ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠢᠯᠡᠭᠦᠬᠡᠨ ᠨᠣᠮ ᠤᠩᠰᠢᠵᠤ᠂ ᠰᠠᠶᠢᠨ ᠨᠣᠮ | ᠤᠩᠰᠢᠵᠤ᠂ ᠨᠣᠮ ᠤᠩᠰᠢᠬᠤ ᠳᠠᠭᠠᠨ ᠴᠢᠳᠠᠮᠠᠭᠠᠢ ᠪᠠᠶᠢᠬᠤ ᠶᠢ ᠰᠠᠨᠠᠭᠠᠴᠢᠯᠠᠵᠤ᠂ ᠨᠣᠮ ᠤᠩᠰᠢᠬᠤ ᠬᠠᠯᠠᠭᠤᠨ | ᠰᠡᠳᠬᠢᠯᠭᠡ ᠪᠠᠷ ᠰᠠᠨᠠᠯ ᠳᠤᠷᠠᠳᠤᠯᠭ᠎ᠠ ᠶᠢᠨ ᠭᠦᠨᠴᠡ ᠶᠢ ᠳᠡᠭᠡᠭᠰᠢᠯᠡᠭᠦᠯᠵᠦ᠂ ᠨᠣᠮ ᠤᠩᠰᠢᠭᠰᠠᠨ ᠦᠷ᠎ᠡ | ᠪᠦᠲᠦᠮᠵᠢ ᠪᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ | ᠲᠥᠯᠥᠭᠡ᠂ 4 ᠳ᠋ᠤᠭᠡᠷ ᠰᠠᠷ᠎ᠠ ᠶᠢᠨ 18 ᠤ ᠡᠳᠦᠷ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠠᠴᠠ ︽ | ᠲᠤᠯᠭᠤᠷ ᠪᠢᠴᠢᠭ ᠢᠶᠠᠨ ᠤᠩᠰᠢᠵᠤ᠂ ᠢᠷᠡᠭᠡᠳᠦᠢ ᠶᠢᠨ ᠦᠢᠯᠡᠰ ᠢ ᠪᠡᠯᠭᠡᠯᠡᠶ᠎ᠡ︾ ᠭᠡᠬᠦ ᠨᠣᠮ ᠤᠩᠰᠢᠯᠭ᠎ᠠ ᠶᠢᠨ | ᠬᠤᠷᠠᠯ ᠢ ᠡᠷᠬᠢᠯᠡᠵᠦ᠂ 9 ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠣᠯᠣᠨ ᠪᠠᠶᠢᠭᠤᠯᠤᠯᠭ᠎ᠠ ᠶᠢᠨ ᠺᠠᠳ᠋ᠷ ︽ | ᠤᠯᠠᠭᠠᠨ ᠤᠳᠤ ᠳᠤᠮᠳᠠᠳᠤ ᠤᠯᠤᠰ ᠢ ᠭᠡᠶᠢᠭᠦᠯᠪᠡ︾ ᠭᠡᠬᠦ ᠨᠣᠮ ᠤᠨ ᠲᠣᠭᠤᠷᠢᠨ ᠳᠤ ᠬᠠᠮᠲᠤ ᠪᠠᠷ ᠰᠤᠷᠤᠯᠴᠠᠪᠠ᠃ | ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠱᠢ ᠵᠢᠶᠠᠨ ᠵᠦᠩ᠂ ᠯᠢ ᡁᠢ ᠫᠢᠩ ᠬᠤᠷᠠᠯ ᠳᠤ | ᠣᠷᠣᠯᠴᠠᠪᠠ᠃ | ︽ᠤᠯᠠᠭᠠᠨ ᠤᠳᠤ ᠳᠤᠮᠳᠠᠳᠤ ᠤᠯᠤᠰ ᠢ ᠭᠡᠶᠢᠭᠦᠯᠪᠡ︾ ᠭᠡᠬᠦ ᠨᠣᠮ ᠪᠣᠯ ᠥᠷᠥᠨᠡᠳᠠᠬᠢᠨ ᠤ ᠰᠤᠷᠪᠤᠯᠵᠢᠯᠠᠭᠴᠢ | ᠠᠶᠢᠳᠥᠵᠢᠶᠠ · ᠰᠨᠣ᠋ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠪᠣᠯᠣᠨ ᠳᠤᠮᠳᠠᠳᠤ ᠤᠯᠤᠰ ᠤᠨ ᠤᠯᠠᠭᠠᠨ | ᠴᠡᠷᠢᠭ ᠢ ᠰᠤᠷᠪᠤᠯᠵᠢᠯᠠᠭᠰᠠᠨ ᠠᠩᠬᠠᠨ ᠤ ᠲᠡᠮᠳᠡᠭᠯᠡᠯ ᠪᠣᠯᠣᠨ᠎ᠠ᠂ ᠤᠯᠠᠭᠠᠨ ᠳᠤᠮᠳᠠᠳᠤ ᠤᠯᠤᠰ ᠢ ᠦᠨᠡᠨ | ᠪᠣᠳᠠᠲᠠᠢ ᠪᠠᠷ ᠳᠦᠷᠰᠦᠯᠡᠭᠰᠡᠨ ᠪᠦᠲᠦᠭᠡᠯ ᠪᠣᠯᠣᠨ᠎ᠠ᠂ ᠮᠥᠨᠴᠦ ᠰᠣᠨᠢᠨ ᠮᠡᠳᠡᠭᠡᠨ ᠤ ᠲᠡᠦᠬᠡ ᠪᠣᠯᠣᠨ | ᠮᠡᠳᠡᠭᠦᠯᠦᠯᠲᠡ ᠶᠢᠨ ᠤᠳᠬ᠎ᠠ ᠵᠣᠬᠢᠶᠠᠯ ᠤᠨ ᠲᠡᠦᠬᠡᠨ ᠳᠡᠭᠡᠷᠡᠬᠢ ᠬᠥᠰᠢᠶ᠎ᠡ ᠳᠤᠷᠠᠰᠬᠠᠯ ᠤᠨ ᠴᠢᠨᠠᠷᠲᠠᠢ ᠪᠦᠲᠦᠭᠡᠯ | ᠪᠣᠯᠣᠨ᠎ᠠ᠃ ᠤᠳ᠋ᠭᠠᠷ · ᠰᠨᠤ᠋ ᠠᠮᠢᠳᠤᠯᠢᠭ ᠵᠢᠷᠤᠭ ᠢᠶᠠᠷ ᠢᠶᠠᠨ ᠳᠤᠮᠳᠠᠳᠤ ᠤᠯᠤᠰ ᠤᠨ ᠤᠯᠠᠭᠠᠨ ᠴᠡᠷᠢᠭ᠂ ᠰᠣᠪᠢᠶᠠᠳ | ᠣᠷᠣᠨ ᠵᠢᠴᠢ ᠮᠠᠤ ᠽᠧ ᠳ᠋ᠦᠩ ᠵᠡᠷᠭᠡ ᠬᠤᠪᠢᠰᠬᠠᠯ ᠤᠨ ᠤᠳᠤᠷᠢᠳᠬᠤ ᠬᠥᠮᠥᠰ ᠤᠨ ᠲᠤᠬᠠᠢ ᠠᠩᠬᠠᠨ ᠤ | ᠮᠠᠲ᠋ᠧᠷᠢᠶᠠᠯ ᠢ ᠶᠡᠭᠡ ᠬᠡᠮᠵᠢᠶ᠎ᠡ ᠪᠠᠷ ᠲᠡᠮᠳᠡᠭᠯᠡᠵᠦ᠂ ᠰᠢᠨᠲᠠᠷᠠᠰᠢ ᠦᠭᠡᠢ ᠳᠤᠮᠳᠠᠳᠤ ᠤᠯᠤᠰ ᠤᠨ ᠡᠪ ᠬᠠᠮᠲᠤ ᠨᠠᠮ ᠤᠨ | ᠡᠷᠡᠯᠬᠡᠭ ᠪᠠᠭᠠᠲᠤᠷᠯᠢᠭ ᠭᠠᠷᠮᠠᠭᠠᠢ ᠬᠤᠪᠢᠰᠬᠠᠯᠲᠤ ᠲᠡᠮᠡᠴᠡᠯ ᠢ ᠵᠢᠷᠤᠭᠯᠠᠭᠰᠠᠨ ᠪᠠᠶᠢᠨ᠎ᠠ᠃ | ᠭᠡᠰᠢᠭᠦᠳ ᠤᠨ ᠬᠤᠪᠢᠶᠠᠯᠴᠠᠨ ᠡᠳ᠋ᠯᠡᠭᠰᠡᠨ ᠠᠴᠠ ᠪᠣᠯᠵᠤ ᠪᠢᠴᠢᠭ ᠤᠨ ᠦᠨᠦᠷ ᠬᠠᠩᠬᠤᠯᠤᠭᠰᠠᠨ ᠬᠠᠯᠠᠭᠤᠨ | ᠳᠤᠯᠠᠭᠠᠨ ᠨᠢ ᠬᠤᠷᠠᠯ ᠳᠤ ᠣᠷᠣᠯᠴᠠᠭᠰᠠᠳ ᠤᠨ ᠬᠠᠯᠠᠭᠤᠨ ᠬᠦᠷᠢᠶᠡᠯᠡᠯ ᠢ ᠣᠯᠪᠠ᠃ ᠤᠯᠠᠨ ᠢᠶᠠᠷ ᠢᠶᠠᠨ᠂ ᠲᠡᠦᠬᠡ | ᠪᠣᠯ ᠬᠠᠮᠤᠭ ᠤᠨ ᠰᠠᠶᠢᠨ ᠬᠢᠴᠢᠶᠡᠯ ᠤᠨ ᠪᠢᠴᠢᠭ ᠮᠥᠨ᠂ ᠪᠠᠰᠠ ᠴᠤ ᠬᠠᠮᠤᠭ ᠤᠨ ᠰᠠᠶᠢᠨ ᠰᠡᠬᠡᠭᠡᠷᠡᠭᠦᠯᠬᠦ ᠡᠮ ᠮᠥᠨ᠂ | ᠭᠠᠭᠴᠠᠬᠦ ᠰᠣᠩᠭᠤᠳᠠᠭ ᠵᠣᠬᠢᠶᠠᠯ ᠢ ᠤᠩᠰᠢᠬᠤ ᠪᠠᠷ ᠲᠠᠮᠵᠢᠨ᠂ ᠨᠠᠮᠴᠢ ᠴᠢᠨᠠᠷ ᠢᠶᠠᠨ ᠲᠠᠰᠤᠷᠠᠯᠳᠠ ᠦᠭᠡᠢ ᠳᠠᠪᠲᠠᠨ | ᠪᠣᠯᠪᠠᠰᠤᠷᠠᠭᠤᠯᠵᠤ᠂ ᠡᠷᠴᠢ ᠵᠣᠷᠢᠭ ᠢᠶᠠᠨ ᠪᠠᠲᠤᠳᠬᠠᠵᠤ᠂ ᠡᠷᠡᠯᠬᠡᠭ ᠪᠠᠭᠠᠲᠤᠷᠯᠢᠭ ᠢᠶᠠᠷ ᠤᠷᠤᠭᠰᠢᠯᠠᠪᠠᠯ ᠰᠠᠢᠢ ᠰᠢᠨ᠎ᠡ | ᠴᠠᠭ ᠦᠶ᠎ᠡ ᠰᠢᠨ᠎ᠡ ᠠᠶᠠᠨ ᠵᠠᠮ ᠤᠨ ᠴᠢᠨᠡᠭᠡᠯᠢᠭᠵᠢᠯ ᠤᠨ ᠢᠷᠠᠭᠤ ᠠᠯᠳᠠᠷᠲᠤ ᠡᠭᠦᠷᠭᠡ ᠬᠠᠷᠢᠭᠤᠴᠠᠯᠭ᠎ᠠ ᠶᠢ | ᠡᠭᠦᠷᠭᠡᠯᠡᠵᠦ᠂ ᠰᠢᠨ᠎ᠡ ᠴᠠᠭ ᠦᠶ᠎ᠡ ᠶᠢᠨ ᠤᠷᠳᠤ ᠵᠠᠮ ᠤᠨ ᠠᠶᠠᠨ ᠲᠠᠶᠢᠨ ᠤ ᠵᠠᠮ ᠢᠶᠠᠷ ᠰᠠᠶᠢᠲᠤᠷ ᠵᠠᠮᠨᠠᠵᠤ᠂ ᠰᠠᠢᠢ | ᠤᠯᠤᠰ ᠲᠦᠷᠦ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ ᠶᠠᠪᠤᠳᠠᠯ ᠳᠤ | ᠣᠷᠣᠯᠴᠠᠨ ᠲᠦᠷᠦ ᠶᠢᠨ ᠶᠠᠪᠤᠳᠠᠯ ᠢ ᠵᠥᠪᠯᠡᠬᠦ ᠵᠡᠷᠭᠡ ᠡᠯ᠎ᠡ ᠵᠦᠢᠯ ᠤᠨ ᠠᠵᠢᠯ ᠢ ᠨᠡᠩ ᠰᠠᠶᠢᠨ ᠬᠢᠵᠦ ᠴᠢᠳᠠᠨ᠎ᠠ ᠭᠡᠵᠦ | ᠢᠯᠡᠳᠬᠡᠵᠡᠭᠡᠪᠡ᠃ ᠣᠯᠠᠨ ᠢᠶᠠᠷ ᠢᠶᠠᠨ ᠨᠣᠮ ᠪᠢᠴᠢᠭ ᠤᠩᠰᠢᠬᠤ ᠶᠢᠨ ᠴᠢᠬᠤᠯᠠ ᠠᠴᠢ ᠬᠤᠯᠪᠣᠭᠳᠠᠯ ᠪᠠ ︽ᠨᠣᠮ | ᠪᠢᠴᠢᠭ ᠤᠩᠰᠢᠬᠤ ᠪᠣᠯ ᠤᠯᠤᠰ ᠲᠥᠷᠥ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠳᠠᠯ ᠮᠥᠨ︾ ︽ᠨᠣᠮ | ᠪᠢᠴᠢᠭ ᠤᠩᠰᠢᠬᠤ ᠪᠣᠯ ᠤᠯᠤᠰ ᠲᠥᠷᠥ ᠶᠢᠨ ᠵᠥᠪᠯᠡᠯᠭᠡᠨ ᠤ ᠬᠠᠶᠢᠷ᠎ᠠ ᠰᠡᠳᠬᠢᠯᠭᠡ ᠶᠢ ᠬᠠᠳᠠᠭᠠᠯᠠᠬᠤ ᠶᠠᠪᠤᠳᠠᠯ ᠮᠥᠨ︾ | ᠭᠡᠬᠦ ᠣᠶᠢᠯᠠᠭᠠᠭᠳᠠᠬᠤᠨ ᠢ ᠭᠦᠨᠵᠡᠭᠡᠢ ᠲᠠᠨᠢᠵᠤ᠂ ︽ᠢᠯᠡᠭᠦᠦ ᠨᠣᠮ ᠤᠩᠰᠢᠵᠤ᠂ ᠰᠠᠶᠢᠨ ᠨᠣᠮ ᠤᠩᠰᠢᠵᠤ︾ ᠶᠢ | ᠤᠯᠤᠰ ᠲᠥᠷᠥ ᠶᠢᠨ ᠢᠯᠭᠠᠨ ᠲᠠᠨᠢᠬᠤ ᠴᠢᠳᠠᠪᠤᠷᠢ ᠪᠠᠨ ᠳᠡᠭᠡᠭᠰᠢᠯᠡᠭᠦᠯᠬᠦ ᠶᠢᠨ ᠵᠠᠶᠢᠯᠠᠰᠢ ᠦᠭᠡᠢ ᠠᠷᠭ᠎ᠠ ᠵᠠᠮ | ᠪᠣᠯᠭᠠᠵᠤ᠂ ᠤᠶᠤᠨ ᠤᠬᠠᠭᠠᠨ ᠡᠷᠳᠡᠮ ᠴᠢᠳᠠᠪᠤᠷᠢ ᠪᠠᠨ ᠨᠡᠮᠡᠭᠳᠡᠭᠦᠯᠬᠦ ᠪᠠ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠪᠣᠯᠤᠭᠰᠠᠨ ᠤ ᠬᠤᠪᠢ ᠳᠤ᠂ ᠠᠵᠢᠯ ᠤᠨ ᠪᠠᠶᠢᠷᠢ ᠳᠤ ᠬᠡᠷᠡᠭᠰᠡᠬᠦ | ᠵᠢᠴᠢ ᠥᠪᠡᠷ ᠤᠨ ᠳᠤᠷ᠎ᠠ ᠰᠣᠨᠢᠷᠬᠠᠯ ᠳᠠᠭᠠᠨ ᠬᠦᠷᠬᠦ ᠡᠯ᠎ᠡ ᠲᠦᠷᠦᠯ ᠤᠨ ᠨᠣᠮ ᠪᠢᠴᠢᠭ ᠢ ᠥᠷᠭᠡᠨ ᠢᠶᠠᠷ ᠬᠠᠮᠤᠷᠴᠤ᠂ | ᠠᠯᠬᠤᠮ ᠲᠠᠷᠠᠭ᠎ᠠ ᠲᠠᠢ ᠪᠠᠷ ᠤᠷᠤᠭᠰᠢᠯᠠᠵᠤ᠂ ᠥᠨᠢ ᠤᠳᠠᠭᠠᠨ ᠴᠢᠷᠮᠠᠶᠢᠨ ᠰᠤᠷᠤᠯᠴᠠᠵᠤ᠂ ᠨᠣᠮ ᠤᠩᠰᠢᠵᠤ | ᠰᠤᠷᠤᠯᠴᠠᠬᠤ ᠰᠠᠶᠢᠨ ᠰᠠᠶᠢᠬᠠᠨ ᠵᠠᠩ ᠳᠠᠳᠬᠠᠯ ᠢ ᠪᠤᠢ ᠪᠣᠯᠭᠠᠵᠤ᠂ ᠨᠣᠮ ᠤᠩᠰᠢᠵᠤ ᠰᠤᠷᠤᠯᠴᠠᠬᠤ ᠪᠠᠷ | ᠳᠠᠮᠵᠢᠭᠤᠯᠤᠨ᠂ ᠤᠯᠤᠰ ᠲᠦᠷᠦ ᠶᠢᠨ ᠡᠭᠦᠷᠭᠡᠯᠡᠯ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠠ ᠠᠷᠠᠳ | ᠲᠦᠮᠡᠨ ᠤ ᠬᠠᠶᠢᠷ᠎ᠠ ᠰᠡᠳᠬᠢᠯᠭᠡ ᠶᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯ ᠳᠤ ᠦᠨᠳᠦᠰᠦᠯᠡᠭᠦᠯᠵᠦ᠂ | ᠰᠤᠷᠤᠯᠴᠠᠯᠭ᠎ᠠ ᠶᠢ ᠡᠷᠬᠢᠮᠯᠡᠨ ᠰᠠᠶᠢᠲᠤᠷ ᠰᠤᠷᠤᠯᠴᠠᠬᠤ ᠶᠢ ᠤᠯᠤᠰ ᠲᠦᠷᠦ ᠶᠢᠨ ᠵᠥᠪᠯᠡᠯᠭᠡᠨ ᠤ ᠬᠡᠪ ᠵᠠᠩᠰᠢᠯ | ᠪᠤᠯᠭᠠᠨ᠎ᠠ᠃ |