ᠰᠢᠶᠠᠨ ᠤ ᠤᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠠᠴᠠ ᠲᠤᠭᠳᠠᠬᠤ ᠰᠢᠶᠠᠨ ᠤ ᠰᠢᠷᠠᠤᠰᠤ ᠲᠣᠰᠬᠤᠨ ᠤ ᠠᠷᠠᠳ ᠲᠤ ᠵᠢᠮᠢᠰ ᠤᠨ ᠮᠣᠳᠣ ᠪᠡᠯᠡᠭᠯᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2023/4/18
      ᠲᠣᠰᠬᠤᠨ ᠤ ᠠᠷᠠᠳ ᠤᠨ ᠭᠠᠳᠠᠭᠰᠢ ᠭᠠᠷᠴᠤ ᠬᠤᠳᠠᠯᠳᠤᠨ ᠠᠪᠬᠤ ᠦᠭᠡᠢ ᠪᠠᠷ ᠰᠢᠨ᠎ᠡ ᠰᠣᠷᠭᠤᠭ ᠵᠢᠮᠢᠰ ᠣᠯᠵᠤ ᠢᠳᠡᠬᠦ ᠬᠡᠷᠡᠭᠴᠡᠭᠡ ᠶᠢ ᠬᠠᠩᠭᠠᠵᠤ᠂ ᠪᠦᠬᠦ ᠲᠣᠰᠬᠤᠨ ᠤ ᠬᠥᠮᠥᠰ ᠤᠨ ᠣᠷᠣᠰᠢᠨ ᠠᠮᠢᠳᠤᠷᠠᠬᠤ ᠠᠮᠢ ᠠᠬᠤᠢ ᠶᠢᠨ ᠣᠷᠴᠢᠨ ᠲᠣᠭᠤᠷᠢᠨ ᠢ ᠭᠤᠶᠣᠵᠢᠭᠤᠯᠵᠤ᠂ ᠲᠠᠷᠢᠶᠠᠴᠢᠳ ᠤᠨ ᠬᠦᠷᠢᠶᠡᠯᠡᠩ ᠤᠨ ᠠᠵᠤ ᠠᠬᠤᠢ ᠶᠢ ᠬᠥᠭᠵᠢᠭᠦᠯᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ ᠬᠦᠴᠦ ᠨᠡᠮᠡᠷᠢᠯᠡᠬᠦ ᠶᠢᠨ ᠲᠥᠯᠥᠭᠡ᠂ 4 ᠳ᠋ᠤᠭᠡᠷ ᠰᠠᠷ᠎ᠠ ᠶᠢᠨ 15 ᠤ ᠡᠳᠦᠷ᠂ ᠰᠢᠶᠠᠨ ᠤ ᠤᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠠᠴᠠ ᠲᠤᠭᠳᠠᠬᠤ ᠰᠢᠶᠠᠨ ᠤ ᠰᠢᠷᠠᠤᠰᠤ ᠲᠣᠰᠬᠤᠨ ᠤ ᠠᠷᠠᠳ ᠲᠤ 600 ᠭᠠᠷᠤᠢ ᠲᠥᠭᠦᠷᠢᠭ ᠤᠨ ᠦᠷᠳᠡᠭ ᠲᠠᠢ 12000 ᠭᠠᠷᠤᠢ ᠲᠥᠭᠦᠷᠢᠭ ᠤᠨ ᠤᠢ ᠰᠢᠭᠤᠢ ᠵᠤᠯᠵᠠᠭ᠎ᠠ ᠵᠢᠮᠢᠰ ᠤᠨ ᠮᠣᠳᠣ ᠶᠢ ᠬᠦᠷᠭᠡᠪᠡ᠃
     ᠡᠨᠡ ᠤᠳᠠᠭ᠎ᠠ ᠶᠢᠨ ᠬᠠᠩᠭᠠᠭᠰᠠᠨ ᠡᠯ᠎ᠡ ᠲᠦᠷᠦᠯ ᠤᠨ ᠵᠢᠮᠢᠰ ᠤᠨ ᠮᠣᠳᠣ ᠵᠢᠮᠢᠰᠯᠡᠭᠰᠡᠨ ᠤ ᠲᠠᠷᠠᠭ᠎ᠠ᠂ ᠲᠣᠰᠬᠤᠨ ᠤ ᠠᠷᠠᠳ ᠰᠢᠨ᠎ᠡ ᠰᠣᠷᠭᠤᠭ ᠵᠢᠮᠢᠰ ᠣᠯᠵᠤ ᠢᠳᠡᠵᠦ᠂ ᠵᠢᠯ ᠪᠦᠷᠢ ᠪᠦᠬᠦ ᠲᠣᠰᠬᠤᠨ ᠤ ᠠᠷᠠᠳ ᠨᠠᠭᠠᠲᠤ ᠵᠠᠬ᠎ᠠ ᠳᠠᠭᠠᠨ 3 ᠲᠦᠮᠡ ᠭᠠᠷᠤᠢ ᠲᠥᠭᠦᠷᠢᠭ ᠤᠨ ᠵᠠᠷᠤᠯᠭ᠎ᠠ ᠶᠢ ᠠᠷᠪᠢᠯᠠᠬᠤ ᠶᠢᠨ ᠬᠠᠮᠲᠤ ᠪᠦᠬᠦ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠳᠤ ᠰᠠᠶᠢᠨ ᠰᠠᠶᠢᠬᠠᠨ ᠠᠮᠢ ᠠᠬᠤᠢ ᠶᠢᠨ ᠰᠠᠭᠤᠷᠢ ᠶᠢ ᠲᠠᠯᠪᠢᠵᠤ ᠥᠭᠴᠡᠢ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1