ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢᠨ ᠲᠥᠯᠥᠭᠡ᠂ ᠰᠤᠷᠭᠠᠨ ᠬᠥᠮᠦᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ︽ | ᠡᠷᠡᠭᠦᠯ ᠡᠩᠬᠡ ᠳᠤᠮᠳᠠᠳᠤ ᠤᠯᠤᠰ ᠤᠨ ᠠᠵᠢᠯᠯᠠᠭ᠎ᠠ ︵2019 —2030 ᠣᠨ︶︾ ᠶᠢ ᠬᠡᠷᠡᠭᠵᠢᠭᠦᠯᠵᠦ᠂ ︽ | ᠰᠢᠨ᠎ᠡ ᠴᠠᠭ ᠦᠶ᠎ᠡ ᠶᠢᠨ ᠰᠤᠷᠭᠠᠭᠤᠯᠢ ᠶᠢᠨ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢᠨ ᠬᠥᠮᠦᠵᠢᠯ ᠤᠨ | ᠠᠵᠢᠯ ᠢ ᠪᠥᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠬᠤ ᠲᠤᠬᠠᠢ ᠰᠤᠷᠭᠠᠨ ᠬᠥᠮᠦᠵᠢᠯ ᠤᠨ ᠶᠠᠮᠤᠨ ᠵᠡᠷᠭᠡ | ᠲᠠᠪᠤᠨ ᠰᠠᠯᠠᠭ᠎ᠠ ᠮᠥᠴᠢᠷ ᠤᠨ ᠰᠠᠨᠠᠯ︾ ︵ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠷᠠᠯᠢᠭ ﹇2021﹈ 7 | ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠲᠦᠷᠦᠭᠦᠸ ᠪᠦᠯᠦᠭ ᠤᠨ | ᠪᠥᠬᠦ ᠤᠯᠤᠰ ᠤᠨ ᠰᠤᠷᠭᠠᠭᠤᠯᠢ ᠶᠢᠨ ᠲᠦᠷᠭᠡᠨ ᠠᠪᠤᠷᠠᠯᠳᠠ ᠶᠢᠨ ᠬᠥᠮᠦᠵᠢᠯ ᠤᠨ ᠲᠤᠷᠰᠢᠯᠲᠠ ᠶᠢᠨ ᠠᠵᠢᠯ ᠤᠨ | ᠦᠷ᠎ᠡ ᠪᠦᠲᠦᠮᠵᠢ ᠪᠠ ᠲᠤᠷᠰᠢᠯᠭ᠎ᠠ ᠶᠢ ᠪᠥᠬᠦ ᠲᠠᠯ᠎ᠠ ᠪᠠᠷ ᠳ᠋ᠦᠩᠨᠡᠭᠰᠡᠨ ᠰᠠᠭᠤᠷᠢᠨ ᠳᠡᠭᠡᠷ᠎ᠡ᠂ ᠬᠤᠶᠠᠳᠤᠭᠠᠷ | ᠪᠦᠯᠦᠭ ᠤᠨ ᠪᠥᠬᠦ ᠤᠯᠤᠰ ᠤᠨ ᠰᠤᠷᠭᠠᠭᠤᠯᠢ ᠶᠢᠨ ᠲᠦᠷᠭᠡᠨ ᠠᠪᠤᠷᠠᠯᠳᠠ ᠶᠢᠨ ᠬᠥᠮᠦᠵᠢᠯ ᠤᠨ | ᠲᠤᠷᠰᠢᠯᠲᠠ ᠶᠢᠨ ᠠᠵᠢᠯ ᠢ ᠥᠷᠨᠢᠭᠦᠯᠬᠦ ᠪᠠᠷ ᠲᠣᠭᠲᠠᠪᠠ᠃ | ᠬᠤᠶᠠᠳᠤᠭᠠᠷ ᠪᠦᠯᠦᠭ ᠲᠤ 1000 ᠰᠤᠷᠭᠠᠭᠤᠯᠢ ᠶᠢ ᠰᠣᠩᠭᠤᠨ ᠲᠤᠷᠰᠢᠯᠲᠠ ᠶᠢᠨ ᠠᠵᠢᠯ ᠳᠤ | ᠣᠷᠣᠯᠴᠠᠭᠤᠯᠵᠤ᠂ ᠰᠤᠷᠭᠠᠭᠤᠯᠢ ᠶᠢᠨ ᠬᠦᠷᠢᠶᠡᠨ ᠳᠤ ᠲᠦᠷᠭᠡᠨ ᠠᠪᠤᠷᠠᠯᠳᠠ ᠶᠢᠨ ᠲᠥᠬᠦᠭᠡᠷᠦᠮᠵᠢ ᠲᠣᠬᠢᠷᠠᠭᠤᠯᠬᠤ ᠶᠢ | ᠠᠬᠢᠭᠤᠯᠵᠤ᠂ ᠪᠠᠭᠰᠢ ᠠᠵᠢᠯᠲᠠᠨ ᠠᠵᠢᠯᠴᠢᠨ᠂ ᠰᠣᠷᠣᠭᠴᠢ ᠶᠢᠨ ᠲᠦᠷᠭᠡᠨ ᠠᠪᠤᠷᠠᠯᠳᠠ ᠶᠢᠨ ᠮᠡᠳᠡᠯᠭᠡ ᠶᠢᠨ ᠬᠥᠮᠦᠵᠢᠯ | ᠪᠠ ᠤᠷ᠎ᠠ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠨ᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ | ᠲᠦᠷᠭᠡᠨ ᠠᠪᠤᠷᠠᠯᠳᠠ ᠶᠢᠨ ᠬᠥᠮᠦᠵᠢᠯ ᠤᠨ ᠲᠤᠷᠰᠢᠯᠭ᠎ᠠ ᠪᠠ ᠠᠷᠭ᠎ᠠ ᠬᠢᠳᠡᠯ ᠢ ᠰᠦᠪᠡᠭᠴᠢᠯᠡᠨ ᠬᠤᠷᠠᠮᠳᠤᠭᠤᠯᠵᠤ᠂ | ᠰᠤᠷᠭᠠᠭᠤᠯᠢ ᠶᠢᠨ ᠲᠦᠷᠭᠡᠨ ᠠᠪᠤᠷᠠᠯᠳᠠ ᠶᠢᠨ ᠬᠥᠮᠦᠵᠢᠯ ᠤᠨ ᠬᠥᠮᠥᠨ ᠬᠥᠮᠥᠵᠢᠭᠦᠯᠬᠦ ᠰᠢᠰᠲ᠋ᠧᠮ ᠢ | ᠲᠡᠭᠦᠯᠳᠡᠷᠵᠢᠭᠦᠯᠬᠦ ᠪᠠᠷ ᠪᠣᠶ᠃ | |