4 ᠰᠠᠷ᠎ᠠ ᠶᠢᠨ 12 ᠤᠨ ᠡᠳᠦᠷ᠂ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ | ᠲᠣᠪᠴᠢᠶ᠎ᠠ ᠶᠢᠨ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠤᠨ ᠬᠢᠨ ︽ᠰᠢᠨ᠎ᠡ ᠬᠡᠯᠪᠡᠷᠢ ᠶᠢᠨ ᠲᠢᠲᠢᠮᠯᠢᠭ | ᠸᠢᠷᠦ᠋ᠰ ᠤᠨ ᠬᠠᠯᠳᠠᠪᠤᠷᠢᠯᠠᠯ ᠢ ᠤᠷᠢᠳᠴᠢᠯᠠᠨ ᠰᠡᠷᠭᠡᠶᠢᠯᠡᠬᠦ ᠣᠯᠠᠨ ᠨᠡᠶᠢᠲᠡ ᠶᠢᠨ ᠠᠮᠠᠪᠴᠢ ᠵᠡᠭᠦᠬᠦ ᠵᠢᠯᠣᠭᠤᠳᠤᠮᠵᠢ | ︵2023 ᠣᠨ ᠤ 4 ᠰᠠᠷ᠎ᠠ ᠶᠢᠨ ᠬᠡᠪᠯᠡᠯ︶ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ᠢ ᠨᠡᠶᠢᠲᠡᠯᠡᠪᠡ᠃ | ᠮᠡᠳᠡᠭᠳᠡᠯ ᠳᠤ᠂ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠲᠤ ᠬᠠᠯᠳᠠᠪᠤᠷᠢᠯᠠᠬᠳᠠᠬᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠢ ᠴᠢᠨᠠᠭᠰᠢᠳᠠ ᠰᠠᠶᠢᠲᠤᠷ ᠬᠢᠵᠦ᠂ ᠤᠯᠠᠨ ᠨᠡᠶᠢᠲᠡ ᠶᠢᠨ ᠠᠮᠠᠪᠴᠢ ᠵᠡᠭᠦᠬᠦ ᠶᠢ | ᠵᠢᠯᠣᠭᠤᠳᠬᠤ ᠶᠢᠨ ᠲᠥᠯᠥᠭᠡ᠂ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ | ᠡᠵᠡᠮᠳᠡᠬᠦ ᠲᠣᠭᠲᠠᠴᠠ ᠶᠢᠨ ᠬᠢᠵᠢᠭ ᠢ ᠰᠡᠷᠭᠡᠶᠢᠯᠡᠨ ᠬᠤᠷᠢᠬᠯᠠᠬᠤ ᠳᠤᠭᠤᠶᠢᠯᠠᠩ ︽ᠰᠢᠨ᠎ᠡ ᠬᠡᠯᠪᠡᠷᠢ ᠶᠢᠨ ᠲᠢᠲᠢᠮᠯᠢᠭ | ᠸᠢᠷᠦ᠋ᠰ ᠤᠨ ᠬᠠᠯᠳᠠᠪᠤᠷᠢᠯᠠᠯ ᠢ ᠤᠷᠢᠳᠴᠢᠯᠠᠨ ᠰᠡᠷᠭᠡᠶᠢᠯᠡᠬᠦ ᠣᠯᠠᠨ ᠨᠡᠶᠢᠲᠡ ᠶᠢᠨ ᠠᠮᠠᠪᠴᠢ ᠵᠡᠭᠦᠬᠦ ᠵᠢᠯᠣᠭᠤᠳᠤᠮᠵᠢ | ︵2023 ᠣᠨ ᠤ 4 ᠰᠠᠷ᠎ᠠ ᠶᠢᠨ ᠬᠡᠪᠯᠡᠯ︶︾ ᠶᠢ ᠲᠣᠭᠲᠠᠭᠠᠪᠠ᠃ | ᠠᠮᠠᠪᠴᠢ ᠵᠡᠭᠦᠬᠦ ᠦᠭᠡᠢ ᠳᠤ ᠪᠤᠯᠬᠤ ᠪᠠᠶᠢᠩᠭᠤ ᠶᠢᠨ ᠪᠠᠶᠢᠳᠠᠯ ᠪᠤᠶᠤ ᠲᠠᠯᠠᠪᠤᠷ | 1. ᠵᠠᠳᠠᠭᠠᠶ ᠲᠠᠯᠠᠪᠠᠶ᠂ ᠴᠡᠴᠡᠷᠯᠢᠭ ᠵᠡᠷᠭᠡ ᠭᠡᠷ ᠤᠨ ᠭᠠᠳᠠᠨᠠᠬᠢ ᠲᠠᠯᠠᠪᠤᠷ᠃ | 2. ᠬᠥᠮᠦᠰ ᠨᠢ ᠬᠠᠷᠢᠴᠠᠩᠭᠤᠶ ᠲᠣᠭᠲᠠᠮᠠᠯ ᠠᠵᠢᠯᠯᠠᠬᠤ ᠭᠠᠵᠠᠷ ᠪᠠ ᠬᠤᠷᠠᠯ ᠤᠨ ᠭᠡᠷ ᠵᠡᠷᠭᠡ᠃ | 3. ᠣᠷᠣᠯᠴᠠᠭᠴᠢ ᠶᠢᠨ ᠢᠷᠡᠯᠲᠡ ᠨᠡᠯᠢᠶᠡᠳ ᠥᠷᠭᠡᠨ᠂ ᠰᠢᠯᠵᠢᠬᠦ ᠴᠢᠨᠠᠷ ᠢᠶᠠᠷ ᠨᠡᠯᠢᠶᠡᠳ ᠴᠢᠩᠭ᠎ᠠ | ᠪᠣᠯᠪᠠᠴᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠪᠤᠶᠤ ᠥᠳᠥᠭᠡᠭᠴᠢ ᠶᠢᠨ ᠰᠢᠯᠭᠠᠨ ᠬᠡᠮᠵᠢᠯᠳᠡ᠂ ᠡᠷᠡᠭᠦᠯ | ᠮᠡᠨᠳᠦ ᠶᠢᠨ ᠪᠠᠶᠢᠴᠠᠭᠠᠯᠳᠠ ᠬᠢᠬᠦ ᠵᠡᠷᠭᠡ ᠰᠡᠷᠭᠡᠶᠢᠯᠡᠨ ᠬᠤᠷᠢᠬᠯᠠᠬᠤ ᠱᠠᠭᠠᠷᠳᠠᠯᠭ᠎ᠠ ᠲᠠᠢ ᠲᠣᠮᠣ ᠬᠡᠯᠪᠡᠷᠢ ᠶᠢᠨ ᠬᠤᠷᠠᠯ | ᠪᠤᠶᠤ ᠠᠵᠢᠯᠯᠠᠭ᠎ᠠ ᠡᠷᠭᠢᠯᠡᠬᠦ ᠳᠤ᠃ | 4. ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠪᠤᠶᠤ ᠥᠳᠥᠭᠡᠭᠴᠢ ᠶᠢᠨ ᠰᠢᠯᠭᠠᠨ ᠬᠡᠮᠵᠢᠯᠳᠡ᠂ ᠡᠷᠡᠭᠦᠯ | ᠮᠡᠨᠳᠦ ᠶᠢᠨ ᠪᠠᠶᠢᠴᠠᠭᠠᠯᠳᠠ ᠵᠡᠷᠭᠡ ᠶᠢ ᠲᠣᠭᠲᠠᠮᠠᠯ ᠬᠤᠭᠤᠴᠠᠭ᠎ᠠ ᠲᠠᠢ ᠪᠠᠷ ᠬᠢᠬᠦ ᠣᠨᠴᠠ ᠲᠣᠭᠲᠠᠭᠰᠠᠨ ᠬᠥᠮᠦᠰ᠂ | ᠵᠢᠱᠢᠶᠡᠯᠡᠪᠡᠯ ᠪᠠᠶᠠᠷ ᠤᠨ ᠶᠣᠰᠣᠯᠠᠯ ᠤᠨ ᠠᠵᠢᠯᠯᠠᠭ᠎ᠠ ᠳᠤ ᠤᠷᠤᠯᠴᠠᠬᠤ ᠲᠣᠭᠯᠠᠭᠴᠢ᠂ ᠶᠣᠰᠣᠯᠠᠯ ᠤᠨ ᠠᠩᠭᠢ ᠶᠢᠨ | ᠭᠡᠰᠢᠭᠦᠨ ᠵᠡᠷᠭᠡ ᠲᠣᠮᠣ ᠬᠡᠯᠪᠡᠷᠢ ᠶᠢᠨ ᠠᠵᠢᠯᠯᠠᠭ᠎ᠠ ᠳᠤ ᠣᠷᠣᠯᠴᠠᠬᠤ ᠦᠶ᠎ᠡ ᠳᠤ᠃ | 5. ᠬᠥᠳᠡᠯᠭᠡᠭᠡᠨ ᠬᠢᠵᠦ ᠪᠠᠶᠢᠭ᠎ᠠ ᠬᠥᠮᠦᠰ ᠠᠮᠠᠪᠴᠢ ᠵᠡᠬᠦᠬᠦ ᠳᠤ ᠠᠮᠢᠰᠬᠤᠯ ᠴᠢᠬᠤᠯᠳᠠᠬᠤ ᠦᠶ᠎ᠡ ᠳᠤ᠃ | | 6. ᠭᠤᠷᠪᠠᠨ ᠨᠠᠰᠤ ᠲᠠᠢ ᠬᠡᠤᠬᠡᠳ ᠵᠢᠴᠢ ᠲᠡᠭᠦᠨ ᠠᠴᠠ ᠳᠣᠷᠣᠭᠰᠢᠬᠢ ᠨᠠᠰᠤᠨ ᠤ ᠨᠢᠯᠬ᠎ᠠ ᠬᠡᠦᠬᠡᠳ᠃ | | 7. ᠰᠤᠷᠭᠠᠭᠤᠯᠢ ᠶᠢᠨ ᠪᠠᠭᠰᠢ ᠰᠤᠷᠤᠭᠴᠢᠳ ᠰᠤᠷᠭᠠᠭᠤᠯᠢ ᠳᠤ ᠪᠠᠶᠢᠬᠤ ᠬᠤᠭᠤᠴᠠᠭᠠᠨ ᠳᠤ᠃ | |