ᠲᠣᠭᠲᠠᠬᠤ ᠰᠢᠶᠠᠨ ᠤ ᠡᠮᠨᠡᠯᠭᠡ ᠶᠢᠨ ᠬᠤᠷᠢᠶ᠎ᠠ M D T ᠣᠯᠠᠨ ᠰᠢᠨᠵᠢᠯᠡᠭᠡᠨ ᠤ ᠰᠠᠯᠠᠭᠠᠨ ᠤ ᠡᠮᠴᠢᠯᠡᠭᠡᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/4/17
      ᠣᠯᠠᠨ ᠰᠢᠨᠵᠢᠯᠡᠭᠡᠨ ᠤ ᠰᠠᠯᠠᠭ᠎ᠠ ᠶᠢ ᠬᠠᠮᠲᠤᠷᠠᠨ ᠣᠨᠣᠰᠢᠯᠠᠬᠤ ᠶᠢ ᠳᠥᠭᠦᠮᠴᠢᠯᠡᠭᠡᠳ MDT ᠭᠡᠳᠡᠭ᠂ ᠶᠡᠷᠦ ᠳᠡᠭᠡᠨ ᠬᠤᠶᠠᠷ ᠠᠴᠠ ᠳᠡᠭᠡᠭᠰᠢ ᠬᠤᠯᠪᠣᠭᠳᠠᠯ ᠪᠦᠬᠦᠢ ᠰᠢᠨᠵᠢᠯᠡᠭᠡᠨ ᠤ ᠰᠠᠯᠠᠭ᠎ᠠ ᠶᠢᠨ ᠲᠤᠰᠬᠠᠢ ᠮᠡᠷᠭᠡᠵᠢᠯᠲᠡᠨ ᠢ ᠵᠢᠭᠠᠵᠤ᠂ ᠬᠠᠷᠢᠴᠠᠩᠭᠤᠢ ᠲᠣᠭᠲᠠᠪᠤᠷᠢᠲᠠᠢ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠪᠦᠷᠢᠯᠳᠦᠭᠦᠯᠦᠨ᠂ ᠶᠠᠮᠠᠷ ᠨᠢᠭᠡᠨ ᠡᠷᠬᠡᠲᠡᠨ ᠪᠤᠶᠤ ᠰᠢᠰᠲ᠋ᠧᠮ ᠤᠨ ᠡᠪᠡᠳᠴᠢᠨ ᠳᠤ ᠴᠢᠭᠯᠡᠭᠦᠯᠦᠨ᠂ ᠲᠣᠭᠲᠠᠮᠠᠯ ᠬᠤᠭᠤᠴᠠᠭ᠎ᠠ ᠲᠠᠢ᠂ ᠲᠣᠭᠲᠠᠭᠰᠠᠨ ᠴᠠᠭ ᠲᠠᠢ᠂ ᠲᠣᠭᠲᠠᠭᠰᠠᠨ ᠬᠠᠶ᠋ᠢᠭ ᠲᠠᠢ ᠬᠤᠷᠠᠯ ᠢᠶᠠᠷ ᠳᠠᠮᠵᠢᠨ ᠣᠨᠣᠰᠢᠯᠠᠨ ᠡᠮᠨᠡᠬᠦ ᠰᠠᠨᠠᠯ ᠳᠤᠷᠠᠳᠬᠤ ᠡᠮᠴᠢᠯᠡᠭᠡᠨ ᠤ ᠣᠨᠣᠰᠢᠯᠠᠨ ᠡᠮᠨᠡᠬᠦ ᠵᠠᠭᠪᠤᠷ ᠢ ᠵᠢᠭᠠᠳᠠᠭ᠃ ᠲᠡᠷᠡ ᠪᠣᠯ ᠨᠢᠭᠡ ᠵᠦᠢᠯ ᠤᠨ ᠳᠦᠷᠢᠮᠵᠢᠭᠰᠡᠨ ᠵᠠᠰᠠᠯᠭ᠎ᠠ᠂ ᠳᠡᠯᠡᠬᠡᠢ ᠶᠢᠨ ᠲᠡᠷᠢᠭᠦᠨ ᠤ ᠡᠮᠴᠢᠯᠡᠭᠡᠨ ᠤ ᠬᠡᠪ ᠵᠠᠭᠪᠤᠷ ᠪᠣᠯᠣᠨ᠎ᠠ᠃      ᠣᠶᠢᠯᠠᠭᠠᠭᠰᠠᠨ ᠢᠶᠠᠷ᠂ ᠪᠡᠭᠡᠵᠢᠩ ᠤᠨ ᠰᠢᠶ᠋ᠧ ᠾᠧ ᠡᠮᠨᠡᠯᠭᠡ ᠶᠢᠨ ᠬᠤᠷᠢᠶᠠᠨ ᠤ ᠠᠷᠪᠠᠨ ᠲᠠᠪᠤᠳᠤᠭᠠᠷ ᠪᠦᠯᠦᠭ ᠤᠨ ᠲᠤᠰᠠᠯᠠᠬᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠬᠠᠪᠰᠤᠷᠤᠯᠭ᠎ᠠ ᠪᠠᠷ᠂ ᠲᠤᠭᠳᠠᠬᠤ ᠰᠢᠶᠠᠨ ᠤ ᠡᠮᠨᠡᠯᠭᠡ ᠶᠢᠨ ᠬᠤᠷᠢᠶ᠎ᠠ 4 ᠳ᠋ᠤᠭᠡᠷ ᠰᠠᠷ᠎ᠠ ᠶᠢᠨ 12 ᠤᠨ ᠡᠳᠦᠷ ᠠᠴᠠ ᠡᠬᠢᠯᠡᠵᠦ᠂ ᠭᠠᠷᠠᠭ ᠤᠨ ᠭᠤᠷᠪᠠᠨ ᠤ ᠦᠳᠡ ᠶᠢᠨ ᠬᠤᠶᠢᠨ᠎ᠠ ᠪᠣᠯᠭᠠᠨ ᠤ ᠣᠯᠠᠨ ᠰᠢᠨᠵᠢᠯᠡᠭᠡᠨ ᠤ ᠰᠠᠯᠠᠭ᠎ᠠ ᠶᠢ ᠬᠠᠮᠲᠤᠷᠠᠨ ᠣᠨᠣᠰᠢᠯᠠᠬᠤ ᠪᠠᠷ ᠲᠥᠯᠥᠪᠯᠡᠵᠦ ᠪᠠᠶᠢᠨ᠎ᠠ᠃ ᠡᠭᠦᠨ ᠤ ᠵᠣᠷᠢᠯᠭ᠎ᠠ ᠨᠢ ᠪᠡᠭᠡᠵᠢᠩ ᠤᠨ ᠰᠢᠶ᠋ᠧ ᠾᠧ ᠡᠮᠨᠡᠯᠭᠡ ᠶᠢᠨ ᠬᠤᠷᠢᠶᠠᠨ ᠤ ᠲᠤᠰᠠᠯᠠᠬᠤ ᠲᠤᠰᠬᠠᠢ ᠮᠡᠷᠭᠡᠵᠢᠯᠲᠡᠨ ᠤ ᠳᠤᠭᠤᠶᠢᠯᠠᠩ᠂ ᠭᠠᠳᠠᠨ᠎ᠠ ᠠᠴᠠ ᠤᠷᠢᠭᠰᠠᠨ ᠲᠤᠰᠬᠠᠢ ᠮᠡᠷᠭᠡᠵᠢᠯᠲᠡᠨ᠂ ᠲᠤᠰ ᠡᠮᠨᠡᠯᠭᠡ ᠶᠢᠨ ᠬᠤᠷᠢᠶᠠᠨ ᠤ ᠡᠯ᠎ᠡ ᠰᠠᠯᠠᠭ᠎ᠠ ᠲᠠᠰᠤᠭ ᠤᠨ ᠲᠤᠰᠬᠠᠢ ᠮᠡᠷᠭᠡᠵᠢᠯᠲᠡᠨ ᠢᠶᠠᠷ ᠪᠦᠷᠢᠯᠳᠦᠭᠰᠡᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠢᠶᠠᠷ ᠳᠡᠮᠵᠢᠵᠦ᠂ ᠬᠠᠪᠤᠳᠠᠷ ᠲᠠᠢ ᠡᠪᠡᠳᠴᠢᠲᠡᠨ᠂ ᠬᠦᠴᠢᠷ ᠲᠦᠪᠡᠭᠲᠡᠢ ᠡᠪᠡᠳᠴᠢᠲᠡᠨ ᠳᠤ ᠨᠡᠩ ᠪᠦᠬᠦ ᠲᠠᠯ᠎ᠠ ᠶᠢᠨ ᠪᠥᠭᠡᠳ ᠵᠦᠢ ᠵᠣᠬᠢᠰᠲᠠᠢ ᠣᠨᠣᠰᠢᠯᠠᠨ ᠡᠮᠨᠡᠬᠦ ᠰᠠᠨᠠᠯ ᠬᠠᠩᠭᠠᠵᠤ᠂ ᠡᠪᠡᠳᠴᠢᠲᠡᠨ ᠤ ᠣᠨᠣᠰᠢᠯᠠᠬᠤ ᠪᠠ ᠡᠮᠨᠡᠨ ᠵᠠᠰᠠᠬᠤ ᠶᠢ ᠬᠦᠯᠢᠶᠡᠬᠦ ᠴᠠᠭ ᠢ ᠪᠣᠭᠤᠨᠢᠰᠬᠠᠨ᠂ ᠳᠠᠪᠬᠤᠷᠳᠠᠭᠤᠯᠤᠨ ᠪᠠᠶᠢᠴᠠᠭᠠᠬᠤ ᠪᠠ ᠡᠮᠨᠡᠨ ᠵᠠᠰᠠᠬᠤ ᠠᠴᠠ ᠵᠠᠶᠢᠯᠠᠰᠬᠢᠵᠦ᠂ ᠡᠪᠡᠳᠴᠢᠲᠡᠨ ᠳᠤ ᠬᠠᠮᠤᠭ ᠤᠨ ᠰᠠᠶᠢᠨ ᠥᠪᠡᠷᠮᠢᠴᠡ ᠴᠢᠨᠠᠷᠲᠠᠢ ᠡᠮᠨᠡᠨ ᠵᠠᠰᠠᠬᠤ ᠲᠥᠰᠥᠯ ᠲᠣᠭᠲᠠᠭᠠᠨ ᠥᠭᠴᠦ᠂ ᠡᠪᠡᠳᠴᠢᠲᠡᠨ ᠤ ᠡᠪᠡᠳᠴᠢᠨ ᠦᠵᠡᠭᠦᠯᠬᠦ ᠥᠩᠭᠡᠷᠡᠯᠲᠡ ᠪᠠ ᠣᠷᠣᠰᠢᠨ ᠠᠮᠢᠳᠤᠷᠠᠬᠤ ᠶᠠᠰᠤ ᠴᠢᠨᠠᠷ ᠢ ᠳᠡᠭᠡᠭᠰᠢᠯᠡᠭᠦᠯᠦᠨ᠎ᠡ᠃      ᠬᠤᠷᠠᠯ ᠤᠨ ᠲᠠᠯᠠᠪᠠᠶ ᠳᠤ᠂ ᠬᠤᠷᠠᠯ ᠳᠤ ᠣᠷᠣᠯᠴᠠᠭᠰᠠᠨ ᠲᠤᠰᠬᠠᠢ ᠮᠡᠷᠭᠡᠵᠢᠯᠲᠡᠳ ᠬᠠᠪᠤᠳᠠᠷ ᠤᠨ ᠳᠣᠲᠣᠷ ᠰᠠᠯᠠᠭ᠎ᠠ᠂ ᠴᠥᠮ᠎ᠡ ᠶᠢᠨ ᠡᠮᠨᠡᠯᠭᠡ ᠶᠢᠨ ᠰᠠᠯᠠᠭ᠎ᠠ᠂ ᠰᠠᠴᠤᠷᠠᠭ ᠵᠠᠰᠠᠯ ᠤᠨ ᠰᠠᠯᠠᠭ᠎ᠠ᠂ ᠦᠨᠳᠦᠰᠦᠨ ᠭᠠᠳᠠᠷ ᠡᠮᠨᠡᠯᠭᠡ ᠵᠡᠷᠭᠡ ᠣᠯᠠᠨ ᠰᠢᠨᠵᠢᠯᠡᠭᠡᠨ ᠤ ᠰᠠᠯᠠᠭ᠎ᠠ ᠶᠢᠨ ᠠᠳᠠᠯᠢ ᠪᠤᠰᠤ ᠲᠠᠯ᠎ᠠ ᠠᠴᠠ ᠡᠪᠡᠳᠴᠢᠨ ᠤ ᠵᠢᠱᠢᠶ᠎ᠡ ᠶᠢᠨ ᠲᠤᠬᠠᠢ ᠲᠣᠰ ᠲᠣᠰ ᠶᠠᠷᠢᠯᠴᠠᠵᠤ᠂ ᠪᠦᠲᠦᠮᠵᠢᠲᠡᠢ ᠪᠥᠭᠡᠳ ᠣᠯᠠᠨ ᠰᠢᠨᠵᠢᠯᠡᠭᠡᠨ ᠤ ᠰᠠᠯᠠᠭ᠎ᠠ ᠶᠢᠨ ᠰᠢᠯᠭᠠᠨ ᠪᠠᠲᠤᠯᠠᠭᠰᠠᠨ ᠡᠮᠴᠢᠯᠡᠭᠡᠨ ᠤ ᠲᠥᠰᠥᠯ ᠢ ᠪᠣᠶ ᠪᠣᠯᠭᠠᠵᠤ᠂ ᠡᠪᠡᠳᠴᠢᠲᠡᠨ ᠤ ᠲᠠᠷᠠᠭᠠᠴᠢ ᠶᠢᠨ ᠠᠯᠬᠤᠮ ᠤᠨ ᠡᠮᠴᠢᠯᠡᠭᠡ ᠳᠤ ᠡᠷᠬᠢᠮ ᠨᠠᠨᠳᠢᠨ ᠵᠢᠯᠤᠭᠤᠳᠬᠤ ᠰᠠᠨᠠᠯ ᠬᠠᠩᠭᠠᠭᠰᠠᠨ ᠪᠠᠶᠢᠨ᠎ᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1