ᠲᠤᠭᠳᠠᠬᠤ ᠰᠢᠶᠠᠨ ︽4·15︾ ᠤ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠡᠷᠬᠢᠯᠡᠪᠡ
ᠨᠡᠶᠢᠲᠡᠯᠡᠭᠰᠡᠨ ᠴᠠᠭ᠄
2023/4/17
      4 ᠳ᠋ᠤᠭᠡᠷ ᠰᠠᠷ᠎ᠠ ᠶᠢᠨ 15 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠰᠢᠶᠠᠨ ᠤ ᠨᠠᠮ ᠤᠨ ᠬᠤᠷᠢᠶᠠᠨ ᠤ ᠲᠥᠷᠥ ᠶᠢᠨ ᠠᠮᠤᠷ ᠲᠦᠪᠰᠢᠨ ᠤ ᠠᠯᠪᠠᠨ ᠭᠡᠷ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠨᠢᠭᠤᠴᠠ ᠶᠢ ᠬᠠᠮᠠᠭᠠᠯᠠᠬᠤ ᠲᠣᠪᠴᠢᠶ᠎ᠠ᠂ ᠱᠤᠸᠠᠩ ᠾᠧ ᠪᠠᠯᠭᠠᠰᠦ ᠬᠠᠮᠲᠤᠷᠠᠨ ᠡᠷᠭᠢᠯᠡᠭᠰᠡᠨ ︽4 · 15︾ ᠤ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠰᠠᠷᠭᠠᠢ ᠴᠡᠴᠡᠭ ᠲᠠᠯᠠᠪᠠᠶ ᠳᠤ ᠶᠠᠪᠤᠭᠳᠠᠪᠠ᠃      2023 ᠣᠨ ᠤ 4 ᠳ᠋ᠤᠭᠡᠷ ᠰᠠᠷ᠎ᠠ ᠶᠢᠨ 15  ᠤ ᠡᠳᠦᠷ ᠪᠣᠯ ᠨᠠᠢᠮᠠᠳᠠᠭᠢ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠪᠣᠯᠣᠨ᠎ᠠ᠂ ᠡᠨᠡ ᠵᠢᠯ ᠤᠨ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠭᠤᠣᠯ ᠰᠡᠳᠦᠪ ᠪᠣᠯ ︽ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢ ᠲᠤᠤᠱᠯᠠᠭᠤᠯᠵᠤ᠂ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠪᠣᠯᠣᠨ ᠬᠡᠪ ᠪᠣᠯᠪᠠᠰᠤᠷᠠᠯ ᠢ ᠴᠢᠩᠭᠠᠳᠬᠠᠵᠤ᠂ ᠰᠢᠨ᠎ᠡ ᠠᠮᠤᠷ ᠲᠦᠪᠰᠢᠨ ᠤ ᠪᠠᠶᠢᠷᠢᠰᠢᠯ ᠢᠶᠠᠷ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠲᠤᠯᠠᠬᠤ ᠨᠡᠶᠢᠭᠡᠮ ᠤᠨ ᠰᠠᠭᠤᠷᠢ ᠶᠢ ᠪᠠᠳᠤᠳᠬᠠᠶ᠎ᠠ︾ ᠪᠣᠯᠣᠨ᠎ᠠ᠃ ᠮᠠᠨ ᠤ ᠰᠢᠶᠠᠨ ᠪᠦᠬᠦ ᠲᠠᠯ᠎ᠠ ᠶᠢᠨ᠂ ᠤᠯᠠᠨ ᠬᠠᠷᠠᠭᠠᠰᠤ᠂ ᠤᠯᠠᠨ ᠠᠷᠭ᠎ᠠ ᠵᠠᠮ ᠤᠨ ᠤᠬᠠᠭᠤᠯᠭ᠎ᠠ ᠬᠥᠮᠦᠵᠢᠯ ᠢᠶᠠᠷ ᠳᠠᠮᠵᠢᠭᠤᠯᠵᠤ᠂ ᠪᠦᠬᠦ ᠰᠢᠶᠠᠨ ᠤ ᠠᠷᠠᠳ ᠲᠦᠮᠡᠨ ᠤ ᠤᠯᠤᠰ ᠤᠨ ᠠᠮᠤᠷ ᠲᠦᠪᠰᠢᠨ ᠤ ᠤᠬᠠᠮᠰᠠᠷ ᠪᠣᠯᠣᠨ ᠬᠡᠪ ᠪᠣᠯᠪᠠᠰᠤᠷᠠᠯ ᠢ ᠴᠢᠩᠭᠠᠳᠬᠠᠵᠤ᠂ ᠤᠯᠤᠰ ᠤᠨ ᠠᠮᠤᠷ ᠲᠦᠪᠰᠢᠨ ᠤ ᠠᠷᠠᠳ ᠲᠦᠮᠡᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠤᠯᠤᠰ ᠤᠨ ᠠᠮᠤᠷ ᠲᠦᠪᠰᠢᠨ ᠤ ᠶᠡᠷᠦᠩᠬᠡᠢ ᠦᠵᠡᠯᠲᠡ ᠶᠢ ᠬᠥᠮᠥᠰ ᠤᠨ ᠰᠡᠳᠬᠢᠯ ᠳᠤ ᠬᠠᠳᠠᠩᠰᠢᠭᠤᠯᠤᠨ᠎ᠠ᠃      ᠠᠵᠢᠯᠯᠠᠭ᠎ᠠ ᠨᠢ ᠳᠡᠯᠭᠡᠨ ᠦᠵᠡᠭᠦᠯᠬᠦ ᠰᠠᠮᠪᠠᠷ᠎ᠠ ᠲᠠᠯᠪᠢᠬᠤ᠂ ᠡᠯᠭᠦᠭᠡ ᠪᠢᠴᠢᠭᠡᠰᠦ ᠡᠯᠭᠦᠬᠦ᠂ ᠬᠠᠤᠯᠢ ᠴᠠᠭᠠᠵᠠ ᠶᠢᠨ ᠮᠡᠳᠡᠯᠭᠡ ᠶᠢᠨ ᠭᠠᠷ ᠳᠡᠪᠲᠡᠷ ᠲᠠᠷᠬᠠᠭᠠᠬᠤ ᠵᠡᠷᠭᠡ ᠬᠡᠯᠪᠡᠷᠢ ᠪᠠᠷ ᠳᠡᠮᠵᠢᠨ᠂ ᠥᠷᠭᠡᠨ ᠤᠯᠠᠨ ᠠᠷᠠᠳ ᠲᠦᠮᠡᠨ ᠳᠤ ᠤᠯᠤᠰ ᠤᠨ ᠠᠮᠤᠷ ᠲᠦᠪᠰᠢᠨ ᠤ ᠲᠤᠬᠠᠢ ᠮᠡᠳᠡᠯᠭᠡ᠂ ᠶᠠᠭᠤ ᠶᠢ ᠤᠯᠤᠰ ᠤᠨ ᠠᠮᠤᠷ ᠲᠦᠪᠰᠢᠨ ᠭᠡᠬᠦ᠂ ᠤᠯᠤᠰ ᠤᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠬᠤ ᠦᠢᠯᠡ ᠠᠵᠢᠯᠯᠠᠭ᠎ᠠ᠂ ᠠᠷᠠᠳ ᠢᠷᠭᠡᠨ ᠤᠯᠤᠰ ᠤᠨ ᠠᠮᠤᠷ ᠲᠦᠪᠰᠢᠨ ᠢ ᠬᠡᠷᠬᠢᠨ ᠬᠠᠮᠠᠭᠠᠯᠠᠬᠤ᠂ ᠤᠯᠤᠰ ᠤᠨ ᠠᠮᠤᠷ ᠲᠦᠪᠰᠢᠨ ᠤ ᠪᠠᠶᠢᠭᠤᠯᠭ᠎ᠠ ᠶᠢᠨ 12339 ᠢᠯᠡᠴᠢᠯᠡᠨ ᠮᠡᠳᠡᠭᠦᠯᠬᠦ ᠤᠲᠠᠰᠤ ᠵᠡᠷᠭᠡ ᠮᠡᠳᠡᠯᠭᠡ ᠶᠢ ᠲᠦᠭᠡᠮᠡᠯᠵᠢᠭᠦᠯᠵᠦ᠂ ︽ᠤᠯᠤᠰ ᠤᠨ ᠠᠮᠤᠷ ᠲᠦᠪᠰᠢᠨ ᠤ ᠬᠠᠤᠯᠢ︾᠂ ︽ᠰᠦᠯᠵᠢᠶᠡᠨ ᠤ ᠠᠮᠤᠷ ᠲᠦᠪᠰᠢᠨ ᠤ ᠬᠠᠤᠯᠢ︾᠂ ︽ᠲᠠᠩᠨᠠᠭᠤᠯ ᠢ ᠡᠰᠡᠷᠭᠦᠴᠡᠬᠦ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠬᠤᠯᠪᠣᠭᠳᠠᠯ ᠪᠦᠬᠦᠢ ᠭᠤᠣᠯᠳᠠᠯᠭ᠎ᠠ ᠲᠠᠢ ᠬᠠᠤᠯᠢ ᠵᠤᠷᠪᠤᠰ ᠤᠨ ᠠᠭᠤᠯᠭ᠎ᠠ ᠶᠢ ᠲᠠᠶᠢᠯᠪᠤᠷᠢᠯᠠᠪᠠ᠃ ᠤᠯᠠᠭᠠᠨᠮᠥ᠋ᠴᠢᠷ ᠤᠨ ᠬᠢᠨ ᠤᠯᠠᠨ ᠳᠤ ᠭᠤᠶᠢᠳᠠ ᠰᠠᠶᠢᠬᠠᠨ ᠲᠣᠭᠯᠠᠯᠲᠠ ᠠᠪᠴᠢᠷᠠᠨ ᠥᠭᠴᠦ᠂ ᠲᠤᠬᠠᠢ ᠶᠢᠨ ᠲᠠᠯᠠᠪᠠᠢ ᠶᠢᠨ ᠤᠯᠠᠨ ᠲᠦᠮᠡᠨ ᠪᠠᠶᠠᠷᠯᠠᠨ ᠬᠥᠭᠡᠷᠦᠯᠳᠦᠬᠦ ᠳᠤᠮᠳᠠ ᠠᠴᠠ ᠠᠮᠤᠷ ᠲᠦᠪᠰᠢᠨ ᠤ ᠬᠥᠮᠦᠵᠢᠯ ᠤᠨ ᠮᠡᠳᠡᠯᠭᠡ ᠶᠢ ᠰᠣᠷᠣᠭᠰᠠᠨ ᠪᠥᠭᠡᠳ ᠭᠤᠶᠢᠳᠠ ᠰᠠᠶᠢᠬᠠᠨ ᠳᠠᠭᠤᠤ ᠪᠥᠵᠢᠭ ᠤᠨ ᠲᠣᠭᠯᠠᠯᠲᠠ ᠶᠢ ᠰᠣᠨᠢᠷᠬᠠᠪᠠ᠃      ᠲᠣᠰ ᠤᠳᠠᠭᠠᠨ ᠤ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠤᠯᠤᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠮᠡᠳᠡᠯᠭᠡ ᠶᠢ ᠲᠦᠭᠡᠮᠡᠯᠵᠢᠭᠦᠯᠵᠦ᠂ ᠣᠯᠠᠨ ᠲᠦᠮᠡᠨ ᠤ ᠤᠯᠤᠰ ᠤᠨ ᠠᠮᠤᠷ ᠲᠦᠪᠰᠢᠨ ᠤ ᠮᠡᠳᠡᠯᠭᠡ ᠶᠢ ᠣᠶᠢᠯᠠᠭᠠᠬᠤ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠣᠯᠠᠨ ᠲᠦᠮᠡᠨ ᠤ ᠤᠯᠤᠰ ᠤᠨ ᠠᠮᠤᠷ ᠲᠦᠪᠰᠢᠨ ᠤ ᠤᠬᠠᠮᠰᠠᠷ ᠪᠠ ᠲᠦᠭᠰᠢᠭᠦᠷᠢ ᠶᠢᠨ ᠲᠤᠬᠠᠢ ᠰᠠᠨᠠᠭᠠᠰᠢᠷᠠᠨ ᠵᠣᠪᠠᠨᠢᠬᠤ ᠤᠬᠠᠮᠰᠠᠷ ᠢ ᠴᠢᠩᠭᠠᠷᠠᠭᠤᠯᠤᠭᠰᠠᠨ ᠪᠥᠭᠡᠳ ᠰᠠᠭᠤᠭᠠᠯᠢ ᠠᠷᠠᠳ ᠲᠤ ᠤᠯᠤᠰ ᠤᠨ ᠠᠮᠤᠷ ᠲᠦᠪᠰᠢᠨ ᠤ ᠴᠢᠬᠤᠯᠠ ᠴᠢᠨᠠᠷ ᠪᠠ ︽ᠤᠯᠤᠰ ᠤᠨ ᠠᠮᠤᠷ ᠲᠦᠪᠰᠢᠨ ᠳᠤ ᠬᠥᠮᠥᠨ ᠪᠦᠬᠦᠨ ᠬᠠᠷᠢᠭᠤᠴᠠᠯᠭ᠎ᠠ ᠲᠠᠢ︾ ᠪᠠᠶᠢᠬᠤ ᠶᠢᠨ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠭᠤᠯᠤᠭᠰᠠᠨ ᠪᠠᠶᠢᠨ᠎ᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1