ ᠤᠨ ᠲᠣᠭᠲᠠᠬᠤ ᠰᠢᠶᠠᠨ ᠤ ᠬᠡᠰᠡᠭ ᠤᠨ 37.5 ᠺᠢᠯᠣᠮᠧᠲᠷ ᠤᠨ ᠠᠮᠢ ᠠᠬᠤᠢ ᠶᠢᠨ ᠣᠷᠴᠢᠨ | ᠲᠣᠭᠤᠷᠢᠨ ᠤ ᠴᠢᠨᠠᠷ ᠰᠠᠶᠢᠲᠠᠢ ᠬᠥᠭᠵᠢᠯᠲᠡ ᠶᠢᠨ ᠲᠥᠷᠥᠯ ᠵᠦᠢᠯ ᠢ ᠬᠡᠷᠡᠭᠵᠢᠭᠦᠯᠦᠨ᠎ᠡ᠃ ᠳᠠᠯᠠᠨ ᠬᠠᠷ᠎ᠠ | ᠠᠭᠤᠯᠠ ᠶᠢᠨ ᠡᠮᠦᠨ᠎ᠡ ᠪᠠᠯ ᠤᠨ 9 ᠵᠤᠷᠪᠤᠰ ᠠᠭᠤᠯᠠ ᠶᠢᠨ ᠦᠶᠡᠷ ᠤᠨ ᠭᠤᠤ ᠶᠢ ᠵᠠᠰᠠᠬᠤ ᠪᠠᠷᠢᠯᠭ᠎ᠠ ᠶᠢ ᠡᠬᠢᠯᠡᠭᠦᠯᠵᠦ | ᠂ ᠬᠠᠷ᠎ᠠ ᠤᠰᠤ ᠨᠠᠭᠤᠷ᠂ ᠶᠡᠭᠡ ᠲᠦᠷᠭᠡᠨ ᠭᠤᠣᠯ᠂ ᠡᠮᠦᠨ᠎ᠡ ᠨᠠᠭᠤᠷ ᠤᠨ ᠨᠤᠭᠤ ᠭᠠᠵᠠᠷ᠂ ᠪᠠᠪᠠᠢ ᠨᠠᠭᠤᠷ ᠵᠡᠷᠭᠡ | ᠠᠮᠢ ᠠᠬᠤᠢ ᠶᠢ ᠰᠡᠷᠭᠦᠭᠡᠨ ᠵᠠᠰᠠᠬᠤ ᠪᠠᠷᠢᠯᠭ᠎ᠠ ᠶᠢ ᠲᠦᠯᠬᠢᠨ ᠠᠬᠢᠭᠤᠯᠤᠨ᠎ᠠ᠃ ᠭᠤᠣᠯ ᠮᠥᠷᠡᠨ ᠨᠠᠭᠤᠷ | ᠴᠥᠭᠦᠷᠥᠮ ᠤᠨ ︽ᠲᠦᠷᠪᠡᠨ ᠳᠤᠷ᠎ᠠ ᠪᠠᠷ ᠢᠶᠠᠨ ᠢ ᠠᠷᠢᠯᠭᠠᠬᠤ︾ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ | ᠬᠠᠳᠤᠨ ᠭᠤᠣᠯ ᠳᠤ ᠣᠷᠣᠬᠤ ᠣᠭᠲᠣᠯᠣᠭᠠᠰᠤ ᠶᠢᠨ ᠤᠰᠤᠨ ᠤ ᠴᠢᠨᠠᠷ ᠢ ᠲᠣᠭᠲᠠᠭᠤᠨ ᠢᠶᠠᠷ ᠪᠠᠷᠢᠮᠵᠢᠶ᠎ᠠ ᠳᠤ | ᠬᠦᠷᠭᠡᠬᠦ ᠶᠢ ᠦᠨᠡᠨᠬᠦ ᠪᠠᠲᠤᠯᠠᠨ᠎ᠠ᠃ | ᠴᠡᠪᠡᠷ ᠬᠦᠷᠦᠰᠦ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠨ᠎ᠡ᠃ ᠤᠮᠠᠷᠠᠲᠤ | ᠬᠡᠰᠡᠭ ᠤᠨ ᠣᠶ ᠰᠢᠭᠤᠢ ᠶᠢᠨ ᠲᠦᠭᠰᠢᠭᠦᠷᠢ ᠶᠡᠬᠡᠲᠡᠢ ᠣᠷᠣᠨ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠢ | ᠡᠬᠢᠯᠡᠭᠦᠯᠦᠨ ᠬᠡᠷᠡᠭᠵᠢᠭᠦᠯᠵᠦ᠂ 40 ᠲᠦᠮᠡᠨ ᠮᠦ ᠣᠶ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ | ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠦᠨ᠎ᠡ᠃ ᠬᠥᠳᠡᠭᠡ ᠲᠣᠰᠬᠤᠨ ᠤ ᠤᠯᠠᠨ ᠡᠬᠢᠲᠦ ᠪᠣᠬᠢᠷᠳᠤᠯ ᠢ | ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠬᠥᠳᠡᠭᠡ ᠲᠣᠰᠬᠤᠨ ᠤ ᠡᠰᠢ ᠰᠦᠷᠡᠯ ᠢ ᠡᠭᠡᠭᠦᠯᠦᠨ ᠬᠤᠷᠢᠶᠠᠵᠤ | ᠠᠰᠢᠭᠯᠠᠬᠤ ᠨᠤᠷᠮ᠎ᠠ᠂ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠨᠤᠷᠮ᠎ᠠ ᠶᠢ ᠴᠥᠮ | 90% ᠠᠴᠠ ᠳᠡᠭᠡᠭᠰᠢ ᠳᠤ ᠬᠦᠷᠭᠡᠨ᠎ᠡ᠃ | ︵ᠨᠠᠢᠮᠠ︶ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠡᠳᠬᠢᠯ ᠲᠠᠯᠪᠢᠨ ᠬᠠᠶᠢᠷ᠎ᠠ | ᠰᠡᠳᠬᠢᠯᠭᠡ ᠲᠠᠢ ᠪᠠᠷ ᠬᠦᠴᠦᠯᠡᠨ ᠰᠠᠶᠢᠲᠤᠷ ᠬᠢᠨ᠎ᠡ | ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠶᠢ ︽ᠤᠯᠠᠨ ᠠᠷᠭ᠎ᠠ ᠵᠠᠮ︾ ᠢᠶᠠᠷ ᠠᠬᠢᠭᠤᠯᠤᠨ᠎ᠠ᠃ | ᠤᠯᠤᠰ ᠤᠨ ᠤᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠵᠢᠱᠢᠶ᠎ᠡ | ᠦᠵᠡᠭᠦᠯᠬᠦ ᠲᠦᠷᠦᠯ ᠵᠦᠢᠯ ᠢ ᠬᠡᠷᠡᠭᠵᠢᠭᠦᠯᠵᠦ᠂ ᠰᠢᠨ᠎ᠡ ᠪᠠᠷ ᠬᠤᠳᠠ ᠪᠠᠯᠭᠠᠰᠤᠨ ᠤ 6 ᠲᠦᠮᠡ ᠠᠴᠠ ᠳᠡᠭᠡᠭᠰᠢ | ᠬᠥᠮᠦᠨ ᠳᠤ ᠠᠵᠢᠯ ᠣᠯᠭᠤᠵᠤ᠂ ᠬᠥᠳᠡᠭᠡ ᠲᠣᠰᠬᠤᠨ ᠤ ᠬᠥᠳᠡᠯᠮᠦᠷᠢ ᠬᠦᠴᠦᠨ ᠢ 33 ᠲᠦᠮᠡ ᠠᠴᠠ ᠳᠡᠭᠡᠭᠰᠢ | ᠬᠥᠮᠦᠨ ᠢ ᠰᠢᠯᠵᠢᠭᠦᠯᠦᠨ ᠠᠵᠢᠯ ᠣᠯᠭᠤᠨ᠎ᠠ᠃ ︽ᠮᠡᠷᠭᠡᠵᠢᠯ ᠴᠢᠳᠠᠪᠤᠷᠢ ᠶᠢᠨ ᠬᠥᠬᠡᠬᠤᠲᠠ ᠶᠢᠨ ᠠᠵᠢᠯᠯᠠᠭ᠎ᠠ︾ ᠶᠢ | ᠥᠷᠨᠢᠭᠦᠯᠵᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ 3 ᠲᠦᠮᠡᠨ ᠬᠥᠮᠦᠨ | ᠤᠳᠠᠭ᠎ᠠ ᠠᠴᠠ ᠳᠡᠭᠡᠭᠰᠢ ᠬᠢᠨ᠎ᠡ᠃ ︽ᠭᠤᠷᠪᠠᠨ ᠵᠢᠯ ᠳᠤ ᠠᠷᠪᠠᠨ ᠲᠦᠮᠡᠨ ᠣᠶᠤᠲᠠᠨ ᠢ ᠬᠥᠬᠡᠬᠤᠲᠠ ᠳᠤ | ᠦᠯᠡᠳᠡᠭᠡᠬᠦ ᠢᠨᠵᠧᠨᠧᠷᠢᠩ︾ ᠢ ᠶᠡᠬᠡᠪᠡᠷ ᠠᠬᠢᠭᠤᠯᠵᠤ᠂ 4 ᠲᠦᠮᠡ ᠠᠴᠠ ᠳᠡᠭᠡᠭᠰᠢ ᠣᠶᠤᠲᠠᠨ ᠢ ᠲᠠᠲᠠᠵᠤ ᠲᠡᠳᠡᠨ ᠢ | ᠬᠥᠬᠡᠬᠤᠲᠠ ᠳᠤ ᠦᠢᠯᠡᠰ ᠴᠣᠭᠴᠠᠯᠠᠭᠤᠯᠤᠨ ᠠᠵᠢᠯ ᠣᠯᠭᠤᠨ᠎ᠠ᠃ | ︽ᠣᠷᠣᠢ ᠶᠢ ᠳᠡᠭᠡᠭᠰᠢᠯᠡᠭᠦᠯᠦᠨ ᠠᠮᠤ ᠶᠢ ᠨᠥᠬᠦᠪᠥᠷᠢᠯᠡᠬᠦ︾ ᠪᠠᠷ ᠣᠷᠣᠨ ᠤ ᠲᠥᠪ ᠤᠨ ᠰᠤᠷᠭᠠᠨ ᠬᠥᠮᠦᠵᠢᠯ ᠢ | ᠴᠢᠩᠭᠠᠳᠬᠠᠨ᠎ᠠ᠃ ︽ᠵᠥᠭᠡᠯᠡᠨ ᠲᠤᠨᠤᠭ᠂ ᠬᠠᠲᠠᠭᠤ ᠲᠤᠨᠤᠭ︾ ᠵᠡᠷᠬᠡᠪᠡᠷ ᠬᠦᠴᠦᠯᠡᠬᠦ ᠶᠢ ᠪᠠᠷᠢᠮᠲᠠᠯᠠᠵᠤ᠂ ᠳᠤᠮᠳᠠᠳᠤ | ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠢ 62 ᠢ ᠰᠢᠨ᠎ᠡ ᠪᠠᠷ ᠪᠠᠶᠢᠭᠤᠯᠬᠤ ᠪᠠ ᠦᠷᠭᠦᠯᠵᠢᠯᠡᠨ ᠪᠠᠶᠢᠭᠤᠯᠵᠤ᠂ | ︽ᠰᠤᠷᠭᠠᠭᠤᠯᠢ ᠶᠢᠨ ᠵᠠᠬᠢᠷᠤᠯ᠂ ᠪᠠᠭᠰᠢ᠂ ᠵᠢᠭᠠᠨ ᠰᠤᠳᠤᠯᠤᠭᠴᠢ︾ ᠭᠤᠷᠪᠠᠨ ᠡᠩᠨᠡᠭᠡ ᠶᠢ ᠴᠢᠨᠠᠷ ᠰᠠᠶᠢᠲᠠᠶ | ᠪᠠᠶᠢᠭᠤᠯᠤᠨ᠎ᠠ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠦᠨ ᠨᠡᠶᠢᠳᠡᠮ | ᠬᠠᠷᠠᠭᠠᠯᠵᠠᠬᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ | ᠬᠥᠭᠵᠢᠭᠦᠯᠬᠦ ᠶᠢ ᠲᠦᠯᠬᠢᠨ ᠠᠬᠢᠭᠤᠯᠵᠤ᠂ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠪᠠ ᠶᠡᠭᠡ ᠳᠡᠭᠡᠳᠦ | ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠲᠦᠷᠭᠡᠪᠴᠢᠯᠡᠨ | ᠠᠬᠢᠭᠤᠯᠤᠨ᠎ᠠ᠃ ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ︽ᠬᠤᠤᠰ ᠳᠡᠭᠡᠳᠦ | ᠰᠤᠷᠭᠠᠭᠤᠯᠢ︾ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠨ᠎ᠡ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠨ ᠬᠦᠮᠦᠵᠢᠯ ᠤᠨ ᠬᠦᠷᠢᠶᠡᠯᠡᠩ ᠲᠣᠭᠤᠷᠢᠭ ᠤᠨ ᠨᠢᠭᠡᠳᠦᠭᠡᠷ ᠬᠤᠭᠤᠴᠠᠭᠠᠨ ᠤ ᠭᠤᠤᠯ ᠴᠣᠭᠴᠠ ᠶᠢᠨ ᠪᠠᠷᠢᠯᠭ᠎ᠠ | ᠠᠵᠢᠯ ᠳᠠᠭᠤᠰᠬᠤ ᠶᠢ ᠠᠬᠢᠭᠤᠯᠤᠨ᠎ᠠ᠃ ︽ᠬᠤᠶᠠᠷ ᠢ ᠬᠦᠩᠭᠡᠷᠡᠭᠦᠯᠬᠦ︾ ᠦᠷ᠎ᠡ ᠪᠦᠲᠦᠮᠵᠢ ᠶᠢ ᠪᠠᠲᠤᠳᠬᠠᠨ᠂ | ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ | ᠂ ᠬᠠᠯᠠᠭᠤᠨ ᠳᠤᠯᠠᠭᠠᠨ᠂ ᠴᠢᠨᠠᠷ ᠰᠠᠶᠢᠲᠠᠶ᠂ ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ | ᠪᠥᠬᠦ ᠬᠦᠴᠦᠨ ᠢᠶᠠᠷ ᠢᠶᠠᠨ ᠰᠠᠶᠢᠲᠤᠷ ᠡᠷᠬᠢᠯᠡᠨ᠎ᠡ᠃ | ︽ᠪᠦᠬᠦ ᠦᠶᠡᠯᠡᠯ︾ ᠤᠨ ᠬᠤᠭᠤᠴᠠᠭ᠎ᠠ ᠪᠠᠷ ᠤᠯᠠᠨ ᠲᠦᠮᠡᠨ ᠤ ᠡᠷᠡᠭᠦᠯ ᠮᠡᠨᠳᠦ ᠶᠢ ᠪᠠᠲᠤᠯᠠᠨ᠎ᠠ᠃ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠥᠭᠡᠷᠡᠴᠢᠯᠡᠯᠲᠡ ᠬᠢᠭᠡᠳ ᠴᠢᠨᠠᠷ ᠰᠠᠶᠢᠲᠠᠶ ᠬᠥᠭᠵᠢᠯᠲᠡ ᠶᠢᠨ ᠵᠢᠱᠢᠶ᠎ᠡ | ᠦᠵᠡᠭᠦᠯᠬᠦ ᠲᠥᠷᠥᠯ ᠵᠦᠢᠯ ᠢ ᠬᠡᠷᠡᠭᠵᠢᠭᠦᠯᠵᠦ᠂ ᠠᠵᠢᠯᠲᠠᠨ ᠤ ᠶᠠᠪᠤᠳᠠᠯ ᠤᠨ ᠴᠠᠯᠢᠩ ᠬᠥᠯᠥᠰᠥ ᠶᠢᠨ ᠲᠦᠷᠢᠮ᠂ | ᠡᠮᠴᠢᠯᠡᠭᠡᠨ ᠤ ᠳᠠᠭᠠᠳᠬᠠᠯ ᠤᠨ DIP ᠲᠣᠭᠠᠴᠠᠭ᠎ᠠ ᠬᠢᠬᠦ ᠠᠷᠭ᠎ᠠ ᠮᠠᠶ᠋ᠢᠭ᠂ ᠡᠮᠴᠢᠯᠡᠭᠡᠨ ᠤ ᠦᠢᠯᠡᠴᠢᠯᠡᠭᠡᠨ ᠤ ᠦᠨ᠎ᠡ | ᠬᠠᠩᠰᠢ ᠶᠢᠨ ᠬᠥᠳᠡᠯᠦᠩᠭᠦᠶ ᠲᠣᠬᠢᠷᠠᠭᠤᠯᠤᠯᠲᠠ ᠪᠠ ᠡᠮ ᠤᠨ ᠵᠦᠢᠯ ᠡᠮᠴᠢᠯᠡᠭᠡᠨ ᠳᠤ ᠬᠡᠷᠡᠭᠯᠡᠬᠦ ᠬᠤᠷᠣᠭᠳᠠᠯ | ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠵᠡᠷᠭᠡ ᠥᠭᠡᠷᠡᠴᠢᠯᠡᠯᠲᠡ ᠶᠢ ᠲᠦᠷᠭᠡᠳᠬᠡᠨ᠎ᠡ | ᠃ ᠬᠤᠲᠠ ᠶᠢᠨ ᠵᠡᠭᠦᠨ ᠳᠤ ᠪᠡᠭᠡᠵᠢᠩ ᠤᠨ ᠨᠥᠬᠦᠷᠯᠡᠯ ᠡᠮᠨᠡᠯᠭᠡ ᠶᠢᠨ ᠬᠤᠷᠢᠶ᠎ᠠ ︵ᠥᠪᠥᠷ ᠮᠣᠩᠭᠤᠯ ᠤᠨ | ᠡᠮᠨᠡᠯᠭᠡ ᠶᠢᠨ ᠬᠤᠷᠢᠶ᠎ᠠ︶ ᠶᠢᠨ ᠣᠷᠣᠨ ᠪᠦᠰᠡ ᠶᠢᠨ ᠡᠮᠴᠢᠯᠡᠭᠡᠨ ᠤ ᠲᠥᠪ ᠪᠠᠶᠢᠭᠤᠯᠬᠤ ᠶᠢ ᠳᠥᠯᠭᠢᠨ ᠠᠬᠢᠭᠤᠯᠵᠤ᠂ | ᠬᠤᠲᠠ ᠶᠢᠨ ᠪᠠᠷᠠᠭᠤᠨ ᠳᠤ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠴᠡᠯᠡᠭᠡᠷ ᠲᠠᠯ᠎ᠠ | ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠪᠠᠶᠢᠭᠤᠯᠬᠤ ᠶᠢ ᠳᠥᠯᠭᠢᠨ ᠠᠬᠢᠭᠤᠯᠤᠨ᠎ᠠ᠃ ᠨᠡᠶᠢᠰᠯᠡᠯ ᠬᠤᠲᠠ ᠪᠠ | ᠣᠷᠤᠨ ᠤ ᠲᠥᠪ ᠬᠤᠲᠠ ᠶᠢ ᠬᠤᠯᠪᠣᠭᠰᠠᠨ ︽ᠬᠤᠤᠰ ᠲᠥᠪ︾ ᠤᠨ ᠡᠷᠡᠭᠦᠯ ᠮᠡᠨᠳᠦ ᠶᠢᠨ ᠠᠵᠢᠯᠯᠠᠭ᠎ᠠ ᠶᠢ | ᠭᠦᠨᠵᠡᠭᠡᠶᠢᠷᠡᠭᠦᠯᠵᠦ᠂ ᠬᠤᠲᠠ ᠶᠢᠨ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠶᠢᠨ ᠤᠯᠤᠰ ᠤᠨ ᠬᠢᠲᠠᠳ | ᠡᠮᠨᠡᠯᠭᠡ ᠶᠢᠨ ᠵᠡᠭᠦᠤ ᠲᠥᠭᠡᠨᠡᠯᠭᠡ ᠶᠢᠨ ᠬᠤᠪᠢᠶᠠᠷᠢ ᠲᠥᠪ᠂ ᠤᠨᠲᠠᠯᠭ᠎ᠠ ᠶᠢᠨ ᠠᠨᠠᠭᠠᠬᠤ ᠤᠬᠠᠭᠠᠨ ᠤ ᠬᠤᠪᠢᠶᠠᠷᠢ | ᠲᠥᠪ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠬᠤᠲᠠ ᠶᠢᠨ ᠬᠤᠶᠠᠳᠤᠭᠠᠷ ᠡᠮᠨᠡᠯᠭᠡ ᠶᠢᠨ ᠬᠤᠷᠢᠶ᠎ᠠ᠂ | ᠮᠡᠳᠡᠷᠡᠯ ᠤᠨ ᠡᠷᠡᠭᠦᠯ ᠬᠠᠮᠠᠭᠠᠯᠠᠯ ᠤᠨ ᠲᠥᠪ᠂ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ | ᠬᠤᠷᠢᠶ᠎ᠠ᠂ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡ ᠰᠣᠪᠢᠯᠠᠯᠲᠠ ᠶᠢᠨ ᠲᠥᠪ ᠵᠡᠷᠭᠡ ᠲᠥᠷᠥᠯ | ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠤᠭᠤᠯᠤᠨ᠎ᠠ᠃ ᠬᠤᠲᠠ ᠶᠢᠨ ᠨᠢᠭᠡᠳᠦᠭᠡᠷ ᠡᠮᠨᠡᠯᠭᠡ ᠶᠢᠨ | ᠬᠤᠷᠢᠶ᠎ᠠ ᠶᠢ ᠭᠤᠷᠪᠠᠳᠤᠭᠠᠷ ᠳᠡᠰ ᠤᠨ ᠬᠥᠬᠡ ᠡᠮᠨᠡᠯᠭᠡ ᠶᠢᠨ ᠬᠤᠷᠢᠶ᠎ᠠ ᠪᠣᠯᠭᠠᠨ ᠪᠠᠶᠢᠭᠤᠯᠤᠨ᠎ᠠ᠃ ︽ᠢᠨᠲ᠋ᠧᠷ | ᠰᠦᠯᠵᠢᠶᠡᠨ ᠤ ᠡᠮᠨᠡᠯᠭᠡ ᠶᠢᠨ ᠬᠤᠷᠢᠶ᠎ᠠ︾ ᠶᠢ 2 ᠢ ᠰᠢᠨ᠎ᠡ ᠪᠠᠷ ᠪᠠᠶᠢᠭᠤᠯᠤᠨ᠎ᠠ᠃ ᠦᠨᠳᠦᠰᠦᠨ ᠱᠠᠲᠤᠨ ᠤ | ᠡᠮᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠣᠷᠣᠨ ᠤ ᠭᠠᠳᠠᠨᠠᠬᠢ ᠰᠢᠯᠢᠳᠡᠭ ᠲᠤᠰᠬᠠᠶ ᠰᠠᠯᠠᠭᠠᠨ ᠤ | ᠡᠮᠨᠡᠯᠭᠡ ᠶᠢᠨ ᠬᠤᠷᠢᠶ᠎ᠠ ᠯᠤᠭ᠎ᠠ ᠬᠠᠮᠲᠤᠷᠠᠯᠴᠠᠬᠤ ᠡᠷᠴᠢᠮ ᠢᠶᠠᠨ ᠴᠢᠩᠭᠠᠷᠠᠭᠤᠯᠤᠨ᠂ ᠬᠤᠰᠢᠭᠤ ᠰᠢᠶᠠᠨ ᠲᠣᠭᠤᠷᠢᠭ ᠤᠨ | ︽ᠨᠠᠷᠠᠲᠤ ᠲᠤᠰᠬᠠᠶ ᠰᠠᠯᠠᠭ᠎ᠠ︾ ᠶᠢᠨ ᠡᠮᠨᠡᠯᠭᠡ ᠶᠢᠨ ᠬᠤᠷᠢᠶ᠎ᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ | ᠨᠡᠶᠢᠭᠡᠮ ᠲᠣᠭᠤᠷᠢᠭ ᠤᠨ ᠡᠮᠨᠡᠯᠭᠡ ᠶᠢᠨ ᠬᠤᠷᠢᠶ᠎ᠠ ᠶᠢ 3 ᠶᠢ ᠡᠭᠦᠳᠦᠨ ᠪᠠᠶᠢᠭᠤᠯᠵᠤ᠂ ᠨᠡᠶᠢᠭᠡᠮ ᠲᠣᠭᠤᠷᠢᠭ ᠤᠨ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠢ 2 ᠢ ᠰᠢᠨ᠎ᠡ ᠪᠠᠷ ᠪᠠᠶᠢᠭᠤᠯᠤᠨ᠎ᠠ᠃ ᠦᠨᠳᠦᠰᠦᠨ ᠱᠠᠲᠤᠨ ᠤ | ᠡᠮᠴᠢᠯᠡᠭᠡᠨ ᠤ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠬᠦ ᠶᠢ ᠴᠢᠩᠭᠠᠳᠬᠠᠵᠤ᠂ ᠭᠤᠣᠯᠳᠠᠯᠭ᠎ᠠ ᠲᠠᠢ ᠬᠥᠮᠦᠰ ᠲᠤ | ᠸᠠᠺᠼᠢᠨ ᠲᠠᠷᠢᠬᠤ ᠶᠢ ᠲᠦᠯᠬᠢᠨ ᠠᠬᠢᠭᠤᠯᠤᠨ᠎ᠠ᠃ ᠭᠡᠷ ᠪᠦᠯᠢ ᠪᠠ ᠨᠡᠶᠢᠭᠡᠮ ᠲᠣᠭᠤᠷᠢᠭ ᠤᠨ ᠦᠨᠳᠦᠰᠦᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠨᠠᠰᠤᠵᠢᠯ ᠤᠨ | ᠠᠰᠠᠷᠠᠮᠵᠢ ᠶᠢᠨ ᠨᠠᠶᠢᠳᠠᠨ ᠬᠥᠮᠦᠵᠢᠭᠦᠯᠬᠦ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠂ ᠭᠡᠷ | ᠪᠦᠯᠢ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠶᠢ 30 ᠶᠢ ᠰᠢᠨ᠎ᠡ ᠪᠠᠷ | ᠨᠡᠮᠡᠭᠳᠡᠭᠦᠯᠵᠦ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠨᠡᠩ ᠢᠯᠡᠭᠦᠦ | ᠬᠠᠨᠳᠤᠯᠭ᠎ᠠ ᠲᠠᠢ ᠪᠠᠷ ᠥᠷᠨᠢᠭᠦᠯᠵᠦ᠂ ᠣᠷᠣᠨ ᠤ ᠲᠥᠪ ᠤᠨ ᠤᠯᠠᠨ ᠲᠦᠮᠡᠨ ᠢ ᠡᠷᠡᠭᠦᠯ ᠴᠢᠭᠢᠷᠠᠭ ᠪᠡᠶ᠎ᠡ | ᠮᠠᠬᠠᠪᠣᠳ ᠲᠠᠢ ᠪᠣᠯᠭᠠᠵᠤ᠂ ᠡᠷᠡᠭᠦᠯ ᠴᠢᠭᠢᠷᠠᠭ ᠠᠮᠢᠳᠤᠷᠠᠯ ᠢ ᠡᠳ᠋ᠯᠡᠭᠦᠯᠦᠨ᠎ᠡ᠃ | ︽ᠪᠦᠬᠦ ᠡᠯᠧᠮᠧᠨ᠋ᠲ︾ ᠢᠶᠠᠷ ᠣᠷᠣᠨ ᠤ ᠲᠥᠪ ᠤᠨ ᠠᠮᠤᠷ ᠠᠮᠤᠭᠤᠯᠠᠩ ᠢ ᠰᠠᠬᠢᠨ ᠬᠠᠮᠠᠭᠠᠯᠠᠨ᠎ᠠ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠵᠢᠱᠢᠶ᠎ᠡ ᠦᠵᠡᠭᠦᠯᠬᠦ ᠬᠤᠲᠠ ᠶᠢ | ᠡᠭᠦᠳᠦᠨ ᠪᠠᠶᠢᠭᠤᠯᠬᠤ ᠪᠠᠷ ᠬᠠᠷᠠᠯᠲᠠ ᠪᠣᠯᠭᠠᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠯ ᠤᠨ ︽ᠭᠤᠷᠪᠠᠨ ᠲᠥᠯᠥᠪᠯᠡᠭᠡ︾ ᠶᠢ ᠭᠦᠨᠵᠡᠭᠡᠶ ᠨᠠᠶᠢᠳᠠᠪᠤᠷᠢᠵᠢᠭᠤᠯᠤᠨ᠎ᠠ᠃ ᠬᠤᠳᠠ ᠶᠢᠨ | ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠠᠵᠢᠯ ᠢ ᠪᠥᠬᠦ | ᠬᠦᠴᠦᠨ ᠢᠶᠠᠷ ᠢᠶᠠᠨ ᠲᠥᠯᠬᠢᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠲᠣᠭᠤᠷᠢᠭ ᠤᠨ | ᠵᠠᠰᠠᠯᠲᠠ ᠶᠢᠨ ᠰᠢᠨ᠎ᠡ ᠶᠢ ᠡᠭᠦᠳᠬᠦ ᠲᠤᠷᠰᠢᠯᠲᠠ ᠶᠢᠨ ᠣᠷᠣᠨ ᠤ ᠪᠥᠳᠥᠭᠡᠨ ᠪᠠᠶᠢᠭᠤᠯᠤᠯᠲᠠ ᠶᠢ ᠥᠷᠨᠢᠭᠦᠯᠦᠨ᠎ᠡ᠃ ︽ | 12345︾ ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠷᠤᠶ ᠰᠢᠢᠳᠪᠦᠷᠢᠯᠡᠬᠦ ᠠᠵᠢᠯ ᠤᠨ ᠦᠷ᠎ᠡ ᠪᠦᠲᠦᠮᠵᠢ ᠶᠢ | ᠪᠠᠬᠢᠵᠢᠭᠦᠯᠦᠨ ᠳᠡᠭᠡᠭᠰᠢᠯᠡᠭᠦᠯᠦᠨ᠎ᠡ᠃ ᠠᠶᠤᠯᠬᠦᠢ ᠦᠢᠯᠡᠳᠪᠦᠷᠢᠯᠡᠯ ᠤᠨ ᠲᠦᠭᠰᠢᠭᠦᠷᠢ ᠶᠢᠨ ᠳᠠᠯᠳᠠ ᠬᠡᠮ ᠢ ᠶᠡᠬᠡᠪᠡᠷ | ᠵᠢᠭᠰᠠᠭᠠᠨ ᠪᠠᠶᠢᠴᠠᠭᠠᠬᠤ᠂ ᠶᠡᠬᠡᠪᠡᠷ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠬᠦᠯᠦᠨ᠎ᠡ᠃ ᠢᠳᠡᠭᠡᠨ | ᠪᠠ ᠡᠮ ᠤᠨ ᠵᠦᠢᠯ ᠤᠨ ᠠᠶᠤᠯᠬᠦᠢ ᠶᠢᠨ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠤᠯᠤᠰ ᠤᠨ ᠢᠳᠡᠭᠡᠨ ᠤ ᠠᠶᠤᠯᠭᠦᠢ ᠶᠢᠨ ᠵᠢᠱᠢᠶ᠎ᠡ ᠦᠵᠡᠭᠦᠯᠬᠦ ᠬᠤᠲᠠ ᠪᠣᠯᠭᠠᠨ ᠡᠭᠦᠳᠦᠨ | ᠪᠠᠶᠢᠭᠤᠯᠤᠨ᠎ᠠ᠃ ᠮᠥᠩᠭᠦᠨ ᠭᠦᠢᠯᠭᠡᠭᠡᠨ ᠤ ᠲᠦᠭᠰᠢᠭᠦᠷᠢ ᠶᠢ ᠨᠠᠮᠳᠠᠭᠤᠯᠤᠨ ᠲᠣᠭᠲᠠᠭᠤᠨ ᠢᠶᠠᠷ ᠡᠵᠡᠮᠳᠡᠬᠦ ᠪᠠ | ᠵᠠᠰᠠᠭ ᠤᠨ ᠣᠷᠳᠣᠨ ᠤ ᠲᠠᠯᠳᠠ ᠥᠷᠢ ᠥᠭᠴᠡᠭᠡ ᠶᠢ ᠠᠷᠢᠯᠭᠠᠬᠤ ᠠᠵᠢᠯ ᠢ ᠰᠠᠶᠢᠲᠤᠷ ᠬᠢᠨ᠎ᠡ᠃ ᠠᠮᠤᠷ ᠠᠮᠤᠭᠤᠯᠠᠩ | ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ ᠶᠢ ᠪᠠᠶᠢᠭᠤᠯᠬᠤ ᠪᠠᠷ | ᠭᠤᠶᠤᠴᠢᠯᠠᠨ ᠮᠡᠳᠡᠭᠦᠯᠦᠨ᠎ᠡ᠃ ︽ᠪᠦᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠳᠠ︾ ᠶᠢ ᠡᠭᠦᠳᠦᠨ | ᠪᠠᠶᠢᠭᠤᠯᠬᠤ ᠠᠵᠢᠯ ᠢ ᠥᠷᠨᠢᠬᠦᠯᠦᠨ᠎ᠡ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠡ ᠪᠠ ᠪᠡᠯᠡᠳᠬᠡᠯ | ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ᠂ ᠴᠡᠷᠢᠭ ᠬᠥᠮᠦᠨ ᠤ ︽ᠠᠷᠤ ᠶᠢᠨ ᠭᠤᠷᠪᠠ︾ ᠪᠠ ᠴᠡᠷᠢᠭ ᠤᠨ | ᠠᠯᠪᠠ ᠠᠴᠠ ᠬᠠᠯᠠᠭᠳᠠᠭᠰᠠᠳ ᠲᠤ ᠦᠢᠯᠡᠴᠢᠯᠡᠵᠦ ᠪᠠᠲᠤᠯᠠᠭ᠎ᠠ ᠬᠠᠩᠭᠠᠬᠤ ᠠᠵᠢᠯ ᠢ ᠰᠠᠶᠢᠲᠤᠷ ᠬᠢᠨ᠎ᠡ᠃ | ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ | ᠦᠨᠡᠨᠴᠢ ᠰᠢᠳᠤᠷᠭᠤ ᠪᠠᠷ ᠬᠠᠷᠢᠭᠤᠴᠠᠯᠭ᠎ᠠ ᠡᠭᠦᠷᠭᠡᠯᠡᠬᠦ ᠳᠤᠮᠳᠠ ᠤᠯᠤᠰ ᠲᠦᠷᠦ ᠶᠢᠨ ᠵᠣᠭᠰᠣᠯᠲᠠ ᠪᠠᠨ | ᠪᠠᠲᠤᠳᠬᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭᠠᠨ ᠤ ᠡᠷᠡᠰ ᠪᠠᠲᠤ ᠰᠢᠲᠦᠭᠴᠢ᠂ ᠦᠨᠡᠨᠴᠢ ᠰᠢᠳᠤᠷᠭᠤ ᠦᠢᠯᠡᠳᠦᠯᠭᠡᠵᠢᠭᠦᠯᠦᠭᠴᠢ | ᠪᠣᠯᠬᠤ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠬᠤᠶᠠᠷ ᠢ ᠲᠤᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ | ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ | ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠎ᠡ᠃ ᠢᠮᠠᠭᠲᠠ ᠬᠡᠬᠦᠳᠡᠭ | ᠴᠡᠭᠡᠵᠢᠨ ᠳᠡᠭᠡᠨ ︽ᠬᠤᠶᠠᠷ ᠶᠡᠭᠡ ᠲᠠᠯ᠎ᠠ︾ ᠶᠢ ᠪᠠᠭᠲᠠᠭᠠᠵᠤ᠂ ︽ᠤᠯᠤᠰ ᠤᠨ ᠶᠡᠭᠡ ᠶᠠᠪᠤᠳᠠᠯ︾ ᠢ ᠪᠤᠳᠤᠵᠤ᠂ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ | ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠥᠪ ᠬᠤᠳᠠ ᠳᠤ ᠨᠠᠶᠢᠳᠠᠪᠤᠷᠢᠵᠢᠭᠤᠯᠤᠨ | ᠪᠣᠳᠠᠲᠠᠶᠢᠵᠢᠭᠤᠯᠤᠨ᠎ᠠ᠃ | ᠬᠠᠤᠯᠢ ᠶᠣᠰᠣᠭᠠᠷ ᠵᠠᠰᠠᠭ ᠪᠠᠷᠢᠬᠤ ᠳᠤᠮᠳᠠ ᠬᠠᠤᠯᠢ ᠪᠠᠷ ᠵᠠᠰᠠᠬᠤ ᠬᠦᠴᠦᠨ ᠢ ᠢᠯᠡᠷᠡᠭᠦᠯᠦᠨ᠎ᠡ᠃ ᠬᠠᠤᠯᠢᠵᠢᠯ ᠤᠨ | ᠵᠠᠰᠠᠭ ᠤᠨ ᠣᠷᠳᠣᠨ ᠤ ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠵᠤ᠂ ᠤᠯᠠᠨ ᠨᠡᠶᠢᠲᠡ ᠪᠠᠷ ᠢᠶᠠᠨ | ᠣᠷᠣᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ | ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ ᠶᠠᠷᠢᠯᠴᠠᠬᠤ ᠵᠡᠷᠭᠡ ᠳᠡᠰ ᠳᠠᠷᠠᠭᠠᠯᠠᠯ ᠢ ᠵᠢᠷᠤᠮᠵᠢᠭᠤᠯᠵᠤ᠂ | ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠶᠢᠨ ᠰᠢᠨᠵᠢᠯᠡᠬᠦ ᠤᠬᠠᠭᠠᠨᠴᠢᠯᠠᠬᠤ᠂ ᠠᠷᠠᠳᠴᠢᠯᠠᠬᠤ᠂ ᠬᠠᠤᠯᠢ ᠪᠠᠷ | ᠵᠠᠰᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ | ᠠᠵᠢᠯᠯᠠᠭ᠎ᠠ ᠶᠢ ᠴᠢᠩᠳᠠᠯᠠᠵᠤ᠂ ᠬᠠᠤᠯᠢ ᠶᠣᠰᠣᠭᠠᠷ ᠵᠢᠷᠤᠮᠵᠢᠭᠤᠨ᠂ ᠲᠥᠪ ᠭᠤᠣᠯᠴᠢ ᠪᠣᠯᠪᠠᠰᠤᠨ ᠢᠶᠠᠷ ᠬᠠᠤᠯᠢ | ᠬᠡᠷᠡᠭᠵᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠡᠷᠴᠢᠮ ᠲᠠᠢ ᠮᠥᠷᠲᠡᠭᠡᠨ ᠳᠤᠯᠠᠭᠠᠬᠠᠨ | ᠪᠠᠶᠢᠯᠭᠠᠨ᠎ᠠ᠃ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ | ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ ᠪᠠ ᠠᠵᠢᠯ ᠤᠨ ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ᠂ | ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ | ᠨᠡᠶᠢᠭᠡᠮ ᠤᠨ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠴᠢᠨᠠᠷ ᠰᠠᠶᠢᠲᠠᠢ ᠰᠠᠶᠢᠲᠤᠷ ᠰᠢᠢᠳᠪᠦᠷᠢᠯᠡᠵᠦ᠂ ᠵᠠᠰᠠᠭ ᠤᠨ | ᠣᠷᠳᠣᠨ ᠤ ᠠᠯᠢᠪᠠ ᠡᠷᠬᠡ ᠶᠢ ᠴᠦᠮ ᠢᠯᠡ ᠪᠠᠷ ᠬᠡᠷᠡᠭᠵᠢᠬᠦᠯᠦᠨ᠎ᠡ᠃ | ᠲᠦᠷᠦᠭᠦᠯᠡᠨ ᠪᠣᠳᠠᠲᠠᠶ ᠪᠠᠷ ᠠᠵᠢᠯᠯᠠᠬᠤ ᠳᠤᠮᠳᠠ ᠰᠠᠶᠢᠨ ᠰᠠᠶᠢᠬᠠᠨ ᠰᠤᠷᠲᠠᠯ ᠢ ᠪᠤᠢ ᠪᠣᠯᠭᠠᠨ᠎ᠠ᠃ ︽ᠠᠮᠵᠢᠯᠲᠠ ᠨᠢ | ᠭᠠᠭᠴᠠ ᠮᠢᠨᠤ ᠭᠠᠪᠢᠶ᠎ᠠ ᠪᠢᠰᠢ᠂ ᠠᠮᠵᠢᠯᠲᠠ ᠣᠯᠬᠤ ᠳᠤ ᠵᠠᠪᠠᠯ ᠪᠢ ᠪᠠᠶᠢᠬᠤ︾ ᠬᠡᠬᠦᠳᠡᠭ ᠴᠡᠭᠡᠵᠢ ᠪᠠᠷ᠂ ︽ | ᠠᠮᠢ ᠪᠠᠨ ᠴᠦᠯᠡᠨ ᠦᠬᠦᠨ ᠵᠢᠳᠬᠦᠬᠦ︾ ᠰᠢᠢᠳᠮᠡᠬᠡᠢ ᠵᠣᠷᠢᠭ ᠢᠶᠠᠷ᠂ ᠦᠨᠡᠨᠬᠦ ᠠᠳᠬᠤᠵᠤ ᠪᠣᠳᠠᠲᠠᠢ ᠠᠵᠢᠯᠯᠠᠬᠤ᠂ | ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠰᠤᠷᠲᠠᠯ ᠢ ᠶᠡᠬᠡᠪᠡᠷ ᠪᠠᠳᠠᠷᠠᠭᠤᠯᠵᠤ᠂ ᠬᠠᠷᠢᠭᠤᠴᠠᠯᠭ᠎ᠠ ᠶᠢ ᠬᠠᠷᠢᠯᠴᠠᠨ | ᠲᠦᠯᠬᠢᠯᠴᠡᠬᠦ᠂ ᠶᠠᠭᠤ ᠴᠤ ᠬᠢᠵᠦ ᠪᠦᠲᠦᠭᠡᠬᠦ ᠦᠭᠡᠢ ᠪᠠᠶᠢᠬᠤ ᠶᠢ ᠡᠷᠡᠰ ᠡᠰᠡᠷᠭᠦᠴᠡᠨ᠎ᠡ︔ ᠵᠣᠷᠢᠭᠲᠠᠢ ᠪᠠᠷ | ᠲᠦᠷᠦᠭᠦᠯᠡᠬᠦ᠂ ᠥᠷᠢᠰᠥᠯᠳᠦᠨ ᠲᠡᠮᠡᠴᠡᠬᠦ ᠰᠤᠷᠲᠠᠯ ᠢ ᠶᠡᠬᠡᠪᠡᠷ ᠮᠠᠨᠳᠤᠭᠤᠯᠵᠤ᠂ ᠠᠯᠳᠠᠭ᠎ᠠ ᠭᠠᠷᠭᠠᠬᠤ ᠦᠭᠡᠢ ᠶᠢ ᠯᠡ | ᠪᠣᠳᠤᠵᠤ ᠮᠡᠷᠡᠶᠢᠨ ᠳᠡᠪᠰᠢᠬᠦ ᠦᠭᠡᠢ᠂ ᠤᠷᠤᠭᠰᠢᠯᠠᠨ ᠲᠠᠪᠰᠢᠬᠤ ᠶᠢ ᠪᠤᠳᠤᠬᠤ ᠦᠭᠡᠢ ᠰᠤᠷᠲᠠᠯ ᠢ ᠡᠷᠡᠰ | ᠡᠰᠡᠷᠭᠦᠴᠡᠨ᠎ᠡ︔ ᠬᠡᠯᠡᠭᠰᠡᠨ ᠳᠡᠭᠡᠨ ᠬᠦᠷᠴᠦ᠂ ᠢᠲᠡᠭᠡᠯ ᠢ ᠡᠷᠬᠢᠮᠯᠡᠬᠦ ᠰᠤᠷᠲᠠᠯ ᠢ ᠶᠡᠬᠡᠪᠡᠷ ᠮᠠᠨᠳᠤᠭᠤᠯᠵᠤ᠂ | ᠬᠤᠭᠤᠰᠣᠨ ᠶᠠᠷᠢᠬᠤ᠂ ᠦᠵᠡᠬᠦ ᠳᠤ ᠰᠠᠶᠢᠬᠠᠨ ᠴᠤ ᠦᠨᠡᠨ ᠳᠡᠭᠡᠨ ᠬᠡᠷᠡᠭ ᠦᠭᠡᠢ ᠪᠠᠶᠢᠬᠤ ᠶᠢ ᠡᠷᠡᠰ ᠡᠰᠡᠷᠭᠦᠴᠡᠨ᠎ᠡ︔ | ᠠᠶᠤᠯ ᠪᠡᠷᠬᠡᠰᠢᠶᠡᠯ ᠠᠴᠠ ᠰᠦᠷᠲᠡᠬᠦ ᠦᠭᠡᠢ᠂ ᠵᠣᠷᠢᠭᠲᠠᠢ ᠪᠠᠷ ᠲᠡᠮᠡᠴᠡᠬᠦ ᠰᠤᠷᠲᠠᠯ ᠢ ᠶᠡᠬᠡᠪᠡᠷ ᠮᠠᠨᠳᠤᠭᠤᠯᠵᠤ᠂ | ᠡᠷᠡᠭᠡᠯᠵᠡᠵᠦ ᠵᠢᠷᠦᠬᠡᠰᠢᠶᠡᠬᠦ᠂ ᠬᠤᠶᠢᠰᠢ ᠰᠠᠭᠤᠭᠠᠳ ᠤᠷᠤᠭᠰᠢᠯᠠᠬᠤ ᠦᠭᠡᠢ ᠪᠠᠶᠢᠬᠤ ᠶᠢ ᠡᠷᠡᠰ ᠡᠰᠡᠷᠭᠦᠴᠡᠵᠦ᠂ | ᠣᠷᠣᠨ ᠤ ᠲᠥᠪ ᠢ ᠬᠠᠶᠢᠷᠠᠯᠠᠬᠤ᠂ ᠣᠷᠣᠨ ᠤ ᠲᠥᠪ ᠢ ᠬᠦᠴᠦᠷᠬᠡᠭᠵᠢᠭᠦᠯᠬᠦ ᠶᠠᠪᠤᠳᠠᠯ ᠢ ᠵᠠᠰᠠᠭ ᠤᠨ ᠣᠷᠳᠣᠨ ᠤ | ᠠᠵᠢᠯ ᠤᠨ ᠢᠯᠡ ᠲᠣᠳᠣ ᠣᠨᠴᠠᠯᠢᠭ ᠪᠣᠯᠭᠠᠨ᠎ᠠ᠃ | ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠳᠤᠮᠳᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠨ᠎ᠠ᠃ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ | ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ︾ ᠶᠢ ᠨᠠᠷᠢᠨ ᠬᠢᠨᠠᠮᠠᠭᠠᠢ ᠭᠦᠢᠴᠡᠳᠬᠡᠵᠦ᠂ ᠤᠯᠠᠨ | ᠲᠦᠮᠡᠨ ᠤ ᠳᠡᠷᠭᠡᠳᠡᠬᠢ ᠢᠯᠵᠠᠷᠠᠯ ᠤᠨ ᠠᠰᠠᠭᠤᠳᠠᠯ ᠪᠣᠯᠤᠨ ᠲᠥᠪ ᠪᠤᠰᠤ ᠰᠤᠷᠲᠠᠯ ᠳᠤ ᠥᠴᠦᠬᠡᠨ ᠴᠦ ᠢᠯᠳᠠᠷ | ᠬᠠᠶᠠᠬᠤ ᠦᠭᠡᠢ ᠰᠡᠷᠡᠮᠵᠢ ᠲᠠᠢ ᠪᠠᠶᠢᠨ᠎ᠠ︔ ᠭᠤᠣᠯᠳᠠᠯᠭ᠎ᠠ ᠲᠠᠢ ᠬᠦᠷᠢᠶᠡᠨ ᠳᠠᠬᠢ ᠢᠯᠵᠠᠷᠠᠯ ᠤᠨ ᠠᠰᠠᠭᠤᠳᠠᠯ ᠳᠤ | ᠥᠴᠦᠬᠡᠨ ᠴᠦ ᠢᠯᠳᠠᠷ ᠬᠠᠶᠠᠬᠤ ᠦᠭᠡᠢ ᠬᠦᠴᠦᠯᠡᠴᠡ ᠶᠢ ᠪᠠᠷᠢᠮᠲᠠᠯᠠᠨ᠎ᠠ᠃ ︽ᠠᠷᠪᠢᠯᠠᠨ ᠭᠠᠮᠨᠠᠬᠤ︾ ᠦᠵᠡᠯ | ᠰᠠᠨᠠᠭ᠎ᠠ ᠶᠢ ᠪᠠᠲᠤ ᠪᠤᠢ ᠪᠣᠯᠭᠠᠵᠤ᠂ ᠡᠩ ᠤᠨ ᠴᠢᠨᠠᠷᠲᠠᠶ᠂ ᠴᠢᠬᠤᠯᠠ ᠪᠤᠰᠤ ᠵᠠᠷᠤᠯᠭ᠎ᠠ ᠶᠢ ᠪᠠᠭᠠᠰᠬᠠᠨ᠎ᠠ᠃ ᠵᠠᠰᠠᠭ ᠤᠨ | ᠣᠷᠳᠣᠨ ᠤ ᠰᠢᠰᠲ᠋ᠧᠮ ᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠵᠠᠰᠠᠭ ᠤᠨ ᠠᠵᠢᠯ ᠳᠤ ᠬᠢᠴᠢᠶᠡᠨ ᠵᠢᠳᠬᠦᠵᠦ | ᠂ ᠪᠡᠶ᠎ᠡ ᠪᠠᠨ ᠴᠢᠩᠭ᠎ᠠ ᠱᠠᠭᠠᠷᠳᠠᠵᠤ᠂ ᠠᠷᠢᠭᠤᠨ ᠴᠢᠬᠡᠴᠢ ᠪᠠᠷ ᠬᠥᠮᠦᠨ ᠪᠤᠯᠵᠤ᠂ ᠴᠡᠪᠡᠷ ᠴᠢᠬᠡᠴᠢ ᠪᠠᠷ ᠠᠵᠢᠯ | ᠶᠠᠪᠤᠳᠠᠯ ᠬᠢᠵᠦ᠂ ᠦᠨᠡᠨᠬᠦ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠠᠵᠢᠯ ᠬᠢᠵᠦ | ᠦᠢᠯᠡᠰ ᠪᠦᠲᠦᠭᠡᠬᠦ ᠡᠩᠨᠡᠭᠡ ᠪᠣᠯᠣᠨ᠎ᠠ᠃ | ᠲᠥᠯᠥᠭᠡᠯᠡᠭᠴᠢᠳ ᠡ︕ ᠰᠢᠨ᠎ᠡ ᠵᠢᠷᠤᠭ ᠲᠥᠰᠦᠪ ᠢ ᠨᠢᠭᠡᠨᠲᠡ ᠵᠢᠷᠤᠭᠯᠠᠵᠤ᠂ ᠰᠢᠨ᠎ᠡ ᠠᠶᠠᠨ ᠡᠬᠢᠯᠡᠵᠦ ᠪᠠᠶᠢᠨ᠎ᠠ᠃ | ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ | ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ | ᠬᠤᠳᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠦᠵᠡᠯ ᠰᠠᠨᠠᠭ᠎ᠠ ᠪᠠᠨ ᠴᠢᠯᠥᠭᠡᠯᠡᠵᠦ | ᠂ ᠵᠠᠮ ᠨᠡᠭᠡᠭᠡᠨ ᠰᠢᠨ᠎ᠡ ᠶᠢ ᠡᠭᠦᠳᠴᠦ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠡᠷᠡᠰ ᠰᠢᠭᠤᠷᠬᠠᠢ ᠪᠠᠷ | ᠤᠷᠤᠭᠰᠢᠯᠠᠨ ᠲᠠᠪᠰᠢᠵᠥ᠂ ᠪᠣᠳᠠᠲᠤ ᠠᠵᠢᠯᠯᠠᠭ᠎ᠠ ᠪᠠᠷ ᠢᠶᠠᠨ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠲᠥᠪ ᠬᠤᠲᠠ ᠶᠢᠨ ᠰᠢᠨ᠎ᠡ ᠬᠠᠭᠤᠳᠠᠰᠤ ᠶᠢ ᠪᠢᠴᠢᠭᠯᠡᠵᠡᠭᠡᠶ᠎ᠡ︕ | ᠢᠷᠡᠯᠳᠡ᠄ ᠬᠦᠬᠡᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ | | | | | | |