ᠪᠡᠭᠡᠵᠢᠩ ᠤᠨ ᠨᠢᠭᠡ ᠡᠮᠨᠡᠯᠭᠡ ᠶᠢᠨ ᠬᠤᠷᠢᠶᠠᠨ ᠳᠤ ᠭᠠᠯ ᠭᠠᠷᠴᠤ 21 ᠬᠥᠮᠦᠨ ᠵᠣᠯ ᠪᠤᠰᠤ ᠪᠠᠷ ᠠᠳᠡᠪᠡ
ᠨᠡᠶᠢᠲᠡᠯᠡᠭᠰᠡᠨ ᠴᠠᠭ᠄
2023/4/19
      ᠰᠤᠷᠪᠤᠯᠵᠢᠯᠠᠭᠴᠢ ᠪᠡᠭᠡᠵᠢᠩ ᠬᠤᠲᠠ ᠶᠢᠨ ᠹᠧᠩ ᠲᠠᠢ ᠲᠣᠭᠤᠷᠢᠭ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠠᠴᠠ ᠣᠶᠢᠯᠠᠭᠠᠭᠰᠠᠨ ᠢᠶᠠᠷ᠂ 18 ᠤ ᠡᠳᠦᠷ ᠤᠨ 12 ᠴᠠᠭ 57 ᠮᠢᠨᠦ᠋ᠲ ᠲᠤ  ᠹᠧᠩ ᠲᠠᠢ ᠲᠣᠭᠤᠷᠢᠭ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠶᠢᠨ ᠬᠢᠨ᠄ ᠪᠡᠭᠡᠵᠢᠩ ᠤᠨ  ᠴᠠᠩ ᠹᠧᠩ ᠡᠮᠨᠡᠯᠭᠡ ᠶᠢᠨ ᠬᠤᠷᠢᠶᠠᠨ ᠤ ᠡᠮᠨᠡᠯᠭᠡ ᠳᠤ ᠰᠠᠭᠤᠵᠤ ᠡᠮᠴᠢᠯᠡᠭᠦᠯᠳᠡᠭ ᠵᠡᠭᠦᠨ ᠠᠰᠠᠷ ᠲᠤ ᠭᠠᠯ ᠭᠠᠷᠴᠠᠢ ᠬᠡᠰᠡᠨ ᠭᠡᠷᠡᠭ ᠤᠨ ᠮᠡᠳᠡᠬᠦᠯᠦᠯᠳᠡ ᠶᠢ ᠲᠤᠰᠪᠠ᠃ ᠬᠡᠷᠡᠭ ᠤᠨ ᠮᠡᠳᠡᠭᠦᠯᠦᠯᠲᠡ ᠶᠢ ᠳᠤᠰᠤᠭᠰᠠᠨ ᠤ ᠳᠠᠷᠠᠭ᠎ᠠ᠂ ᠭᠠᠯ  ᠤᠨᠲᠠᠷᠠᠭᠠᠬᠤ᠂  ᠳᠣᠲᠣᠭᠠᠳᠤ ᠶᠢ ᠬᠠᠮᠠᠭᠠᠯᠠᠬᠤ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠪᠠᠴᠢᠮ ᠪᠠᠶᠢᠳᠠᠯ ᠢ ᠠᠷᠭᠠᠴᠠᠬᠤ ᠵᠡᠷᠭᠡ ᠰᠠᠯᠠᠭ᠎ᠠ ᠮᠥᠴᠢᠷ ᠳᠠᠷᠤᠶ ᠲᠦᠷᠭᠡᠨ ᠲᠤᠬᠠᠶ ᠶᠢᠨ ᠲᠠᠯᠠᠪᠠᠶ ᠳᠤ ᠬᠦᠷᠴᠦ ᠭᠠᠯ ᠤᠨᠳᠠᠷᠠᠭᠠᠵᠤ ᠠᠪᠤᠷᠠᠨ ᠲᠤᠰᠠᠯᠠᠬᠤ ᠠᠵᠢᠯ ᠢᠶᠠᠨ  ᠡᠬᠢᠯᠡᠬᠦᠯᠪᠡ᠃ 13  ᠴᠠᠭ  33 ᠮᠢᠨᠦ᠋ᠲ ᠤᠨ ᠦᠶ᠎ᠡ ᠪᠠᠷ ᠲᠤᠬᠠᠢ ᠶᠢᠨ ᠲᠠᠯᠠᠪᠠᠢ ᠳᠠᠬᠢ ᠢᠯᠡ ᠭᠠᠯ ᠢ ᠤᠨᠲᠠᠷᠠᠭᠠᠵᠠᠢ᠃ 15 ᠴᠠᠭ 30 ᠮᠢᠨᠦ᠋ᠲ ᠪᠤᠯᠬᠤ ᠳᠤ᠂ ᠲᠤᠬᠠᠶ ᠶᠢᠨ ᠲᠠᠯᠠᠪᠠᠶ ᠳᠠᠬᠢ ᠠᠪᠤᠷᠠᠨ ᠲᠤᠰᠠᠯᠠᠬᠤ ᠠᠵᠢᠯ ᠳᠠᠭᠤᠰᠴᠤ᠂ ᠨᠡᠶᠢᠲᠡ 71 ᠡᠪᠡᠳᠴᠢᠲᠡᠨ ᠢ ᠠᠮᠤᠷ ᠲᠦᠪᠰᠢᠨ ᠭᠠᠵᠠᠷ ᠲᠤ ᠰᠢᠯᠵᠢᠭᠦᠯᠪᠡ᠃ 19 ᠤ ᠡᠳᠣᠷ ᠪᠣᠯᠲᠠᠯ᠎ᠠ᠂ ᠡᠮᠨᠡᠯᠭᠡ ᠠᠴᠠ ᠰᠢᠯᠵᠢᠬᠦᠯᠦᠨ ᠠᠪᠤᠷᠠᠨ ᠲᠤᠰᠠᠯᠠᠬᠰᠠᠨ ᠬᠦᠮᠦᠨ ᠤ ᠲᠤᠳᠤᠷᠠᠬᠢ 29 ᠬᠥᠮᠦᠨ ᠵᠣᠯ ᠪᠤᠰᠤ ᠪᠠᠷ ᠠᠳᠡᠵᠡᠢ᠃ ᠤᠳᠤ ᠠᠳᠡᠯ ᠤᠨ ᠰᠢᠯᠲᠠᠭᠠᠨ ᠢ ᠴᠢᠨᠠᠬᠰᠢᠳᠠ ᠪᠠᠶᠢᠴᠠᠭᠠᠵᠤ ᠪᠠᠶᠢᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1