2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶᠠᠨ ᠤ ︽ᠪᠦᠬᠦ ᠠᠷᠠᠳ ᠢᠶᠠᠷ ᠢᠶᠠᠨ ᠨᠣᠮ ᠪᠢᠴᠢᠭ ᠤᠩᠰᠢᠬᠤ ᠶᠢ ᠰᠠᠨᠠᠭᠠᠴᠢᠯᠠᠵᠤ᠂ ᠪᠢᠴᠢᠭ ᠤᠨ | ᠰᠤᠷᠪᠤᠯᠵᠢᠲᠤ ᠨᠡᠶᠢᠭᠡᠮ ᠢ ᠪᠦᠲᠦᠭᠡᠨ ᠪᠠᠶᠢᠭᠤᠯᠬᠤ︾ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ | ᠲᠤᠤᠱᠯᠠᠭᠤᠯᠤᠨ ᠨᠠᠶᠢᠳᠠᠪᠦᠷᠢᠵᠢᠭᠤᠯᠵᠦ᠂ ᠥᠷᠭᠡᠨ ᠣᠯᠠᠨ ᠠᠵᠢᠯᠲᠠᠨ ᠠᠵᠢᠯᠴᠢᠨ ᠤ ᠰᠢᠨ᠎ᠡ ᠴᠠᠭ ᠦᠶ᠎ᠡ ᠳᠤ | ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠬᠤ ᠶᠢ ᠤᠯᠠᠮ ᠨᠢᠭᠡ ᠠᠯᠬᠤᠮ ᠬᠥᠲᠥᠯᠥᠨ ᠵᠢᠯᠤᠭᠤᠳᠴᠤ᠂ | ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠨ ᠭᠠᠪᠢᠶ᠎ᠠ ᠪᠠᠶᠢᠭᠤᠯᠵᠤ ᠦᠢᠯᠡᠰ ᠪᠦᠲᠦᠭᠡᠬᠦ ᠶᠢ ᠵᠤᠷᠢᠭᠵᠢᠭᠤᠯᠬᠤ ᠶᠢᠨ | ᠲᠦᠯᠦᠭᠡ᠂ ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠠᠴᠠ ᠲᠣᠭᠲᠠᠬᠤ ᠰᠢᠶᠠᠨ ᠤ ᠡᠮᠡᠭᠲᠡᠶᠢᠴᠦᠳ ᠤᠨ | ᠬᠤᠯᠪᠣᠭ᠎ᠠ᠂ ᠲᠣᠭᠲᠠᠬᠤ ᠰᠢᠶᠠᠨ ᠤ ᠤᠳᠬ᠎ᠠ ᠵᠣᠬᠢᠶᠠᠯ ᠤᠷᠠᠯᠢᠭ ᠤᠨ ᠬᠢᠨ ᠤ ᠬᠤᠯᠪᠣᠭ᠎ᠠ ᠲᠠᠢ ᠬᠠᠮᠲᠤᠷᠠᠨ ︽ | ᠳᠤᠮᠳᠠᠳᠤ ᠶᠢᠨ ᠵᠡᠭᠦᠳᠦ · ᠬᠥᠳᠡᠯᠮᠦᠷᠢ ᠭᠤᠸ᠎ᠠ ᠰᠠᠶᠢᠬᠠᠨ ︱ ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ | ᠱᠤᠭᠤᠵᠤ ᠨᠠᠮ ᠢᠶᠠᠨ ᠲᠠᠭᠠᠵᠦ᠂ ᠰᠢᠨ᠎ᠡ ᠴᠠᠭ ᠦᠶ᠎ᠡ ᠳᠤ ᠡᠷᠡᠯᠬᠡᠭᠯᠡᠨ ᠲᠡᠮᠡᠴᠡᠶ᠎ᠡ︾ ᠪᠠᠷ ᠭᠤᠣᠯ ᠰᠡᠳᠦᠪ ᠪᠣᠯᠭᠠᠭᠰᠠᠨ | ᠪᠦᠬᠦ ᠰᠢᠶᠠᠨ ᠤ ᠠᠵᠢᠯᠲᠠᠨ ᠠᠵᠢᠯᠴᠢᠨ ᠤ ᠵᠣᠬᠢᠶᠠᠯ ᠡᠯᠰᠡᠬᠦ ᠤᠷᠤᠯᠳᠤᠭᠠᠨ ᠤ ᠠᠵᠢᠯᠯᠠᠭ᠎ᠠ ᠶᠢ ᠥᠷᠨᠢᠭᠦᠯᠬᠦ ᠪᠠᠷ | ᠲᠣᠭᠲᠠᠪᠠ᠂ ᠪᠣᠳᠠᠲᠠᠢ ᠪᠠᠷ ᠳᠣᠣᠷᠠᠬᠢ ᠮᠡᠲᠦ ᠮᠡᠳᠡᠭᠳᠡᠶ᠎ᠡ᠄ | ᠨᠢᠭᠡ᠂ ᠡᠯᠰᠡᠬᠦ ᠵᠣᠷᠢᠯᠭ᠎ᠠ | ᠡᠬᠡ ᠪᠢᠴᠢᠭ ᠡᠯᠰᠡᠬᠦ ᠤᠷᠤᠯᠳᠤᠭᠠᠨ ᠤ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠠᠵᠢᠯᠲᠠᠨ | ᠠᠵᠢᠯᠴᠢᠨ ᠤ ᠨᠣᠮ ᠤᠩᠰᠢᠬᠤ ᠶᠢ ᠬᠥᠲᠥᠯᠥᠨ ᠳᠠᠭᠠᠭᠤᠯᠵᠤ᠂ ᠤᠩᠰᠢᠯᠭ᠎ᠠ ᠶᠢᠨ ᠵᠣᠷᠢᠭ ᠰᠠᠨᠠᠭ᠎ᠠ ᠶᠢ ᠳᠠᠮᠵᠢᠭᠤᠯᠵᠤ᠂ | ᠤᠩᠰᠢᠯᠭ᠎ᠠ ᠶᠢᠨ ᠳᠤᠮᠳᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠦᠨᠵᠡᠭᠡᠢ ᠠᠭᠤᠯᠤᠭᠳᠠᠬᠤᠨ ᠢ ᠣᠶᠢᠯᠠᠭᠠᠵᠤ᠂ ᠠᠵᠢᠯᠲᠠᠨ ᠠᠵᠢᠯᠴᠢᠨ ᠤ | ᠦᠵᠡᠯ ᠰᠠᠨᠠᠭ᠎ᠠ ᠤᠯᠤᠰ ᠲᠦᠷᠦ ᠶᠢᠨ ᠬᠡᠪ ᠴᠢᠨᠠᠷ ᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠥᠷᠭᠡᠨ ᠤᠯᠠᠨ | ᠠᠵᠢᠯᠲᠠᠨ ᠠᠵᠢᠯᠴᠢᠨ ᠢ ᠨᠡᠩ ᠤᠯᠠᠨ ᠵᠣᠯ ᠵᠢᠷᠭᠠᠯᠲᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠲᠠᠢ ᠪᠣᠯᠭᠠᠵᠤ᠂ | ᠠᠵᠢᠯ ᠤᠨ ᠳᠤᠮᠳᠠ ᠪᠠᠨ ᠤᠭ ᠰᠠᠨᠠᠭ᠎ᠠ ᠪᠠᠨ ᠦᠯᠦ ᠮᠠᠷᠲᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ | ᠬᠦᠰᠡᠯ ᠵᠡᠭᠦᠳᠦ ᠲᠠᠢ᠂ ᠡᠭᠦᠷᠭᠡ ᠬᠠᠷᠢᠭᠤᠴᠠᠯᠭ᠎ᠠ ᠲᠠᠢ᠂ ᠵᠢᠳᠬᠦᠯ ᠴᠢᠷᠮᠠᠶᠢᠯᠭ᠎ᠠ ᠲᠠᠢ ᠪᠣᠯᠭᠠᠵᠤ᠂ ᠦᠨᠳᠦᠰᠦᠲᠡᠨ ᠤ | ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠬᠦ ᠰᠢᠨ᠎ᠡ ᠴᠠᠭ ᠦᠶ᠎ᠡ ᠶᠢᠨ ᠪᠦᠷᠢᠯᠳᠦᠭᠦᠨ ᠪᠤᠯᠭᠠᠨ᠎ᠠ᠃ | ᠬᠤᠶᠠᠷ᠂ ᠡᠯᠰᠡᠬᠦ ᠭᠤᠣᠯ ᠰᠡᠳᠦᠪ | ︽ᠳᠤᠮᠳᠠᠳᠤ ᠶᠢᠨ ᠵᠡᠭᠦᠳᠦ · ᠬᠥᠳᠡᠯᠮᠦᠷᠢ ᠭᠤᠸ᠎ᠠ ᠰᠠᠶᠢᠬᠠᠨ ︱ ᠰᠡᠳᠬᠢᠯ ᠢᠶᠠᠨ ᠨᠢᠭᠡᠳᠬᠡᠵᠦ ᠰᠦᠭ | ᠰᠦᠨᠡᠰᠦ ᠪᠠᠨ ᠱᠤᠭᠤᠵᠤ ᠨᠠᠮ ᠢᠶᠠᠨ ᠲᠠᠭᠠᠵᠥ᠂ ᠰᠢᠨ᠎ᠡ ᠴᠠᠭ ᠦᠶ᠎ᠡ ᠳᠤ ᠡᠷᠡᠯᠬᠡᠭᠯᠡᠨ ᠲᠡᠮᠡᠴᠡᠶ᠎ᠡ︾ | ᠭᠤᠷᠪᠠ᠂ ᠡᠯᠰᠡᠬᠦ ᠴᠠᠭ | 2023 ᠣᠨ ᠤ 4 ᠳ᠋ᠤᠭᠡᠷ ᠰᠠᠷ᠎ᠠ ᠶᠢᠨ 18 ᠤ ᠡᠳᠦᠷ | ᠳᠥᠷᠪᠡ᠂ ᠡᠯᠰᠡᠬᠦ ᠡᠲᠡᠭᠡᠳ | ᠡᠬᠡ ᠪᠢᠴᠢᠭ ᠡᠯᠰᠡᠬᠦ ᠤᠷᠤᠯᠳᠤᠭᠠᠨ ᠳᠤ ᠣᠷᠣᠯᠴᠠᠬᠤ ᠠᠵᠢᠯᠲᠠᠨ ᠠᠵᠢᠯᠴᠢᠨ᠄ ᠲᠣᠭᠲᠠᠬᠤ ᠰᠢᠶᠠᠨ ᠤ | ᠰᠢᠶᠠᠨ ᠤ ᠬᠡᠪᠴᠢᠶᠡᠨ ᠳᠤ ᠠᠮᠢᠳᠤᠷᠠᠵᠤ ᠠᠵᠢᠯᠯᠠᠵᠤ ᠪᠠᠶᠢᠭ᠎ᠠ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠡ ᠶᠢᠨ ᠠᠵᠢᠯ ᠳᠤ ᠪᠠᠶᠢᠭ᠎ᠠ ᠠᠵᠢᠯᠲᠠᠨ ᠠᠵᠢᠯᠴᠢᠨ ᠪᠠ ᠪᠤᠰᠤᠳ ᠨᠡᠶᠢᠭᠡᠮ ᠤᠨ ᠤᠳᠬ᠎ᠠ ᠵᠣᠬᠢᠶᠠᠯ ᠳᠤ | ᠪᠠᠭ᠋ᠠᠲᠠᠢ ᠬᠥᠮᠥᠰ᠃ | ᠲᠠᠪᠤ᠂ ᠡᠬᠡ ᠪᠢᠴᠢᠭ ᠡᠯᠰᠡᠬᠦ ᠱᠠᠭᠠᠷᠳᠠᠯᠭ᠎ᠠ | 1᠂ ᠪᠦᠲᠦᠭᠡᠯ ᠨᠢ ︽ᠳᠤᠮᠳᠠᠳᠤ ᠶᠢᠨ ᠵᠡᠭᠦᠳᠦ · ᠬᠥᠳᠡᠯᠮᠦᠷᠢ ᠭᠤᠸ᠎ᠠ ᠰᠠᠶᠢᠬᠠᠨ ︱ ᠰᠡᠳᠬᠢᠯ ᠢᠶᠠᠨ | ᠨᠢᠭᠡᠳᠬᠡᠨ ᠰᠦᠭ ᠰᠦᠨᠡᠰᠦ ᠪᠠᠨ ᠱᠤᠭᠤᠵᠤ ᠨᠠᠮ ᠢᠶᠠᠨ ᠳᠠᠭᠠᠵᠤ᠂ ᠰᠢᠨ᠎ᠡ ᠴᠠᠭ ᠦᠶ᠎ᠡ ᠪᠠᠨ ᠡᠷᠡᠯᠬᠡᠭᠯᠡᠨ ᠲᠡᠮᠡᠴᠡᠶ᠎ᠡ︾ | ᠭᠡᠬᠦ ᠭᠤᠣᠯ ᠰᠡᠳᠦᠪ ᠤᠨ ᠲᠣᠭᠤᠷᠢᠨ ᠳᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠨ ᠲᠤᠤᠱᠯᠠᠭᠤᠯᠬᠤ ᠪᠠᠷ ᠠᠴᠢᠶᠠᠯᠠᠪᠤᠷᠢ ᠪᠣᠯᠭᠠᠵᠤ᠂ ᠨᠠᠮ ᠤᠨ ᠬᠡᠷᠡᠯ ᠰᠠᠴᠤᠷᠠᠩᠭᠤᠢ ᠭᠠᠪᠢᠶ᠎ᠠ ᠵᠢᠳᠬᠦᠯ ᠳᠤ | ᠠᠩᠬᠠᠷᠤᠯ ᠢᠶᠠᠨ ᠲᠥᠪᠯᠡᠷᠡᠭᠦᠯᠦᠨ᠂ ᠨᠠᠮ ᠢᠶᠠᠨ ᠬᠠᠶᠢᠷᠠᠯᠠᠬᠤ ᠰᠡᠳᠬᠢᠯᠭᠡ ᠶᠢ ᠮᠠᠭᠲᠠᠨ ᠲᠠᠭᠤᠯᠤᠨᠠ᠃ ᠡᠷᠡᠯᠬᠡᠭᠯᠡᠨ | ᠤᠷᠤᠭᠰᠢᠯᠠᠬᠤ ᠰᠢᠨ᠎ᠡ ᠠᠶᠠᠨ ᠵᠠᠮ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠦᠢᠯᠡᠳᠦᠯᠭᠡ ᠶᠢᠨ ᠪᠣᠳᠣᠯᠬᠢᠯᠠᠯ | ᠪᠠ ᠠᠤᠭ᠎ᠠ ᠵᠣᠷᠢᠭ ᠣᠮᠤᠭ ᠵᠣᠷᠢᠭ ᠢ ᠪᠢᠴᠢᠭᠯᠡᠨ ᠲᠡᠮᠳᠡᠭᠯᠡᠵᠦ ᠪᠣᠯᠣᠨ᠎ᠠ︔ ᠨᠤᠲᠤᠭ ᠤᠨ ᠢᠶᠠᠨ ᠰᠢᠨ᠎ᠡ ᠴᠠᠭ ᠦᠶ᠎ᠡ | ᠰᠢᠨ᠎ᠡ ᠠᠶᠠᠨ ᠵᠠᠮ ᠳᠠᠬᠢ ᠠᠭᠤᠤ ᠶᠡᠭᠡ ᠦᠢᠯᠡᠳᠦᠯᠭᠡ ᠪᠣᠯᠣᠨ ᠤᠶᠤᠨ ᠰᠠᠨᠠᠭᠠᠨ ᠤ ᠳᠦᠷᠰᠦ ᠪᠠᠶᠢᠳᠠᠯ ᠵᠢᠴᠢ ᠡᠯ᠎ᠡ | ᠠᠵᠢᠯ ᠲᠦᠷᠦᠯ ᠤᠨ ᠡᠳᠦᠷ ᠢᠷᠡᠬᠦᠶ᠎ᠡ ᠰᠢᠨᠡᠳᠴᠦ ᠪᠠᠶᠢᠭ᠎ᠠ ᠯᠤᠲᠤ ᠶᠡᠭᠡ ᠬᠤᠪᠢᠷᠠᠯᠲᠠ ᠶᠢ ᠪᠢᠴᠢᠭᠯᠡᠨ ᠲᠡᠮᠳᠡᠭᠯᠡᠨ᠎ᠡ︔ | ᠡᠰᠡᠬᠦᠯ᠎ᠡ ᠥᠪᠡᠷ ᠤᠨ ᠪᠡᠶ᠎ᠡ ᠪᠣᠯᠣᠨ ᠳᠡᠷᠭᠡᠳᠡᠬᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠰᠢᠨ᠎ᠡ ᠬᠥᠮᠥᠨ᠂ | ᠰᠢᠨ᠎ᠡ ᠦᠯᠢᠭᠡᠷ ᠢ ᠲᠤᠭᠤᠷᠪᠢᠵᠤ᠂ ᠠᠮᠢᠳᠤᠯᠢᠭ ᠳᠦᠷᠰᠦᠯᠢᠭ ᠦᠭᠡ ᠬᠡᠯᠡ ᠪᠠᠷ ᠰᠢᠨ᠎ᠡ ᠴᠠᠭ ᠦᠶ᠎ᠡ ᠶᠢᠨ ᠠᠵᠢᠯᠲᠠᠨ | ᠠᠵᠢᠯᠴᠢᠨ ᠤ ᠢᠲᠡᠭᠡᠯ ᠲᠠᠢ᠂ ᠶᠣᠰᠣ ᠰᠤᠷᠲᠠᠬᠤᠨ ᠢ ᠬᠦᠨᠳᠦᠳᠬᠡᠬᠦ᠂ ᠬᠤᠪᠢ ᠨᠡᠮᠡᠷᠢ ᠦᠵᠡᠭᠦᠯᠬᠦ ᠶᠢ ᠡᠷᠬᠢᠮᠯᠡᠬᠦ᠂ | ᠪᠣᠳᠠᠲᠠᠢ ᠠᠵᠢᠯᠯᠠᠬᠤ ᠶᠢ ᠴᠢᠬᠤᠯᠠᠴᠢᠯᠠᠬᠤ᠂ ᠤᠷᠤᠭᠰᠢᠯᠠᠨ ᠲᠠᠪᠰᠢᠬᠤ ᠪᠠᠷ ᠴᠢᠷᠮᠠᠶᠢᠬᠤ ᠰᠢᠨ᠎ᠡ ᠳᠦᠷᠰᠦ ᠪᠠᠶᠢᠳᠠᠯ᠂ | ᠰᠢᠨ᠎ᠡ ᠵᠢᠳᠬᠦᠯ ᠴᠢᠷᠮᠠᠶᠢᠯᠭ᠎ᠠ ᠪᠠ ᠰᠢᠨ᠎ᠡ ᠳᠦᠷᠰᠦ ᠪᠠᠶᠢᠳᠠᠯ ᠢ ᠢᠯᠡᠷᠡᠭᠦᠯᠦᠨ᠎ᠡ᠃ | 2᠂ ᠰᠡᠳᠦᠪ ᠢᠶᠠᠨ ᠥᠪᠡᠷ ᠢᠶᠠᠨ ᠲᠤᠭᠤᠷᠪᠢᠵᠤ᠂ ᠭᠤᠣᠯ ᠰᠡᠳᠦᠪ ᠨᠢ ᠲᠣᠳᠣᠷᠬᠠᠢ᠂ ᠦᠵᠡᠯᠲᠡ ᠨᠢ ᠵᠥᠪ᠂ | ᠶᠣᠰᠣ ᠤᠴᠢᠷ ᠢ ᠨᠡᠪᠲᠡᠷᠬᠡᠢ ᠶᠠᠷᠢᠬᠤ᠃ ᠰᠲ᠋ᠢᠯᠢ᠂ ᠨᠠᠶᠢᠷᠠᠭᠤᠯᠤᠯ᠂ ᠦᠯᠢᠭᠡᠷ᠂ ᠰᠢᠯᠦᠭ ᠵᠡᠷᠭᠡ ᠶᠢ ᠬᠢᠵᠠᠭᠠᠷᠯᠠᠬᠤ | ᠦᠭᠡᠢ ᠪᠦᠷ ᠪᠣᠯᠣᠨ᠎ᠠ᠃ ᠦᠰᠦᠭ ᠤᠨ ᠲᠤᠭ᠎ᠠ ᠨᠢ 3000 ᠣᠷᠴᠢᠮ ᠪᠠᠶᠢᠪᠠᠯ ᠵᠣᠬᠢᠨ᠎ᠠ᠂ ᠪᠦᠲᠦᠭᠡᠯ ᠳᠤᠨᠢ | ᠤᠯᠤᠰ ᠤᠨ ᠬᠠᠤᠯᠢ ᠲᠣᠭᠲᠠᠭᠠᠯ ᠪᠠ ᠦᠨᠳᠦᠰᠦᠲᠡᠨ ᠱᠠᠰᠢᠨ ᠰᠤᠷᠲᠠᠬᠤᠨ ᠠᠴᠠ ᠵᠥᠷᠢᠴᠡᠭᠰᠡᠨ ᠠᠭᠤᠯᠭ᠎ᠠ ᠵᠢᠴᠢ | ᠦᠭᠡ ᠶᠠᠷᠢᠶ᠎ᠠ ᠭᠠᠷᠴᠤ ᠪᠣᠯᠬᠤ ᠦᠭᠡᠢ᠂ ᠬᠥᠮᠥᠨ ᠪᠠ ᠬᠡᠷᠡᠭ ᠶᠠᠪᠤᠳᠠᠯ ᠳᠤ ᠬᠤᠯᠪᠣᠭᠳᠠᠪᠠᠯ ᠡᠷᠬᠡᠪᠰᠢ ᠦᠨᠡᠨ ᠠᠴᠠ | ᠵᠥᠪ ᠢ ᠡᠷᠢᠵᠦ᠂ ᠬᠤᠳᠠᠯ ᠬᠠᠭᠤᠷᠮᠠᠭ ᠢᠶᠠᠷ ᠵᠣᠬᠢᠶᠠᠬᠤ ᠶᠢ ᠲᠠᠰᠤ ᠵᠣᠭᠰᠤᠭᠠᠬᠤ ᠬᠡᠷᠡᠭᠲᠡᠢ᠃ | 3᠂ ᠪᠦᠲᠦᠭᠡᠯ ᠨᠢ ᠡᠷᠬᠡᠪᠰᠢ ᠤᠭ ᠪᠦᠲᠦᠭᠡᠯ ᠪᠠᠶᠢᠬᠤ ᠬᠡᠷᠡᠭᠲᠡᠢ᠂ ᠬᠠᠭᠤᠯᠬᠤ ᠶᠢ ᠴᠢᠩᠭ᠎ᠠ ᠴᠠᠭᠠᠵᠠᠯᠠᠨ᠎ᠠ᠃ | ᠵᠢᠱᠢᠶᠡᠯᠡᠪᠡᠯ ᠵᠣᠬᠢᠶᠠᠯ ᠪᠦᠲᠦᠭᠡᠯ ᠤᠨ ᠡᠷᠬᠡ᠂ ᠬᠡᠪᠯᠡᠯ ᠤᠨ ᠡᠷᠬᠡ ᠶᠢᠨ ᠵᠢᠭᠤᠷᠠᠯᠳᠤᠭᠠᠨ ᠵᠡᠷᠭᠡ ᠳᠤ ᠬᠤᠯᠪᠣᠭᠳᠠᠭᠰᠠᠨ | ᠬᠠᠤᠯᠢ ᠴᠠᠭᠠᠵᠠ ᠶᠢᠨ ᠠᠰᠠᠭᠤᠳᠠᠯ ᠢ ᠵᠣᠬᠢᠶᠠᠭᠴᠢ ᠥᠪᠡᠷ ᠢᠶᠠᠨ ᠬᠠᠷᠢᠭᠤᠴᠠᠨ᠎ᠠ᠃ ᠰᠣᠨᠢᠨ ᠰᠡᠳᠬᠦᠯ ᠳᠡᠭᠡᠷ᠎ᠡ | ᠨᠢᠭᠡᠨᠲᠡ ᠨᠡᠶᠢᠲᠡᠯᠡᠭᠰᠡᠨ ᠪᠠ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠤᠨ ᠤᠳᠠᠭ᠎ᠠ ᠪᠦᠷᠢ ᠶᠢᠨ ᠡᠬᠡ ᠪᠢᠴᠢᠭ | ᠡᠯᠰᠡᠬᠦ ᠤᠷᠤᠯᠳᠤᠭᠠᠨ ᠳᠤ ᠣᠷᠣᠯᠴᠠᠭᠰᠠᠨ ᠡᠬᠡ ᠪᠢᠴᠢᠭ ᠢ ᠲᠡᠬᠢᠵᠦ ᠡᠬᠡ ᠪᠢᠴᠢᠭ ᠥᠭᠴᠦ ᠪᠣᠯᠬᠤ ᠤᠶᠢᠭᠡᠢ᠃ | ᠵᠣᠬᠢᠶᠠᠯ ᠤᠨ ᠨᠥᠯᠥᠭᠡᠯᠡᠬᠦ ᠬᠦᠴᠦᠨ ᠪᠠ ᠪᠢᠰᠢᠷᠡᠭᠦᠯᠬᠦ ᠬᠦᠴᠦᠨ ᠢ ᠨᠡᠮᠡᠭᠳᠡᠭᠦᠯᠬᠦ ᠶᠢᠨ ᠲᠥᠯᠥᠭᠡ ᠬᠤᠯᠪᠣᠭᠳᠠᠯ | ᠪᠦᠬᠦᠢ ᠵᠢᠷᠤᠭ ᠢ ᠲᠦᠭᠡᠭᠡᠨ ᠲᠠᠷᠬᠠᠭᠠᠵᠤ᠂ ᠵᠢᠷᠤᠭ ᠪᠢᠴᠢᠭ ᠢ ᠬᠤᠣᠰᠯᠠᠭᠤᠯᠵᠤ ᠪᠣᠯᠣᠨ᠎ᠠ᠃ | 4᠂ ᠵᠣᠬᠢᠶᠠᠭᠴᠢ ᠨᠢᠭᠡᠪᠦᠷᠢ ᠶᠢᠨ ᠰᠲ᠋ᠢᠯᠢ ᠶᠢᠨ ᠢᠯᠭᠠᠯ ᠤᠶᠢᠭᠡᠢ ᠪᠠᠷ ᠵᠥᠪᠬᠡᠨ ᠨᠢᠭᠡ ᠯᠡ ᠬᠤᠪᠢ ᠡᠬᠡ | ᠪᠢᠴᠢᠭ ᠥᠭᠬᠦ ᠪᠠᠷ ᠬᠢᠵᠠᠭᠠᠷᠯᠠᠨ᠎ᠠ᠂ ᠬᠠᠩᠭᠠᠭᠰᠠᠨ ᠪᠦᠲᠦᠭᠡᠯ ᠳᠤᠨᠢ ᠴᠥᠮ ᠦᠨᠡᠨ ᠣᠪᠣᠭ ᠨᠡᠷ᠎ᠡ ᠶᠢ ᠨᠢ ᠬᠡᠷᠡᠭᠯᠡᠨ᠎ᠡ | ᠃ ᠡᠬᠡ ᠪᠢᠴᠢᠭ ᠤᠨ ᠪᠦᠲᠦᠭᠡᠯ ᠢ ︽ᠪᠦᠲᠦᠭᠡᠯ ᠤᠨ ᠨᠡᠷᠡᠶᠢᠳᠦᠯ + ᠨᠢᠭᠡᠴᠢ ᠶᠢᠨ ᠲᠣᠪᠴᠢ ᠨᠡᠷᠡᠶᠢᠳᠦᠯ + | ᠵᠣᠬᠢᠶᠠᠭᠴᠢ ᠶᠢᠨ ᠣᠪᠣᠭ ᠨᠡᠷ᠎ᠡ + ᠬᠠᠷᠢᠯᠴᠠᠬᠤ ᠠᠷᠭ᠎ᠠ ᠬᠡᠯᠪᠡᠷᠢ︾ ᠭᠡᠵᠦ ᠨᠡᠷᠡᠯᠡᠬᠦ ᠬᠡᠷᠡᠭᠲᠡᠢ᠃ ᠳᠡᠭᠡᠭᠰᠢ | ᠮᠡᠳᠡᠭᠦᠯᠦᠭᠰᠡᠨ ᠪᠦᠲᠦᠭᠡᠯ ᠤᠨ ᠮᠡᠳᠡᠭᠡ ᠵᠠᠩᠭᠢ ᠨᠢ ᠪᠦᠷᠢᠨ ᠪᠤᠰᠤ ᠪᠤᠶᠤ ᠪᠤᠷᠤᠭᠤ ᠲᠠᠢ ᠪᠠᠶᠢᠪᠠᠯ ᠠᠳᠠᠯᠢᠳᠬᠠᠨ | ᠰᠢᠯᠭᠠᠷᠠᠭᠤᠯᠬᠤ ᠳᠤ ᠣᠷᠣᠯᠴᠠᠬᠤ ᠪᠠᠨ ᠰᠠᠨᠠᠭᠠᠴᠢᠯᠠᠭ᠎ᠠ ᠠᠴᠠ ᠪᠠᠨ ᠬᠠᠶᠠᠭᠰᠠᠨ ᠢᠶᠠᠷ ᠦᠵᠡᠨ᠎ᠡ᠃ | 5᠂ ᠲᠣᠰ ᠤᠳᠠᠭᠠᠨ ᠤ ᠡᠬᠡ ᠪᠢᠴᠢᠭ ᠡᠯᠰᠡᠬᠦ ᠠᠵᠢᠯᠯᠠᠭ᠎ᠠ ᠳᠤ ᠶᠠᠮᠠᠷ ᠴᠤ ᠵᠠᠷᠤᠳᠠᠯ ᠬᠤᠷᠢᠶᠠᠬᠤ ᠦᠭᠡᠢ᠃ | ᠪᠦᠲᠦᠭᠡᠯ ᠢ ᠪᠤᠴᠠᠭᠠᠬᠤ ᠦᠭᠡᠢ᠂ ᠭᠤᠣᠯᠯᠠᠨ ᠡᠷᠭᠢᠯᠡᠭᠰᠡᠨ ᠨᠢᠭᠡᠴᠡ ᠨᠢ ᠪᠦᠲᠦᠭᠡᠯ ᠤᠨ ᠬᠡᠪᠯᠡᠯ ᠤᠨ ᠡᠷᠬᠡ ᠲᠠᠢ᠂ | ᠨᠡᠶᠢᠲᠡᠯᠡᠬᠦ᠂ ᠬᠡᠪᠯᠡᠭᠦᠯᠬᠦ᠂ ᠳᠡᠯᠭᠡᠨ ᠦᠵᠡᠭᠦᠯᠬᠦ᠂ ᠰᠦᠯᠵᠢᠶ᠎ᠡ ᠪᠠᠷ ᠤᠬᠠᠭᠤᠯᠬᠤ ᠵᠡᠷᠭᠡ ᠶᠢ ᠬᠢᠵᠦ ᠪᠣᠯᠣᠨ᠎ᠠ᠃ ᠡᠬᠡ | ᠪᠢᠴᠢᠭ ᠢᠶᠠᠨ ᠥᠭᠬᠦ ᠲᠠᠢ ᠵᠡᠷᠭᠡ ᠵᠣᠬᠢᠶᠠᠭᠴᠢ ᠨᠢᠭᠡᠨᠲᠡ ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ᠂ | ᠲᠣᠭᠲᠠᠬᠤ ᠰᠢᠶᠠᠨ ᠤ ᠡᠮᠡᠭᠲᠡᠶᠢᠴᠦᠳ ᠤᠨ ᠬᠤᠯᠪᠤᠭ᠎ᠠ ᠪᠣᠯᠣᠨ ᠲᠣᠭᠲᠠᠬᠤ ᠰᠢᠶᠠᠨ ᠤ ᠤᠳᠬ᠎ᠠ ᠤᠷᠠᠯᠢᠭ ᠤᠨ | ᠬᠢᠨ ᠤ ᠬᠤᠯᠪᠤᠭ᠎ᠠ ᠨᠡᠶᠢᠲᠡᠯᠡᠬᠦ ᠶᠢ ᠵᠥᠪᠰᠢᠶᠡᠷᠡᠬᠦ ᠡᠷᠬᠡ ᠣᠯᠭᠤᠭᠰᠠᠨ ᠭᠡᠵᠦ ᠦᠵᠡᠨ᠎ᠡ᠃ | 6᠂ ᠡᠬᠡ ᠪᠢᠴᠢᠭ ᠶᠠᠪᠤᠭᠤᠯᠬᠤ ᠠᠷᠭ᠎ᠠ ᠮᠠᠶ᠋ᠢᠭ᠄ ᠡᠬᠡ ᠪᠢᠴᠢᠭ ᠶᠠᠪᠤᠭᠤᠯᠬᠤ ᠠᠵᠢᠯᠲᠠᠨ ᠡᠬᠡ ᠪᠢᠴᠢᠭ | ᠡᠯᠰᠡᠬᠦ ᠠᠵᠢᠯᠯᠠᠭ᠎ᠠ ᠶᠢᠨ ᠨᠡᠷ᠎ᠡ ᠮᠡᠳᠡᠭᠦᠯᠬᠦ ᠬᠦᠰᠦᠨᠦᠭᠲᠦ ᠶᠢ ᠲᠠᠭᠯᠠᠨ ᠪᠢᠴᠢᠬᠦ ᠶᠢᠨ ᠬᠠᠮᠲᠤ᠂ ᠨᠡᠷ᠎ᠡ ᠮᠡᠳᠡᠭᠦᠯᠬᠦ | ᠬᠦᠰᠦᠨᠦᠭᠲᠦ ᠶᠢ ᠪᠦᠲᠦᠭᠡᠯ ᠳᠡᠭᠡᠷ᠎ᠡ ᠪᠠᠨ ᠳᠠᠭᠠᠯᠳᠤᠭᠤᠯᠬᠤ ᠬᠡᠷᠡᠭᠲᠡᠢ᠃ ᠴᠠᠭᠠᠰᠤᠨ ᠬᠡᠪᠯᠡᠯ ᠢ ᠲᠣᠭᠲᠠᠬᠤ ᠰᠢᠶᠠᠨ ᠤ | ᠠᠵᠢᠯᠴᠢᠨ ᠤ ᠶᠡᠷᠦᠩᠬᠡᠢ ᠡᠪᠯᠡᠯ ᠤᠨ ᠠᠵᠢᠯᠴᠢᠨ ᠤ ᠰᠣᠶᠣᠯ ᠤᠨ ᠣᠷᠳᠣᠨ ᠤ ᠭᠤᠷᠪᠠᠳᠤᠭᠠᠷ ᠳᠠᠪᠬᠤᠷᠯᠢᠭ ᠤᠨ | ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠠᠯᠪᠠᠯᠠᠬᠤ ᠲᠣᠭᠤᠷᠢᠭ ᠤᠨ ᠶᠡᠷᠦᠩᠬᠡᠶᠢᠯᠡᠭᠰᠡᠨ ᠠᠯᠪᠠᠨ ᠭᠡᠷ ᠲᠤ ᠮᠡᠳᠡᠭᠦᠯᠦᠨ | ᠬᠦᠷᠭᠡᠵᠦ᠂ ᠡᠯᠧᠺᠲᠷᠣᠨ ᠬᠡᠪᠯᠡᠯ ᠢ ᠰᠢᠤᠳᠠᠨ ᠤ ᠬᠠᠶᠢᠷᠴᠠᠭ ᠲᠤ᠄ tktxzghngb@126.com ᠬᠦᠷᠭᠡᠨ᠎ᠡ᠃ | | ᠵᠢᠷᠭᠤᠭ᠎ᠠ᠂ ᠰᠢᠯᠭᠠᠷᠠᠭᠤᠯᠬᠤ ᠵᠢᠴᠢ ᠱᠠᠩᠨᠠᠯ ᠤᠨ ᠵᠦᠢᠯ ᠤᠨ ᠲᠣᠬᠢᠷᠠᠭᠤᠯᠤᠯᠲᠠ | 1᠂ ᠲᠣᠰ ᠤᠳᠠᠭᠠᠨ ᠤ ᠠᠵᠢᠯᠯᠠᠭ᠎ᠠ ᠳᠤ ᠲᠤᠰᠬᠠᠢ ᠮᠡᠷᠭᠡᠵᠢᠯ ᠤᠨ ᠠᠵᠢᠯᠲᠠᠨ ᠢᠶᠠᠷ ᠪᠦᠷᠢᠯᠳᠦᠭᠰᠡᠨ | ᠰᠢᠯᠭᠠᠷᠠᠭᠤᠯᠬᠤ ᠺᠣᠮᠢᠰ ᠪᠠᠶᠢᠭᠤᠯᠵᠤ᠂ ᠡᠷᠬᠡ ᠲᠡᠭᠰᠢ ᠲᠥᠪ ᠭᠤᠣᠯᠴᠢ ᠪᠠᠶᠢᠬᠤ ᠵᠠᠷᠴᠢᠮ ᠶᠣᠰᠣᠭᠠᠷ᠂ | ᠰᠢᠯᠭᠠᠷᠠᠭᠤᠯᠬᠤ ᠺᠣᠮᠢᠰ ᠤᠨ ᠰᠦᠯᠵᠢᠶᠡᠨ ᠭᠠᠳᠠᠨ᠎ᠠ ᠬᠢᠨᠠᠨ ᠲᠣᠭᠲᠠᠭᠠᠬᠤ᠂ ᠲᠥᠪᠯᠡᠷᠡᠭᠦᠯᠦᠨ ᠬᠢᠨᠠᠨ ᠲᠣᠭᠲᠠᠭᠠᠬᠤ | ᠬᠡᠯᠪᠡᠷᠢ ᠪᠠᠷ ᠰᠢᠯᠭᠠᠷᠠᠭᠤᠯᠤᠨ᠎ᠠ᠃ | 2᠂ ᠲᠣᠰ ᠤᠳᠠᠭᠠᠨ ᠤ ᠰᠢᠯᠭᠠᠷᠠᠭᠤᠯᠤᠯᠲᠠ ᠳᠤ ᠨᠢᠭᠡᠳᠦᠭᠡᠷ ᠳᠡᠰ ᠤᠨ ᠱᠠᠩᠨᠠᠯ᠂ ᠬᠤᠶᠠᠳᠤᠭᠠᠷ ᠳᠡᠰ ᠤᠨ | ᠱᠠᠩᠨᠠᠯ᠂ ᠭᠤᠷᠪᠠᠳᠤᠭᠠᠷ ᠳᠡᠰ ᠤᠨ ᠱᠠᠩᠨᠠᠯ ᠵᠢᠴᠢ ᠰᠢᠯᠢᠳᠡᠭ ᠱᠠᠩᠨᠠᠯ ᠢ ᠡᠳᠦᠢ ᠲᠡᠳᠦᠢ ᠲᠣᠬᠢᠷᠠᠭᠤᠯᠤᠨ᠎ᠠ᠃ | ᠬᠠᠷᠢᠯᠴᠠᠬᠤ ᠬᠥᠮᠥᠨ᠄ ᠵᠠᠩ ᠬᠤᠩ ᠵᠢᠤᠸᠠᠨ | ᠬᠠᠷᠢᠯᠴᠠᠬᠤ ᠤᠲᠠᠰᠤ᠄ 8512484 | |