4 ᠳ᠋ᠤᠭᠡᠷ ᠰᠠᠷ᠎ᠠ ᠶᠢᠨ 18 ᠤ ᠡᠳᠦᠷ᠂ ᠬᠥᠬᠡᠬᠤᠲᠠ ᠶᠢᠨ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ | ᠨᠡᠶᠢᠭᠡᠮᠯᠢᠭ ᠤᠨ ᠲᠣᠭᠲᠠᠬᠤ ᠰᠢᠶᠠᠨ ᠤ ᠠᠵᠢᠯ ᠤᠨ ᠵᠥᠪᠯᠡᠯ ᠠᠴᠠ ᠡᠷᠭᠢᠯᠡᠭᠰᠡᠨ 2023 ᠣᠨ ᠤ | ᠨᠠᠰᠤᠲᠠᠶᠢᠴᠤᠳ ᠤᠨ ᠭᠤᠷᠪᠠᠨ ᠬᠥᠮᠥᠨ ᠤ ᠡᠭᠦᠳᠡᠨ ᠪᠥᠮᠪᠥᠭᠡᠨ ᠤᠷᠤᠯᠳᠤᠭᠠᠨ ᠨᠠᠰᠤᠲᠠᠶᠢᠴᠤᠳ ᠤᠨ ᠪᠡᠶ᠎ᠡ ᠶᠢᠨ | ᠲᠠᠮᠢᠷ ᠤᠨ ᠨᠡᠶᠢᠭᠡᠮᠯᠢᠭ ᠲᠤ ᠡᠬᠢᠯᠡᠪᠡ᠃ ᠲᠣᠰ ᠤᠳᠠᠭᠠᠨ ᠤ ᠤᠷᠤᠯᠳᠤᠭᠠᠨ ᠳᠤ ᠨᠡᠶᠢᠲᠡ ᠲᠠᠪᠤᠨ ᠠᠩᠭᠢ᠂ 20 | ᠭᠠᠷᠤᠢ ᠨᠠᠰᠤᠲᠠᠶᠢᠴᠤᠳ ᠤᠨ ᠡᠭᠦᠳᠡᠨ ᠪᠥᠮᠪᠥᠭᠡᠨ ᠳᠤ ᠪᠠᠭ᠋ᠠᠲᠠᠢ ᠬᠥᠮᠥᠰ ᠣᠷᠣᠯᠴᠠᠵᠠᠢ᠃ | ᠡᠭᠦᠳᠡᠨ ᠪᠥᠮᠪᠦᠭᠡ ᠪᠣᠯ ᠲᠠᠮᠢᠷ ᠤᠨ ᠬᠥᠳᠡᠯᠭᠡᠭᠡᠨ ᠪᠠ ᠵᠤᠭ᠎ᠠ ᠴᠡᠩᠭᠡᠯ ᠢ ᠬᠤᠣᠰᠯᠠᠭᠤᠯᠤᠭᠰᠠᠨ | ᠤᠷᠤᠯᠳᠤᠭᠠᠨ ᠤ ᠵᠦᠢᠯ ᠪᠣᠯᠣᠨ᠎ᠠ᠃ ᠲᠡᠷᠡ ᠨᠢ ᠪᠡᠶ᠎ᠡ ᠮᠠᠬᠠᠪᠤᠳ ᠤᠨ ᠡᠷᠡᠭᠦᠯ ᠮᠡᠨᠳᠦ ᠳᠤ ᠠᠰᠢᠭᠲᠠᠢ ᠪᠠᠷ ᠪᠠᠷᠠᠬᠤ | ᠦᠭᠡᠢ᠂ ᠤᠷᠤᠯᠳᠤᠭᠠᠨ ᠳᠤ ᠣᠷᠣᠯᠴᠠᠭᠰᠠᠳ ᠤᠨ ᠤᠷᠮ᠎ᠠ ᠰᠡᠳᠬᠢᠯᠭᠡ ᠶᠢ ᠪᠠᠶᠠᠰᠬᠠᠳᠠᠭ᠃ ᠡᠭᠦᠳᠡᠨ ᠪᠥᠮᠪᠦᠭᠡ | ᠨᠠᠭᠠᠳᠬᠤ ᠳᠤ ᠤᠷᠮ᠎ᠠ ᠪᠠᠬ᠎ᠠ ᠪᠢᠯᠬᠠᠮ᠎ᠠ᠂ ᠰᠡᠳᠬᠢᠯ ᠰᠣᠭᠲᠣᠭᠤᠷᠠᠬᠤ ᠶᠢᠨ ᠬᠠᠮᠲᠤ ᠨᠠᠶᠢᠵᠠ ᠨᠥᠬᠦᠳ ᠤᠨ | ᠬᠤᠭᠤᠷᠣᠨᠳᠣᠬᠢ ᠬᠠᠷᠢᠯᠴᠠᠭ᠎ᠠ ᠪᠠ ᠨᠥᠬᠦᠷᠯᠡᠯ ᠢ ᠨᠡᠮᠡᠭᠳᠡᠭᠦᠯᠵᠦ᠂ ᠨᠠᠰᠤᠲᠠᠶᠢᠴᠤᠳ ᠤᠨ ᠰᠡᠳᠬᠢᠴᠡ ᠶᠢᠨ ᠡᠷᠡᠭᠦᠯ | ᠮᠡᠨᠳᠦ ᠶᠢ ᠬᠠᠮᠠᠭᠠᠯᠠᠬᠤ ᠳᠤ ᠴᠢᠬᠤᠯᠠ ᠦᠢᠯᠡᠳᠦᠯ ᠦᠵᠡᠭᠦᠯᠳᠡᠭ᠃ | ᠤᠷᠤᠯᠳᠤᠭᠠᠨ ᠤ ᠲᠤᠬᠠᠢ ᠶᠢᠨ ᠲᠠᠯᠠᠪᠤᠷ ᠲᠤ᠂ ᠪᠥᠮᠪᠥᠭᠡᠴᠢᠳ ᠰᠢᠳᠠᠮ ᠠᠳᠬᠤᠨ᠂ ᠰᠡᠳᠬᠢᠯ ᠰᠠᠨᠠᠭ᠎ᠠ | ᠲᠣᠭᠲᠠᠭᠤᠨ᠂ᠴᠣᠬᠢᠭᠤᠷ ᠢᠶᠠᠨ ᠬᠤᠷᠤᠶᠢᠯᠠᠵᠤ ᠪᠠᠬᠢᠯᠡᠯᠲᠡ ᠪᠠᠨ ᠪᠠᠳᠤᠯᠠᠨ᠂ ᠯᠠᠪᠳᠠᠭᠤᠨ ᠲᠣᠭᠲᠠᠭᠤᠨ᠃ | ᠬᠢᠨᠠᠭᠴᠢᠳ ︽ᠲᠥᠪ ᠴᠢᠩᠭ᠎ᠠ᠂ ᠨᠠᠷᠢᠨ ᠬᠢᠨᠠᠮᠠᠭᠠᠢ᠂ ᠲᠥᠪ ᠭᠤᠣᠯᠴᠢ᠂ ᠣᠨᠣᠪᠴᠢᠲᠠᠢ︾ ᠭᠡᠬᠦ ︽ᠨᠠᠢᠮᠠᠨ | ᠦᠰᠦᠭ︾ ᠤᠨ ᠳᠦᠷᠢᠮ ᠢ ᠵᠢᠷᠤᠮᠯᠠᠵᠤ᠂ ᠲᠠᠰᠤᠯᠤᠯᠲᠠ ᠶᠢ ᠭᠦᠢᠴᠡᠳᠬᠡᠬᠦ ᠳᠤ ᠨᠡᠯᠢᠶᠡᠳ ᠨᠠᠶᠢᠳᠠᠪᠤᠷᠢᠵᠢᠭᠤᠯᠵᠠᠢ᠃ | ᠲᠤᠬᠠᠢ ᠶᠢᠨ ᠲᠠᠯᠠᠪᠤᠷ ᠲᠤ ᠥᠷᠢᠰᠦᠯᠳᠦᠭᠡᠨ ᠢ ᠢᠯᠡᠷᠡᠭᠦᠯᠦᠭᠰᠡᠨ ᠮᠥᠷᠲᠡᠭᠡᠨ ᠪᠠᠰᠠ ᠡᠶ᠎ᠡ ᠵᠣᠬᠢᠴᠠᠯ ᠲᠠᠢ | ᠤᠷᠤᠯᠳᠤᠭᠠᠨ ᠤ ᠠᠭᠤᠷ ᠠᠮᠢᠰᠬᠤᠯ ᠢᠶᠠᠷ ᠪᠢᠯᠬᠠᠵᠤ᠂ ᠬᠥᠮᠥᠰ ᠲᠤ ᠡᠭᠦᠳᠡᠨ ᠪᠥᠮᠪᠦᠭᠡ ᠶᠢᠨ ᠬᠥᠳᠡᠯᠭᠡᠭᠡᠨ ᠤ ᠷᠢᠳᠢ | ᠰᠢᠳᠢ ᠶᠢ ᠮᠡᠳᠡᠷᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠨᠠᠰᠤᠲᠠᠶᠢᠴᠤᠳ ᠤᠨ ᠢᠳᠡᠪᠬᠢᠲᠡᠢ ᠡᠷᠡᠭᠦᠯ ᠥᠭᠡᠳᠡᠷᠬᠡᠭ | ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠦᠭᠰᠡᠨ ᠪᠠᠶᠢᠨ᠎ᠠ᠃ | ︽ᠲᠠᠪᠤᠨ ᠰᠠᠷ᠎ᠠ ᠶᠢᠨ ᠨᠢᠭᠡᠨ ᠤ ᠪᠠᠶᠠᠷ ᠢ ᠤᠭᠲᠤᠬᠤ ᠶᠢᠨ ᠲᠥᠯᠥᠭᠡ᠂ ᠮᠠᠨ ᠤ ᠰᠢᠶᠠᠨ ᠤ | ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠠᠴᠠ ᠡᠨᠡ ᠤᠳᠠᠭ᠎ᠠ ᠶᠢᠨ ᠲᠠᠪᠤᠨ ᠰᠠᠷ᠎ᠠ ᠶᠢᠨ ᠨᠢᠭᠡᠨ ᠤ | ᠡᠭᠦᠳᠡᠨ ᠪᠥᠮᠪᠦᠭᠡ ᠶᠢᠨ ᠤᠷᠤᠯᠳᠤᠭᠠᠨ ᠢ ᠡᠷᠬᠢᠯᠡᠵᠦ᠂ ᠡᠭᠦᠳᠡᠨ ᠪᠥᠮᠪᠦᠭᠡ ᠶᠢᠨ ᠤᠷᠤᠯᠳᠤᠭᠠᠨ ᠢᠶᠠᠷ ᠳᠠᠮᠵᠢᠨ᠂ | ᠨᠠᠰᠤᠲᠠᠶᠢᠴᠤᠳ ᠢ ᠥᠲᠡᠯᠪᠡᠯ ᠬᠢᠬᠦ ᠶᠠᠭᠤᠮ᠎ᠠ ᠲᠠᠢ᠂ ᠪᠠᠶᠠᠷ ᠴᠡᠩᠭᠡᠯ ᠲᠠᠢ᠂ ᠠᠰᠠᠷᠠᠮᠵᠢ ᠲᠠᠢ ᠪᠣᠯᠭᠠᠵᠤ᠂ | ᠨᠠᠰᠤᠲᠠᠶᠢᠴᠤᠳ ᠤᠨ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢ ᠳᠡᠭᠡᠭᠰᠢᠯᠡᠭᠦᠯᠵᠦ᠂ ᠪᠡᠶ᠎ᠡ ᠮᠠᠬᠠᠪᠤᠳ ᠢᠶᠠᠨ ᠳᠠᠪᠲᠠᠨ | ᠪᠣᠯᠪᠠᠰᠤᠷᠠᠭᠤᠯᠬᠤ ᠵᠣᠷᠢᠯᠭ᠎ᠠ ᠳᠤ ᠬᠦᠷᠭᠡᠪᠡ᠃ ᠡᠨᠡ ᠬᠦ ᠤᠷᠤᠯᠳᠤᠭᠠᠨ ᠢᠶᠠᠷ ᠳᠡᠮᠵᠢᠨ᠂ ᠮᠠᠰᠢ ᠣᠯᠠᠨ | ᠨᠠᠰᠤᠲᠠᠶᠢᠴᠤᠳ ᠪᠡᠶ᠎ᠡ ᠮᠠᠬᠠᠪᠤᠳ ᠢᠶᠠᠨ ᠮᠠᠰᠢ ᠰᠠᠶᠢᠨ ᠠᠷᠠᠴᠢᠯᠠᠵᠤ ᠬᠠᠮᠠᠭᠠᠯᠠᠵᠠᠢ᠂ ᠡᠨᠡ ᠪᠣᠯ ᠮᠠᠨ ᠤ ᠬᠠᠮᠤᠭ ᠤᠨ | ᠶᠡᠭᠡ ᠵᠣᠯ ᠵᠢᠷᠭᠠᠯ ᠮᠥᠨ︾ ᠭᠡᠵᠦ ᠲᠣᠭᠲᠠᠬᠤ ᠰᠢᠶᠠᠨ ᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ | ᠨᠡᠶᠢᠭᠡᠮᠯᠢᠭ ᠤᠨ ᠡᠭᠦᠳᠡᠨ ᠪᠥᠮᠪᠦᠭᠡ ᠶᠢᠨ ᠠᠵᠢᠯ ᠤᠨ ᠺᠣᠮᠢᠰ ᠤᠨ ᠳᠡᠳ᠋ ᠡᠷᠬᠢᠯᠡᠭᠴᠢ ᠪᠥᠭᠡᠳ ᠨᠠᠷᠢᠨ ᠪᠢᠴᠢᠭ ᠤᠨ | ᠳᠠᠷᠤᠭ᠎ᠠ ᠰᠢᠶ᠋ᠧ ᠱᠧᠩ ᠰᠤᠷᠪᠤᠯᠵᠢᠯᠠᠭᠴᠢ ᠳᠤ ᠬᠡᠯᠡᠵᠡᠢ᠃ | ᠲᠣᠰ ᠤᠳᠠᠭᠠᠨ ᠤ ᠤᠷᠤᠯᠳᠤᠭᠠᠨ ᠢᠶᠠᠷ ᠳᠡᠮᠵᠢᠨ᠂ ᠨᠠᠰᠤᠲᠠᠶᠢᠴᠤᠳ ᠤᠨ ᠡᠭᠦᠳᠡᠨ ᠪᠥᠮᠪᠦᠭᠡ ᠳᠤ ᠪᠠᠭ᠋ᠠᠲᠠᠢ | ᠬᠥᠮᠥᠰ ᠤᠨ ᠨᠥᠬᠦᠷᠯᠡᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠤᠷᠤᠯᠳᠤᠭᠠᠨ ᠤ ᠬᠢᠷᠢ ᠲᠦᠪᠰᠢᠨ᠂ | ᠤᠷᠤᠯᠳᠤᠭᠠᠨ ᠤ ᠭᠤᠶᠢᠳᠠ ᠰᠠᠶᠢᠬᠠᠨ᠂ ᠤᠷᠤᠯᠳᠤᠭᠠᠨ ᠤ ᠨᠥᠬᠦᠷᠯᠡᠯ᠂ ᠡᠭᠦᠳᠡᠨ ᠪᠥᠮᠪᠦᠭᠡ ᠶᠢᠨ ᠬᠠᠪᠤ ᠴᠡᠩᠭᠡᠯ ᠤᠨ | ᠵᠣᠷᠢᠯᠭ᠎ᠠ ᠳᠤ ᠬᠦᠷᠴᠦ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠤᠯᠲᠠ ᠳᠤ ᠣᠷᠣᠯᠴᠠᠬᠤ | ᠬᠠᠯᠠᠭᠤᠨ ᠰᠡᠳᠬᠢᠯᠭᠡ ᠶᠢ ᠬᠥᠭᠵᠢᠭᠡᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠪᠠ ᠪᠥᠬᠦ ᠠᠷᠠᠳ ᠤᠨ | ᠡᠷᠡᠭᠦᠯ ᠮᠡᠨᠳᠦ ᠶᠢᠨ ᠠᠵᠢᠯ ᠤᠨ ᠭᠦᠨᠵᠡᠭᠡᠢ ᠠᠭᠤᠰᠤᠯᠴᠠᠯ ᠢ ᠠᠬᠢᠭᠤᠯᠤᠭᠰᠠᠨ ᠪᠠᠶᠢᠨ᠎ᠠ᠃ | |