ᠲᠣᠭᠲᠠᠬᠤ ᠰᠢᠶᠠᠨ᠄ ︽ᠭᠤᠷᠪᠠ ᠶᠢ ᠪᠠᠷᠢᠮᠲᠠᠯᠠᠵᠤ︾ ︽ᠭᠤᠷᠪᠠ ᠶᠢ ᠬᠤᠪᠢᠷᠠᠭᠤᠯᠬᠤ︾ ᠶᠢ ᠪᠡᠶᠡᠯᠡᠭᠦᠯᠵᠦ ᠳᠠᠭᠠᠳᠬᠠᠯ ᠳᠤ ᠪᠥᠬᠦ ᠲᠠᠯ᠎ᠠ ᠪᠠᠷ ᠣᠷᠣᠯᠴᠠᠬᠤ ᠠᠵᠢᠯᠯᠠᠭ᠎ᠠ ᠶᠢ ᠭᠦᠨᠵᠡᠭᠡᠢ ᠠᠬᠢᠭᠤᠯᠪᠠ
ᠨᠡᠶᠢᠲᠡᠯᠡᠭᠰᠡᠨ ᠴᠠᠭ᠄
2023/4/17
       ᠡᠨᠡ ᠵᠢᠯ ᠠᠴᠠ ᠨᠠᠰᠢ᠂ ᠲᠣᠭᠲᠠᠬᠤ ᠰᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ︽ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠬᠦ︾ ᠪᠠ ᠪᠦᠬᠦ ᠤᠯᠤᠰ᠂ ᠪᠦᠬᠦ ᠣᠷᠣᠨ᠂ ᠪᠦᠬᠦ ᠬᠤᠲᠠ ᠶᠢᠨ ᠡᠮᠴᠢᠯᠡᠭᠡ ᠶᠢᠨ ᠪᠠᠲᠤᠯᠠᠭ᠎ᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠠᠭᠠᠳᠬᠠᠯ ᠳᠤ ᠣᠷᠣᠯᠴᠠᠬᠤ ᠪᠣᠯ ᠣᠯᠠᠨ ᠲᠦᠮᠡᠨ ᠤ ᠦᠨᠳᠦᠰᠦᠨ ᠡᠮᠴᠢᠯᠡᠭᠡ ᠶᠢᠨ ᠪᠠᠲᠤᠯᠠᠭ᠎ᠠ ᠶᠢ ᠭᠥᠷᠳᠡᠬᠦ ᠶᠢᠨ ᠦᠨᠳᠦᠰᠦᠨ ᠤᠷᠢᠲᠠᠯ ᠮᠥᠨ ᠭᠡᠬᠦ ᠡᠨᠡ ᠬᠦ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠳᠡᠭᠡᠳᠦ ᠪᠠᠶᠢᠷᠢᠨ ᠳᠤ ᠲᠦᠯᠬᠢᠨ ᠠᠬᠢᠭᠤᠯᠬᠤ ᠶᠢ ᠪᠠᠷᠢᠮᠲᠠᠯᠠᠨ᠂ ᠤᠷᠢᠳᠠᠪᠠᠷ ᠤᠬᠠᠭᠤᠯᠬᠤ ᠶᠢ ᠪᠠᠷᠢᠮᠲᠠᠯᠠᠵᠤ᠂ ᠦᠢᠯᠡᠴᠢᠯᠡᠭᠡ ᠶᠢ ᠰᠢᠯᠢᠳᠡᠭᠵᠢᠭᠦᠯᠬᠦ᠂ ᠦᠷᠭᠦᠯᠵᠢᠯᠡᠨ ᠬᠦᠴᠦᠯᠡᠬᠦ ᠶᠢ ᠪᠠᠷᠢᠮᠲᠠᠯᠠᠨ᠂ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠠᠵᠢᠯᠯᠠᠭ᠎ᠠ ᠶᠢ ᠭᠦᠨᠵᠡᠭᠡᠢ ᠲᠦᠯᠬᠢᠨ ᠠᠬᠢᠭᠤᠯᠵᠤ᠂ ︽ᠪᠠᠲᠤᠯᠠᠬᠤ ᠶᠣᠰᠣᠲᠠᠢ ᠶᠢ ᠨᠢ ᠴᠥᠮ ᠪᠠᠲᠤᠯᠠᠵᠤ᠂ ᠦᠨᠳᠦᠰᠦᠨ ᠵᠦᠢᠯ ᠢ ᠪᠠᠲᠤᠯᠠᠵᠤ᠂ ᠦᠨᠳᠦᠰᠦᠨ ᠡᠮᠴᠢᠯᠡᠭᠡ ᠶᠢᠨ ᠪᠠᠲᠤᠯᠠᠭ᠎ᠠ ᠶᠢ ᠬᠠᠤᠯᠢ ᠶᠣᠰᠣᠭᠠᠷ ᠪᠥᠬᠦ ᠠᠷᠠᠳ ᠢ ᠬᠠᠮᠤᠷᠬᠤ︾ ᠶᠢ ᠦᠨᠡᠨ ᠬᠦ ᠪᠠᠲᠤᠯᠠᠨ᠎ᠠ᠃      ᠨᠢᠭᠡ ᠳᠤ᠂ ᠥᠨᠳᠥᠷ ᠪᠠᠶᠢᠷᠢ ᠠᠴᠠ ᠠᠬᠢᠭᠤᠯᠬᠤ ᠶᠢ ᠪᠠᠷᠢᠮᠲᠠᠯᠠᠵᠤ᠂ ᠭᠠᠭᠴᠠ ᠴᠡᠷᠢᠭ ᠢᠶᠠᠷ ᠪᠠᠶᠢᠯᠳᠤᠵᠤ ᠪᠠᠶᠢᠭᠰᠠᠨ ᠠᠴᠠ ᠪᠠᠨ ᠬᠠᠮᠵᠢᠯᠴᠠᠨ ᠪᠠᠶᠢᠯᠳᠤᠬᠤ ᠪᠣᠯᠭᠠᠨ ᠬᠤᠪᠢᠷᠠᠭᠤᠯᠤᠨ᠎ᠠ᠃ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠪᠦᠬᠦ ᠠᠷᠠᠳ ᠤᠨ ᠳᠠᠭᠠᠳᠬᠠᠯ ᠳᠤ ᠣᠷᠣᠯᠴᠠᠬᠤ ᠠᠵᠢᠯ ᠢ ᠳᠡᠭᠡᠳᠦ ᠬᠡᠮᠵᠢᠶ᠎ᠡ ᠪᠠᠷ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠳᠠᠷᠤᠭ᠎ᠠ ᠪᠡᠶ᠎ᠡ ᠪᠠᠷ ᠢᠶᠠᠨ ᠠᠬᠢᠭᠤᠯᠵᠤ᠂ ᠤᠷᠢᠳ ᠬᠤᠵᠢᠳ ᠪᠦᠬᠦ ᠰᠢᠶᠠᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠪᠦᠬᠦ ᠠᠷᠠᠳ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠤᠨ ᠳᠠᠶᠢᠴᠢᠯᠠᠯᠲᠠ ᠶᠢᠨ ᠬᠤᠷᠠᠯ᠂ ᠠᠬᠢᠭᠤᠯᠬᠤ ᠬᠤᠷᠠᠯ ᠪᠠ ᠠᠵᠢᠯ ᠤᠨ ᠵᠣᠬᠢᠴᠠᠭᠤᠯᠬᠤ ᠬᠤᠷᠠᠯ ᠢ 4 ᠤᠳᠠᠭ᠎ᠠ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠳᠠᠭᠠᠳᠬᠠᠯ ᠳᠤ ᠣᠷᠣᠯᠴᠠᠭᠰᠠᠨ ᠮᠡᠳᠡᠭᠡ ᠵᠠᠩᠭᠢ ᠶᠢ 2 ᠤᠳᠠᠭ᠎ᠠ ᠬᠠᠷᠢᠴᠠᠭᠤᠯᠤᠨ ᠬᠠᠷᠭᠤᠭᠤᠯᠵᠤ᠂ ᠡᠭᠦᠷᠭᠡ ᠶᠢ ᠢᠯᠭᠠᠨ ᠰᠠᠯᠭᠠᠵᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ ᠡᠯᠭᠦᠭᠡ ᠵᠢᠷᠤᠭ ᠢᠶᠠᠷ ᠪᠠᠶᠢᠯᠳᠤᠭᠠᠨ ᠬᠢᠵᠦ᠂ ᠵᠠᠰᠠᠭ ᠤᠨ ᠣᠷᠳᠣᠨ ᠠᠴᠠ ᠵᠣᠬᠢᠶᠠᠨ ᠪᠠᠶᠢᠭᠤᠯᠵᠤ ᠤᠳᠤᠷᠢᠳᠤᠭᠰᠠᠨ᠂ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠲᠦᠷᠦᠭᠦᠯᠡᠨ ᠶᠡᠷᠦᠩᠬᠡᠢ ᠠᠵᠢᠯ ᠢ ᠠᠳᠬᠤᠵᠤ᠂ ᠭᠠᠶᠢᠯᠢ ᠶᠢᠨ ᠶᠠᠪᠤᠳᠠᠯ᠂ ᠠᠷᠠᠳ ᠤᠨ ᠶᠠᠪᠤᠳᠠᠯ᠂ ᠰᠤᠷᠭᠠᠨ ᠬᠥᠮᠦᠵᠢᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠵᠡᠮᠳᠡᠭᠴᠦᠳ ᠤᠨ ᠬᠤᠯᠪᠣᠭ᠎ᠠ ᠵᠡᠷᠭᠡ ᠰᠠᠯᠠᠭ᠎ᠠ ᠮᠥᠴᠢᠷ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠭᠰᠡᠨ᠂ ᠰᠢᠶᠠᠩ ᠪᠠᠯᠭᠠᠰᠤ ᠶᠢᠨ ᠭᠤᠣᠯ ᠴᠣᠭᠴᠠ ᠠᠴᠠ ᠬᠠᠷᠢᠭᠤᠴᠠᠭᠰᠠᠨ ᠳᠠᠭᠠᠳᠬᠠᠯ ᠳᠤ ᠣᠷᠣᠯᠴᠠᠬᠤ ᠳᠠᠶᠢᠴᠢᠯᠠᠯᠲᠠ ᠶᠢᠨ ᠲᠣᠭᠲᠠᠴᠠ ᠶᠢ ᠪᠣᠶ ᠪᠣᠯᠭᠠᠵᠤ᠂ ᠳᠠᠭᠠᠳᠬᠠᠯ ᠳᠤ ᠣᠷᠣᠯᠴᠠᠬᠤ ᠳᠠᠶᠢᠴᠢᠯᠠᠯᠲᠠ ᠶᠢᠨ ᠠᠵᠢᠯ ᠢ ᠡᠮᠴᠢᠯᠡᠭᠡ ᠶᠢᠨ ᠪᠠᠳᠤᠯᠠᠭ᠎ᠠ ᠶᠢᠨ ᠰᠠᠯᠠᠭ᠎ᠠ ᠮᠥᠴᠢᠷ ᠠᠴᠠ ᠭᠠᠭᠴᠠ ᠴᠡᠷᠢᠭ ᠢᠶᠠᠷ ᠪᠠᠶᠢᠯᠳᠤᠵᠤ ᠪᠠᠶᠢᠭᠰᠠᠨ ᠠᠴᠠ ᠪᠠᠨ ᠰᠠᠯᠠᠭ᠎ᠠ ᠮᠥᠴᠢᠷ᠂ ᠰᠢᠶᠠᠩ ᠪᠠᠯᠭᠠᠰᠤ ᠬᠠᠮᠵᠢᠯᠴᠠᠨ ᠪᠠᠶᠢᠯᠳᠤᠬᠤ ᠪᠣᠯᠭᠠᠨ ᠬᠤᠪᠢᠷᠠᠭᠤᠯᠬᠤ ᠶᠢ ᠪᠡᠶᠡᠯᠡᠭᠦᠯᠪᠡ᠃ ᠠᠬᠢᠭᠤᠯᠬᠤ ᠶᠠᠪᠤᠴᠠ ᠳᠤ᠂ ᠰᠢᠶᠠᠨ ᠤ ᠱᠠᠲᠤᠨ ᠤ ᠳᠠᠪᠬᠤᠷᠭ᠎ᠠ ᠳᠤ ᠭᠠᠷᠠᠭ ᠢᠶᠠᠷ ᠲᠣᠬᠢᠷᠠᠭᠤᠯᠬᠤ᠂ ᠰᠠᠷ᠎ᠠ ᠪᠠᠷ ᠵᠠᠷᠯᠠᠨ ᠮᠡᠳᠡᠭᠳᠡᠬᠦ ᠵᠡᠷᠭᠡ ᠠᠵᠢᠯ ᠤᠨ ᠲᠣᠭᠲᠠᠴᠠ ᠶᠢ ᠪᠠᠶᠢᠭᠤᠯᠵᠤ᠂ ᠲᠠᠨᠢᠯᠲᠠ ᠪᠠᠷ ᠳᠤᠲᠠᠮᠠᠭ᠂ ᠴᠢᠬᠤᠯᠠᠴᠢᠯᠠᠭᠰᠠᠨ ᠢᠶᠠᠷ ᠳᠤᠲᠠᠮᠠᠭ᠂ ᠠᠬᠢᠴᠠ ᠪᠠᠷ ᠬᠤᠴᠤᠷᠤᠩᠭᠤᠢ᠂ ᠡᠷᠴᠢᠮ ᠢᠶᠠᠷ ᠶᠡᠭᠡ ᠪᠢᠰᠢ᠂ ᠦᠷ᠎ᠡ ᠪᠦᠲᠦᠮᠵᠢ ᠪᠠᠷ ᠢᠯᠡᠷᠬᠡᠢ ᠪᠢᠰᠢ ᠪᠠᠶᠢᠪᠠᠯ᠂ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠪᠠ ᠰᠢᠪᠠᠳᠠᠨ ᠪᠠᠶᠢᠴᠠᠭᠠᠵᠤ ᠬᠢᠨᠠᠨ ᠰᠢᠯᠭᠠᠬᠤ ᠲᠣᠭᠲᠠᠴᠠ ᠶᠢ ᠰᠠᠶᠢᠲᠤᠷ ᠬᠡᠷᠡᠭᠯᠡᠵᠦ᠂ ᠮᠥᠷᠳᠡᠨ ᠳᠠᠭᠠᠵᠤ ᠦᠷ᠎ᠡ ᠪᠦᠲᠦᠮᠵᠢ ᠶᠢ ᠨᠢ ᠠᠰᠠᠭᠤᠬᠤ ᠶᠢ ᠬᠡᠷᠡᠭᠵᠢᠭᠦᠯᠵᠦ᠂ ᠤᠷᠢᠳ ᠬᠤᠵᠢᠳ ᠰᠢᠶᠠᠩ ᠪᠠᠯᠭᠠᠰᠤᠨ ᠤ ᠭᠤᠣᠯ ᠤᠳᠤᠷᠢᠳᠤᠯᠭ᠎ᠠ ᠲᠠᠢ 4 ᠬᠥᠮᠥᠨ ᠤᠳᠠᠭ᠎ᠠ ᠪᠣᠯᠵᠣᠨ ᠶᠠᠷᠢᠯᠴᠠᠪᠠ᠃      ᠬᠤᠶᠠᠷ ᠲᠤ᠂ ᠤᠷᠢᠳᠠᠪᠠᠷ ᠤᠬᠠᠭᠤᠯᠬᠤ ᠶᠢ ᠪᠠᠷᠢᠮᠲᠠᠯᠠᠵᠤ᠂ ᠤᠷᠢᠶᠠᠯᠠᠭ᠎ᠠ ᠶᠢ ᠳᠠᠭᠠᠵᠤ ᠪᠠᠶᠢᠭᠰᠠᠨ ᠠᠴᠠ ᠪᠠᠨ ᠰᠠᠨᠠᠭᠠᠴᠢᠯᠠᠭ᠎ᠠ ᠠᠴᠠ ᠪᠠᠨ ᠰᠦᠢᠳᠬᠡᠯ ᠲᠤᠰᠢᠶᠠᠬᠤ ᠪᠣᠯᠵᠤ ᠬᠤᠪᠢᠷᠠᠪᠠ᠃ ᠤᠬᠠᠭᠤᠯᠵᠤ ᠬᠥᠲᠥᠯᠥᠨ ᠵᠢᠯᠤᠭᠤᠳᠬᠤ ᠶᠢ ᠢᠮᠠᠭᠲᠠ ᠪᠠᠷᠢᠮᠲᠠᠯᠠᠵᠤ᠂ ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠬᠤ + ᠰᠦᠯᠵᠢᠶᠡᠨ ᠵᠠᠭᠤᠴᠢᠯᠠᠭᠤᠷ ᠤᠨ ᠤᠬᠠᠭᠤᠯᠭ᠎ᠠ + ᠡᠷᠦᠬᠡ ᠳᠤ ᠬᠦᠷᠴᠦ ᠰᠤᠷᠪᠤᠯᠵᠢᠯᠠᠬᠤ ︽ᠭᠤᠷᠪᠠ ᠶᠢ ᠤᠶᠠᠯᠳᠤᠭᠤᠯᠬᠤ︾ ᠵᠠᠭᠪᠤᠷ ᠢ ᠠᠪᠴᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠯᠭᠤᠮᠵᠢ᠂ ︽ᠬᠤᠶᠠᠷ ᠡᠪᠡᠳᠴᠢᠨ︾ ᠤ ᠡᠭᠦᠳᠡᠨ ᠡᠮᠨᠡᠯᠭᠡ᠂ ᠣᠨᠳᠣᠣ ᠭᠠᠵᠠᠷ ᠲᠤ ᠡᠮᠨᠡᠭᠦᠯᠦᠭᠰᠡᠨ ᠵᠠᠷᠤᠳᠠᠯ ᠢ ᠳ᠋ᠦᠩᠨᠡᠨ ᠪᠤᠳᠤᠬᠤ ᠵᠡᠷᠭᠡ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠩᠬᠠᠷᠴᠤ ᠪᠠᠶᠢᠭ᠎ᠠ ᠡᠮᠴᠢᠯᠡᠭᠡ ᠶᠢᠨ ᠪᠠᠳᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ᠂ ᠣᠯᠠᠨ ᠲᠠᠯ᠎ᠠ ᠠᠴᠠ᠂ ᠣᠯᠠᠨ ᠬᠡᠯᠪᠡᠷᠢ ᠪᠠᠷ ᠤᠬᠠᠭᠤᠯᠵᠤ᠂ ᠣᠯᠠᠨ ᠲᠦᠮᠡᠨ ᠤ ᠡᠮᠴᠢᠯᠡᠭᠡ ᠶᠢᠨ ᠪᠠᠳᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠪᠠ ᠲᠠᠨᠢᠨ ᠮᠡᠳᠡᠬᠦ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠵᠦ᠂ ᠤᠷᠢᠶᠠᠯᠠᠭ᠎ᠠ ᠶᠢ ᠳᠠᠭᠠᠵᠤ ᠪᠠᠶᠢᠭᠰᠠᠨ ᠠᠴᠠ ᠪᠠᠨ ᠤᠬᠠᠮᠰᠠᠷ ᠠᠴᠠ ᠪᠠᠨ ᠰᠠᠨᠠᠭᠠᠴᠢᠯᠠᠭ᠎ᠠ  ᠠᠴᠠ ᠪᠠᠨ ᠰᠦᠢᠳᠬᠡᠯ ᠲᠤᠰᠢᠶᠠᠬᠤ ᠪᠣᠯᠭᠠᠨ ᠬᠤᠪᠢᠷᠠᠭᠤᠯᠬᠤ ᠶᠢ  ᠪᠡᠶᠡᠯᠡᠭᠦᠯᠪᠡ᠃ ︽ᠥᠷᠭᠡᠨ ᠣᠯᠠᠨ ᠬᠤᠲᠠ ᠬᠥᠳᠡᠭᠡ ᠶᠢᠨ ᠰᠠᠭᠤᠭᠠᠯᠢ ᠠᠷᠠᠳ ᠲᠤ ᠥᠭᠭᠦᠭᠰᠡᠨ ᠨᠢᠭᠡ ᠬᠤᠪᠢ ᠵᠠᠬᠢᠳᠠᠯ︾ ᠢ ᠳᠠᠷᠤᠮᠠᠯᠯᠠᠨ ᠲᠠᠷᠬᠠᠭᠠᠵᠤ᠂ ᠡᠮᠴᠢᠯᠡᠭᠡ ᠶᠢᠨ ᠪᠠᠳᠤᠯᠠᠭ᠎ᠠ ᠶᠢᠨ ᠲᠥᠷᠥ ᠶᠢᠨ ᠪᠣᠳᠣᠯᠭ᠎ᠠ ᠶᠢ ︽ᠬᠥᠳᠡᠭᠡ ᠲᠣᠰᠬᠤᠨ᠂ ᠨᠡᠶᠢᠭᠡᠮ ᠲᠣᠭᠤᠷᠢᠭ᠂ ᠪᠠᠶᠢᠭᠤᠯᠤᠯᠭ᠎ᠠ ᠳᠤ᠂ ᠰᠤᠷᠭᠠᠭᠤᠯᠢ᠂ ᠠᠵᠤ ᠠᠬᠤᠶᠢᠯᠠᠯ᠂ ᠡᠮ ᠡᠮᠨᠡᠯᠭᠡ ᠶᠢᠨ ᠪᠠᠶᠢᠭᠤᠯᠤᠮᠵᠢ ᠳᠤ ᠣᠷᠣᠭᠤᠯᠬᠤ︾ ︽ᠵᠢᠷᠭᠤᠭ᠎ᠠ ᠶᠢ ᠣᠷᠣᠭᠤᠯᠬᠤ ᠠᠵᠢᠯᠯᠠᠭ᠎ᠠ︾ ᠪᠠᠷ ᠭᠠᠷᠳᠠᠴᠠ ᠪᠣᠯᠭᠠᠵᠤ᠂ 5 ᠤᠳᠠᠭ᠎ᠠ ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠬᠤ ᠶᠢ ᠵᠣᠬᠢᠶᠠᠨ ᠪᠠᠶᠢᠭᠤᠯᠵᠤ᠂ ᠤᠬᠠᠭᠤᠯᠭ᠎ᠠ ᠶᠢᠨ ᠡᠪᠬᠡᠮᠡᠯ ᠬᠠᠭᠤᠳᠠᠰᠤ᠂ ᠵᠠᠷᠯᠠᠯ ᠵᠡᠷᠭᠡ ᠤᠬᠠᠭᠤᠯᠬᠤ ᠮᠠᠲ᠋ᠧᠷᠢᠶᠠᠯ ᠢ ᠨᠡᠶᠢᠲᠡ 2000 ᠭᠠᠷᠤᠢ ᠬᠤᠪᠢ ︵ᠬᠠᠭᠤᠳᠠᠰᠤ︶ ᠲᠠᠷᠬᠠᠭᠠᠨ ᠨᠠᠭᠠᠪᠠ︔      ᠭᠤᠷᠪᠠ᠂ ᠦᠢᠯᠡᠴᠢᠯᠡᠭᠡ ᠶᠢ ᠰᠢᠯᠢᠳᠡᠭᠵᠢᠭᠦᠯᠬᠦ ᠶᠢ ᠪᠠᠷᠢᠮᠲᠠᠯᠠᠵᠤ᠂ ᠭᠦᠢᠴᠡᠳᠬᠡᠵᠦ ᠳᠡᠶᠢᠯᠬᠦ ᠪᠠᠶᠢᠭᠰᠠᠨ ᠠᠴᠠ ᠪᠠᠨ ᠣᠶᠢᠷ᠎ᠠ ᠬᠠᠪᠢ ᠳᠠᠭᠠᠨ ᠭᠦᠢᠴᠡᠳᠬᠡᠬᠦ᠂ ᠲᠡᠷᠡ ᠳᠠᠷᠤᠢ ᠳᠤᠨᠢ ᠭᠦᠢᠴᠡᠳᠬᠡᠬᠦ ᠪᠣᠯᠭᠠᠨ  ᠬᠤᠪᠢᠷᠠᠭᠤᠯᠪᠠ᠃ ᠰᠢᠶᠠᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠦᠢᠯᠡᠴᠢᠯᠡᠭᠡᠨ ᠤ ᠲᠢᠩᠬᠢᠮ ᠪᠠᠶᠢᠭᠤᠯᠵᠤ᠂ ᠬᠦᠨᠳᠦ ᠡᠪᠡᠳᠴᠢᠨ ᠤ ᠳᠠᠭᠠᠳᠬᠠᠯ᠂ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠵᠢᠴᠢ ᠨᠡᠶᠢᠭᠡᠮ ᠤᠨ ᠳᠠᠭᠠᠳᠬᠠᠯ ᠤᠨ ᠺᠠᠷᠲ ᠢᠶᠠᠷ ᠺᠠᠷᠲ ᠦᠢᠯᠡᠳᠦᠨ ᠲᠠᠷᠬᠠᠭᠠᠬᠤ ᠲᠤᠬᠠᠶᠢᠯᠠᠭᠰᠠᠨ ᠠᠵᠢᠯ ᠢ ᠴᠥᠮ ᠦᠢᠯᠡᠴᠢᠯᠡᠭᠡᠨ ᠤ ᠲᠢᠩᠬᠢᠮ ᠳᠤ ᠣᠷᠣᠭᠤᠯᠵᠤ᠂ ᠡᠮᠴᠢᠯᠡᠭᠡ ᠶᠢᠨ ᠪᠠᠳᠤᠯᠠᠭ᠎ᠠ ᠶᠢᠨ ᠪᠣᠶ ᠪᠦᠬᠦᠢ ᠭᠠᠷᠲᠠᠨ ᠭᠦᠢᠴᠡᠳᠬᠡᠬᠦ ᠲᠤᠬᠠᠶᠢᠯᠠᠭᠰᠠᠨ ᠠᠵᠢᠯ ᠢ ︽ᠨᠢᠭᠡ ᠥᠷᠲᠡᠭᠡ ᠳᠤ ᠬᠦᠷᠴᠦ᠂ ᠨᠢᠭᠡ ᠥᠷᠲᠡᠭᠡ ᠳᠤ ᠭᠥᠯᠢᠶᠡᠨ ᠠᠪᠴᠤ ᠂ ᠨᠢᠭᠡ ᠥᠷᠲᠡᠭᠡ ᠳᠤ ᠭᠦᠢᠴᠡᠳᠬᠡᠵᠦ ᠳᠠᠭᠤᠰᠬᠠᠬᠤ︾ ᠶᠢ ᠪᠡᠶᠡᠯᠡᠭᠦᠯᠪᠡ᠃ ᠰᠢᠶᠠᠨ ᠤ ᠬᠡᠪᠴᠢᠶᠡᠨ ᠳᠣᠲᠣᠷᠠᠬᠢ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ︽ᠭᠤᠷᠪᠠᠨ ᠳᠠᠪᠬᠤᠷ ᠪᠠᠲᠤᠯᠠᠭ᠎ᠠ︾ ︽ᠨᠢᠭᠡ ᠥᠷᠲᠡᠭᠡᠨ ᠤ ᠮᠠᠶ᠋ᠢᠭ︾ ᠤᠨ ᠳ᠋ᠦᠩᠨᠡᠨ ᠪᠤᠳᠤᠬᠤ ᠦᠢᠯᠡᠴᠢᠯᠡᠭᠡ ᠶᠢ ᠪᠥᠬᠦ ᠲᠠᠯ᠎ᠠ ᠪᠠᠷ ᠬᠡᠷᠡᠭᠵᠢᠭᠦᠯᠪᠡ᠃ ᠡᠮᠴᠢᠯᠡᠭᠡ ᠶᠢᠨ ᠪᠠᠳᠤᠯᠠᠭ᠎ᠠ ᠶᠢᠨ ᠦᠨᠳᠦᠰᠦᠨ ᠱᠠᠲᠤᠨ ᠤ ᠦᠢᠯᠡᠴᠢᠯᠡᠭᠡᠨ ᠤ ᠥᠷᠲᠡᠭᠡ ᠴᠡᠭ ᠤᠨ ᠪᠦᠲᠦᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ︽ᠠᠷᠪᠠ ᠶᠢ ᠪᠣᠳᠠᠲᠠᠶᠢᠵᠢᠭᠤᠯᠬᠤ︾ ᠪᠠᠷ ᠪᠠᠷᠢᠮᠵᠢᠶ᠎ᠠ ᠪᠣᠯᠭᠠᠨ᠂ ᠡᠮᠴᠢᠯᠡᠭᠡ ᠶᠢᠨ ᠪᠠᠳᠤᠯᠠᠭ᠎ᠠ ᠶᠢᠨ ᠭᠠᠷᠲᠠᠨ ᠭᠦᠢᠴᠡᠳᠬᠡᠬᠦ ᠦᠢᠯᠡᠴᠢᠯᠡᠭᠡ ᠶᠢ ᠳᠣᠷᠣᠭᠰᠢ ᠪᠠᠭᠤᠯᠭᠠᠬᠤ ᠶᠢ ᠶᠡᠬᠡᠪᠡᠷ ᠠᠬᠢᠭᠤᠯᠵᠤ᠂ ᠰᠢᠶᠠᠨ ᠪᠠᠯᠭᠠᠰᠤ ᠲᠣᠰᠬᠤᠨ ︵ᠨᠡᠶᠢᠭᠡᠮ ᠲᠣᠭᠤᠷᠢᠭ︶ ᠤ ᠡᠮᠴᠢᠯᠡᠭᠡ ᠶᠢᠨ ᠪᠠᠳᠤᠯᠠᠭ᠎ᠠ ᠶᠢᠨ ᠭᠠᠷᠲᠠᠨ ᠭᠦᠢᠴᠡᠳᠬᠡᠬᠦ ᠦᠢᠯᠡᠴᠢᠯᠡᠭᠡ ᠶᠢ ᠨᠢᠭᠡ ᠴᠣᠭᠴᠠᠵᠢᠭᠤᠯᠬᠤ ᠪᠠᠶᠢᠷᠢᠰᠢᠯ ᠢ ᠪᠠᠶᠢᠭᠤᠯᠵᠤ᠂ ︽15 ᠮᠢᠨᠦ᠋ᠲ ᠤᠨ ᠡᠮᠴᠢᠯᠡᠭᠡ ᠶᠢᠨ ᠪᠠᠳᠤᠯᠠᠭ᠎ᠠ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠦᠷᠢᠶ᠎ᠡ︾ ᠶᠢ ᠪᠠᠶᠢᠭᠤᠯᠪᠠ᠃2022 ᠣᠨ ᠤ 8  ᠳ᠋ᠤᠭᠠᠷ ᠰᠠᠷ᠎ᠠ ᠳᠤ᠂ 6 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ᠂ 5 ᠪᠠᠯᠭᠠᠰᠤ ᠂ 1 ᠬᠠᠮᠢᠶᠠᠷᠤᠨ ᠬᠠᠮᠠᠭᠠᠯᠠᠬᠤ ᠲᠥᠪ ᠲᠤ ᠡᠮᠴᠢᠯᠡᠭᠡ ᠶᠢᠨ ᠪᠠᠳᠤᠯᠠᠭ᠎ᠠ ᠶᠢᠨ ᠲᠤᠰᠬᠠᠢ ᠰᠦᠯᠵᠢᠶ᠎ᠡ ᠶᠢ ᠨᠡᠭᠡᠭᠡᠵᠦ ᠥᠭᠭᠦᠭᠰᠡᠨ ᠪᠥᠭᠡᠳ 2023 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠬᠤ ᠳᠠᠩᠰᠠᠯᠠᠯᠲᠠ᠂ ᠬᠢᠨᠠᠨ ᠲᠣᠭᠲᠠᠭᠠᠯᠲᠠ ᠶᠢᠨ ᠭᠤᠣᠯ ᠠᠷᠭ᠎ᠠ ᠵᠠᠮ ᠢ ᠪᠠᠯᠭᠠᠰᠤᠨ ᠤ ᠡᠮᠴᠢᠯᠡᠭᠡ ᠶᠢᠨ ᠪᠠᠳᠤᠯᠠᠭ᠎ᠠ ᠶᠢᠨ ᠭᠠᠷᠲᠠᠨ ᠭᠦᠢᠴᠡᠳᠬᠡᠬᠦ ᠪᠠᠶᠢᠭᠤᠯᠤᠮᠵᠢ᠂ ᠲᠣᠰᠬᠤᠨ ︵ᠨᠡᠶᠢᠭᠡᠮ ᠲᠣᠭᠤᠷᠢᠭ︶ ᠤ ᠣᠷᠣᠯᠠᠨ ᠭᠦᠢᠴᠡᠳᠬᠡᠬᠦ ᠴᠡᠭ ᠲᠤ ᠲᠠᠯᠪᠢᠵᠤ᠂ ᠥᠷᠭᠡᠨ ᠣᠯᠠᠨ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠳᠤ ᠡᠮᠴᠢᠯᠡᠭᠡ ᠶᠢᠨ ᠪᠠᠳᠤᠯᠠᠭ᠎ᠠ ᠶᠢᠨ ᠭᠠᠷᠲᠠᠨ ᠭᠦᠢᠴᠡᠳᠬᠡᠬᠦ ᠴᠢᠨᠠᠷ ᠰᠠᠶᠢᠲᠠᠢ᠂ ᠥᠨᠳᠥᠷ ᠪᠦᠲᠦᠮᠵᠢᠲᠡᠢ᠂ ᠳᠥᠭᠦᠮ ᠳᠥᠲᠡ ᠦᠢᠯᠡᠴᠢᠯᠡᠭᠡ ᠶᠢ ᠡᠳ᠋ᠯᠡᠭᠦᠯᠦᠭᠰᠡᠨ ᠪᠠᠶᠢᠨ᠎ᠠ᠃ ᠣᠲᠣ ᠪᠣᠯᠲᠠᠯ᠎ᠠ᠂ ᠪᠥᠬᠦ ᠰᠢᠶᠠᠨ ᠤ ᠦᠨᠳᠦᠰᠦᠨ ᠱᠠᠲᠤᠨ ᠤ ᠡᠮᠴᠢᠯᠡᠭᠡ ᠶᠢᠨ ᠪᠠᠳᠤᠯᠠᠭ᠎ᠠ ᠶᠢᠨ ᠦᠢᠯᠡᠴᠢᠯᠡᠭᠡᠨ ᠤ ᠥᠷᠲᠡᠭᠡ ᠶᠢ 6 ᠪᠠᠶᠢᠭᠤᠯᠵᠤ᠂ ᠣᠨ ᠤ ᠡᠭᠦᠷᠭᠡ ᠶᠢ 120% ᠪᠠᠷ ᠪᠡᠶᠡᠯᠡᠭᠦᠯᠵᠦ᠂ ᠦᠨᠳᠦᠰᠦᠨ ᠱᠠᠲᠤᠨ ᠤ ᠡᠮᠴᠢᠯᠡᠭᠡ ᠶᠢᠨ ᠪᠠᠳᠤᠯᠠᠭ᠎ᠠ ᠶᠢᠨ ᠦᠢᠯᠡᠴᠢᠯᠡᠭᠡᠨ ᠤ ᠴᠡᠭ ᠢ 10 ᠪᠠᠶᠢᠭᠤᠯᠵᠤ᠂ ᠣᠨ ᠤ ᠡᠭᠦᠷᠭᠡ ᠶᠢ 23% ᠪᠠᠷ ᠪᠡᠶᠡᠯᠡᠭᠦᠯᠵᠡᠢ᠃      3 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ 2023 ᠣᠨ ᠳᠤ ᠪᠥᠬᠦ ᠰᠢᠶᠠᠨ ᠤ ᠪᠠᠶᠢᠩᠭᠤ ᠰᠠᠭᠤᠭ᠎ᠠ ᠬᠥᠮᠥᠨ ᠠᠮᠠ ᠶᠢᠨ ᠳᠠᠭᠠᠳᠬᠠᠯ ᠳᠤ ᠣᠷᠣᠯᠴᠠᠭᠰᠠᠨ ᠨᠣᠷᠮ᠎ᠠ 96.6% ᠬᠦᠷᠴᠡᠢ︔ ᠣᠨᠴᠠ ᠬᠦᠴᠢᠷᠳᠡᠯᠲᠡᠢ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠭᠥᠷᠳᠡᠬᠦ᠂ ᠥᠨᠥᠴᠢᠨ ᠬᠡᠦᠬᠡᠳ ᠵᠡᠷᠭᠡ 7 ᠲᠥᠷᠥᠯ ᠤᠨ ᠭᠤᠣᠯᠳᠠᠯᠭ᠎ᠠ ᠲᠠᠢ ᠬᠥᠮᠥᠰ ᠤᠨ ᠳᠠᠭᠠᠳᠬᠠᠯ ᠳᠤ ᠣᠷᠣᠯᠴᠠᠭᠰᠠᠨ ᠨᠣᠷᠮ᠎ᠠ 100 % ᠳᠤ ᠬᠥᠷᠪᠡ︔ ᠰᠢᠶᠠᠨ ᠤ ᠬᠡᠪᠴᠢᠶᠡᠨ ᠳᠠᠬᠢ ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ ︵ᠬᠡᠦᠬᠡᠳ ᠤᠨ ᠴᠡᠴᠡᠷᠯᠢᠭ ᠪᠠᠭᠲᠠᠨ᠎ᠠ︶ ᠶᠢᠨ ᠰᠦᠢᠳᠬᠡᠯ ᠲᠤᠰᠢᠶᠠᠵᠤ ᠬᠥᠮᠥᠷᠭᠡ ᠳᠤ ᠣᠷᠣᠭᠤᠯᠤᠭᠰᠠᠨ ᠨᠣᠷᠮ᠎ᠠ 99.7 % ᠳᠤ ᠬᠥᠷᠪᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1