ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 99 ᠳ᠋ᠤᠭᠡᠷ ᠬᠤᠷᠠᠯᠳᠤᠭᠠᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/4/17
       4 ᠳ᠋ᠤᠭᠡᠷ ᠰᠠᠷ᠎ᠠ ᠶᠢᠨ 14 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 99 ᠳ᠋ᠤᠭᠡᠷ ᠬᠤᠷᠠᠯ ᠬᠤᠷᠠᠯᠳᠤᠵᠤ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠳ᠋ᠦᠩ ᠱᠧᠩ ᠬᠤᠷᠠᠯ ᠡᠷᠭᠢᠯᠡᠪᠡ᠃      ᠬᠤᠷᠠᠯ ᠠᠴᠠ᠂ ᠰᠢ ᠶᠢᠨ ᠫᠢᠩ᠂ ᠼᠠᠢ ᠴᠢ ᠨᠥᠬᠦᠷ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ︽ᠪᠦᠬᠦ ᠨᠠᠮ ᠤᠨ ᠳᠣᠲᠣᠷ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠬᠦ ᠲᠤᠬᠠᠢ ᠰᠠᠨᠠᠯ︾ ᠂ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ︽ᠲᠥᠪ ᠤᠨ ᠪᠠ ᠲᠦᠷᠦ ᠶᠢᠨ ᠪᠠᠶᠢᠭᠤᠯᠤᠯᠭ᠎ᠠ ᠶᠢᠨ ᠡᠯ᠎ᠡ ᠰᠠᠯᠠᠭ᠎ᠠ ᠮᠥᠴᠢᠷ ᠤᠨ ᠬᠢᠨ ᠥᠪᠡᠷᠲᠡᠭᠡᠨ ᠵᠠᠰᠠᠬᠤ ᠣᠷᠣᠨ ᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠭᠤᠣᠯ ᠰᠡᠳᠦᠪᠲᠦ ᠬᠥᠮᠦᠵᠢᠯ ᠢ ᠰᠤᠷᠤᠯᠴᠠᠨ ᠲᠤᠤᠱᠯᠠᠭᠤᠯᠬᠤ ᠳᠤᠮᠳᠠ ᠺᠠᠳ᠋ᠷ ᠤᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢ ᠥᠷᠨᠢᠭᠦᠯᠬᠦ ᠠᠵᠢᠯ ᠤᠨ ᠲᠥᠰᠥᠯ︾ ᠂ ᠰᠦᠨ ᠱᠤᠤ ᠴᠧᠩ ᠨᠥᠬᠦᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ ᠳᠥᠷᠪᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠠᠯᠮᠵᠢᠯᠠᠨ ᠰᠤᠷᠤᠯᠴᠠᠪᠠ᠃ ᠰᠦᠨ ᠱᠤᠤ ᠴᠧᠩ ᠱᠦᠵᠢ ᠶᠢᠨ ᠥᠪᠡᠷᠲᠡᠭᠡᠨ ᠵᠠᠰᠠᠬᠤ ᠣᠷᠣᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠥᠯ︾  ᠤᠨ ᠠᠵᠢᠯ ᠤᠨ ᠠᠷᠭ᠎ᠠ ᠬᠡᠮᠵᠢᠶ᠎ᠡ ᠶᠢ ᠰᠤᠳᠤᠯᠤᠨ ᠨᠠᠶᠢᠳᠠᠪᠦᠷᠢᠵᠢᠭᠤᠯᠪᠠ᠃ ᠰᠦᠨ ᠱᠤᠤ ᠴᠧᠩ ᠨᠥᠬᠦᠷ ᠤᠨ ᠥᠪᠡᠷᠲᠡᠭᠡᠨ ᠵᠠᠰᠠᠬᠤ ᠣᠷᠣᠨ ᠤ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠤᠳᠤᠷᠢᠳᠬᠤ ᠳᠤᠭᠤᠶᠢᠯᠠᠩ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠵᠤ᠂ ᠮᠠᠨ ᠤ ᠰᠢᠶᠠᠨ ᠤ ᠬᠠᠮᠢᠶ᠎ᠠ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃       ᠬᠤᠷᠠᠯ ᠠᠴᠠ᠂ ᠪᠦᠬᠦ ᠨᠠᠮ ᠢᠶᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠬᠦ ᠪᠣᠯ ᠨᠠᠮ ᠤᠨ ᠲᠥᠪ ᠬᠤᠷᠢᠶ᠎ᠠ ᠠᠴᠠ ᠭᠠᠷᠭᠠᠭᠰᠠᠨ ᠴᠢᠬᠤᠯᠠ ᠶᠡᠭᠡ ᠪᠠᠶᠢᠷᠢᠯᠠᠭᠤᠯᠤᠯᠲᠠ ᠪᠣᠯᠣᠨ᠎ᠠ᠃ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠤᠭᠤᠳ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠳᠡᠵᠦ᠂ ᠤᠨᠤᠯ ᠤᠨ ᠰᠤᠷᠤᠯᠴᠠᠯᠭ᠎ᠠ᠂ ᠪᠠᠶᠢᠴᠠᠭᠠᠨ ᠰᠤᠳᠤᠯᠤᠯᠲᠠ ᠬᠢᠬᠦ᠂ ᠬᠥᠭᠵᠢᠯᠲᠡ ᠶᠢ ᠲᠦᠯᠬᠢᠨ ᠠᠬᠢᠭᠤᠯᠬᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠶᠢ ᠨᠠᠪᠲᠠᠷᠡᠭᠦᠯᠵᠦ᠂ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠶᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠭᠡᠬᠦ ᠡᠨᠡᠬᠦ ᠴᠢᠬᠤᠯᠠ ᠶᠡᠭᠡ ᠤᠯᠤᠰ ᠤᠨ ᠪᠠᠶᠢᠯᠳᠤᠬᠤ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠠᠷᠢᠶᠠᠯᠠᠩ ᠳᠤ ᠤᠰᠤ ᠬᠡᠷᠡᠭᠯᠡᠬᠦ ᠠᠰᠠᠭᠤᠳᠠᠯ ᠪᠣᠯᠣᠨ ᠬᠠᠳᠤᠨ ᠭᠤᠣᠯ ᠳᠠᠭᠠᠤ ᠶᠢᠨ ᠰᠣᠶᠣᠯ ᠤᠨ ᠵᠤᠭᠠᠴᠠᠯ ᠤᠨ ᠠᠵᠤ ᠦᠢᠯᠡᠰ ᠤᠨ ᠬᠥᠭᠵᠢᠯᠲᠡ ᠭᠦᠢᠴᠡᠳ ᠪᠤᠰᠤ ᠪᠠᠶᠢᠬᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠲᠠᠷᠢᠶᠠᠯᠠᠩ ᠤᠨ ᠤᠰᠤ ᠬᠡᠷᠡᠭᠯᠡᠬᠦ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠤᠰᠤ ᠬᠡᠷᠡᠭᠯᠡᠬᠦ ᠦᠵᠡᠯᠲᠡ ᠪᠠᠨ ᠬᠤᠪᠢᠷᠠᠭᠤᠯᠤᠨ᠂ ᠤᠰᠤ ᠠᠷᠪᠢᠯᠠᠬᠤ ᠤᠬᠠᠮᠰᠠᠷ ᠢᠶᠠᠨ ᠴᠢᠩᠭᠠᠷᠠᠭᠤᠯᠵᠤ᠂ ᠨᠠᠷᠢᠯᠢᠭ ᠣᠨᠣᠴᠠᠲᠠᠢ ᠪᠠᠷ ᠬᠡᠮᠵᠢᠵᠦ ᠰᠦᠢᠳᠬᠡᠯ ᠬᠤᠷᠢᠶᠠᠬᠤ ᠶᠢ ᠬᠡᠷᠡᠭᠵᠢᠭᠦᠯᠵᠦ᠂ ᠤᠰᠤ ᠠᠷᠪᠢᠯᠠᠬᠤ ᠶᠢ ᠱᠠᠩᠨᠠᠨ ᠬᠥᠬᠢᠭᠦᠯᠬᠦ ᠳᠦᠷᠢᠮ ᠢ ᠪᠠᠶᠢᠭᠤᠯᠵᠤ᠂ ᠲᠠᠷᠢᠶᠠᠯᠠᠩ ᠤᠨ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠲᠠᠷᠢᠶᠠᠯᠠᠩ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠬᠠᠷᠠᠯᠲᠠ ᠪᠠᠨ ᠲᠣᠭᠲᠠᠭᠠᠵᠤ᠂ ᠬᠠᠲᠤᠨ ᠭᠤᠣᠯ ᠤᠨ ᠳᠡᠭᠡᠳᠦ ᠳᠤᠮᠳᠠᠳᠤ ᠤᠷᠤᠰᠬᠠᠯ ᠤᠨ ᠵᠠᠭᠠᠭ ᠴᠡᠭ ᠤᠨ ᠠᠮᠢ ᠠᠬᠤᠢ ᠶᠢᠨ ᠬᠠᠮᠠᠭᠠᠯᠠᠯᠲᠠ ᠬᠢᠭᠡᠳ ᠲᠡᠦᠬᠡ ᠰᠣᠶᠣᠯ ᠤᠨ ᠵᠢᠭᠤᠯᠴᠢᠯᠠᠯ ᠤᠨ ᠣᠷᠣᠨ ᠤ 5A ᠲᠠᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠠᠵᠢᠯ ᠢ ᠰᠦᠪᠡᠭᠴᠢᠯᠡᠨ ᠥᠷᠨᠢᠭᠦᠯᠵᠦ᠂ ᠮᠠᠨ ᠤ ᠰᠢᠶᠠᠨ ᠤ ᠣᠲᠣ ᠶᠢᠨ ᠪᠠᠶᠢᠭ᠎ᠠ ᠰᠣᠶᠣᠯ ᠪᠠ ᠵᠢᠭᠤᠯᠴᠢᠯᠠᠯ ᠤᠨ ᠡᠬᠢ ᠪᠠᠶᠠᠯᠢᠭ ᠲᠤ ᠲᠦᠰᠢᠭᠯᠡᠨ᠂ ᠬᠡᠲᠦ ᠬᠡᠳᠦᠨ ᠰᠣᠳᠣᠨ ᠵᠢᠭᠤᠯᠴᠢᠯᠠᠯ ᠤᠨ ᠴᠡᠭ ᠢ ᠪᠣᠶ ᠪᠣᠯᠭᠠᠵᠤ᠂ ᠵᠣᠬᠢᠴᠠᠩᠭᠤᠢ ᠶᠡᠷᠦᠩᠬᠡᠶᠢᠯᠡᠭᠰᠡᠨ ᠴᠢᠨᠠᠷᠲᠠᠢ ᠡᠵᠡᠮᠳᠡᠬᠦ ᠲᠥᠯᠦᠪᠵᠢᠭᠦᠯᠭᠡ ᠶᠢ ᠲᠣᠭᠲᠠᠭᠠᠨ᠂ ᠭᠤᠣᠯᠳᠠᠯᠭ᠎ᠠ ᠲᠠᠢ ᠰᠣᠶᠣᠯ ᠤᠨ ᠵᠢᠭᠤᠯᠴᠢᠯᠠᠯ ᠤᠨ ᠠᠵᠤ ᠠᠬᠤᠶᠢᠯᠠᠯ ᠢ ᠵᠣᠷᠢᠭᠵᠢᠭᠤᠯᠤᠨ ᠳᠡᠮᠵᠢᠵᠦ᠂ ᠢᠳᠡᠪᠬᠢᠲᠡᠢ ᠪᠠᠷ ︽ᠭᠠᠳᠠᠭᠰᠢ ᠭᠠᠷᠴᠤ︾᠂ ᠪᠤᠰᠤᠳ ᠦᠵᠡᠮᠵᠢ ᠶᠢᠨ ᠣᠷᠣᠨ   ᠠᠴᠠ ᠡᠭᠦᠳᠦᠨ ᠪᠠᠶᠢᠭᠤᠯᠬᠤ ᠲᠤᠷᠰᠢᠯᠭ᠎ᠠ ᠶᠢ ᠰᠤᠷᠤᠯᠴᠠᠨ᠎ᠠ ᠭᠡᠵᠦ ᠵᠢᠠᠭᠠᠨ ᠭᠠᠷᠭᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠤᠨ ᠶᠠᠷᠢᠯᠴᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1