ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠬᠢᠨ ᠤ | ᠬᠤᠯᠪᠣᠭ᠎ᠠ ᠠᠴᠠ ᠣᠶᠢᠯᠠᠭᠠᠭᠰᠠᠨ ᠢᠶᠠᠷ᠂ ᠣᠶᠢᠷ᠎ᠠ ᠳᠤ ᠶᠦᠨᠨᠠᠨ ᠤ ᠯᠢᠵᠢᠶᠠᠩ ᠳᠤ ᠶᠠᠪᠤᠭᠳᠠᠭᠰᠠᠨ ︽ | ᠦᠨᠳᠦᠰᠦᠲᠡᠨ ᠤ ᠤᠳᠬ᠎ᠠ ᠵᠣᠬᠢᠶᠠᠯ︾ ᠤᠨ 2021᠂ 2022 ᠣᠨ ᠤ ᠱᠠᠩᠨᠠᠯ ᠣᠯᠭᠤᠬᠤ ᠶᠣᠰᠣᠯᠠᠯ ᠳᠡᠭᠡᠷ᠎ᠡ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠣᠬᠢᠶᠠᠯᠴᠢ ᠮᠦᠩᠬᠡᠪᠠᠶᠠᠷ ᠤᠨ ᠮᠣᠩᠭᠤᠯ ᠰᠢᠯᠦᠭ ᠤᠨ | ᠪᠦᠲᠦᠭᠡᠯ ︽ᠵᠠᠭᠤᠨ ᠵᠢᠯ ᠤᠨ ᠨᠠᠶᠢᠷᠠᠯ ᠬᠥᠭᠵᠢᠮ︾᠂ ᠭᠡ᠊᠂ ᠪᠠᠭᠠᠲᠤᠷ ᠤᠨ ᠰᠢᠯᠦᠭ ᠤᠨ ᠣᠷᠴᠢᠭᠤᠯᠭ᠎ᠠ ᠶᠢᠨ | ᠪᠦᠲᠦᠭᠡᠯ ︽ᠪᠦᠰᠡᠯᠡᠯᠲᠡ︾ ᠨᠢ 2021 ︽ᠦᠨᠳᠦᠰᠦᠲᠡᠨ ᠤ ᠤᠳᠬ᠎ᠠ ᠵᠣᠬᠢᠶᠠᠯ︾ ᠤᠨ ᠣᠨ ᠤ ᠱᠠᠩᠨᠠᠯ ᠢ | ᠬᠦᠷᠲᠡᠵᠦ᠂ ᠡᠩᠬᠡᠬᠠᠲᠠ ᠶᠢᠨ ᠮᠣᠩᠭᠤᠯ ᠨᠠᠶᠢᠷᠠᠭᠤᠯᠤᠯ ᠤᠨ ᠪᠦᠲᠦᠭᠡᠯ ︽ᠴᠡᠩᠬᠡᠷ ᠴᠢᠯᠠᠭᠤᠨ ᠶᠢᠷᠲᠢᠨᠴᠦ ᠪᠤᠶᠤ | ᠮᠢᠨᠤ ᠲᠥᠰᠥᠭᠡᠯᠡᠨ ᠪᠣᠳᠣᠯᠲᠠ︾ ᠨᠢ 2022 ︽ᠦᠨᠳᠦᠰᠦᠲᠡᠨ ᠤ ᠤᠳᠬ᠎ᠠ ᠵᠣᠬᠢᠶᠠᠯ︾ ᠤᠨ ᠣᠨ ᠤ ᠱᠠᠩᠨᠠᠯ ᠢ | ᠭᠥᠷᠳᠡᠪᠡ᠃ | ᠣᠶᠢᠯᠠᠭᠠᠭᠰᠠᠨ ᠢᠶᠠᠷ᠂ ︽ᠦᠨᠳᠦᠰᠦᠲᠡᠨ ᠤ ᠤᠳᠬ᠎ᠠ ᠵᠣᠬᠢᠶᠠᠯ︾ ᠤᠨ 2021᠂ 2022 ᠣᠨ ᠤ | ᠱᠠᠩᠨᠠᠯ ᠭᠥᠷᠳᠡᠭᠰᠡᠨ 36 ᠵᠤᠬᠢᠶᠠᠯ ︵ᠢᠵᠢ᠂ ᠮᠦᠴᠡᠯᠭᠡ︶ ᠪᠦᠲᠦᠭᠡᠯ ᠤᠨ ᠵᠣᠬᠢᠶᠠᠭᠴᠢ ᠳᠤ 10 ᠴᠥᠭᠡᠨ | ᠲᠣᠭᠠᠲᠤ ᠦᠨᠳᠦᠰᠦᠲᠡᠨ ᠪᠤᠢ᠃ |