4 ᠰᠠᠷ᠎ᠠ ᠶᠢᠨ 9 ᠤ ᠡᠳᠦᠷ ᠪᠣᠯ ᠣᠯᠠᠨ ᠤᠯᠤᠰ ᠤᠨ ᠬᠤᠳᠣᠭᠤᠳᠤ ᠶᠢ ᠬᠠᠮᠠᠭᠠᠯᠠᠬᠤ ᠡᠳᠦᠷ | ᠪᠣᠯᠣᠨ᠎ᠠ᠂ ᠠᠮᠢᠳᠤᠷᠠᠯ ᠤᠨ ᠠᠶᠢᠵᠠᠮ ᠤᠨ ᠲᠦᠷᠭᠡᠳᠬᠦ ᠶᠢ ᠳᠠᠭᠠᠯᠳᠤᠨ᠂ ᠮᠠᠰᠢ ᠣᠯᠠᠨ ᠬᠥᠮᠥᠨ ᠤ ᠢᠳᠡᠭᠡᠨ | ᠤᠮᠳᠠᠭᠠᠨ ᠨᠢ ᠵᠢᠮ᠎ᠡ ᠬᠡᠮ ᠢᠶᠠᠨ ᠠᠯᠲᠠᠵᠤ᠂ ᠬᠤᠳᠣᠭᠤᠳᠤᠨ ᠤ ᠡᠪᠡᠳᠴᠢᠨ ᠳᠤ ᠨᠡᠷᠪᠡᠭᠲᠡᠭᠰᠡᠳ ᠨᠢ ᠶᠠᠪᠤᠬᠤ | ᠲᠤᠲᠤᠮ ᠣᠯᠠᠨ ᠬᠠᠷᠠᠭᠳᠠᠳᠠᠭ ᠪᠣᠯᠵᠠᠢ᠃ ᠴᠣᠬᠤᠮ ᠶᠠᠮᠠᠷ ᠳᠠᠳᠬᠠᠯ ᠨᠢ ᠬᠤᠳᠣᠭᠤᠳᠤ ᠶᠢ ᠭᠡᠮᠲᠦᠭᠡᠳᠡᠭ ᠪᠣᠢ︖ | ᠬᠡᠷᠬᠢᠨ ᠬᠤᠳᠣᠭᠤᠳᠤ ᠪᠠᠨ ᠬᠠᠮᠠᠭᠠᠯᠠᠬᠤ ᠪᠣᠢ︖ | ᠪᠦᠷᠢᠳᠬᠡᠯ ᠢ ᠦᠨᠳᠦᠰᠦᠯᠡᠪᠡᠯ᠂ ᠮᠠᠨ ᠤ ᠤᠯᠤᠰ ᠤᠨ ᠬᠤᠳᠣᠭᠤᠳᠤᠨ ᠡᠪᠡᠳᠴᠢᠨ ᠤ ᠡᠭᠦᠰᠬᠦ ᠨᠣᠷᠮ᠎ᠠ | 85% ᠳᠤ ᠬᠦᠷᠴᠡᠢ᠃ 2022 ᠣᠨ ᠤ ᠪᠥᠬᠦ ᠤᠯᠤᠰ ᠤᠨ ᠥᠮᠡᠨ ᠡᠪᠡᠳᠴᠢᠨ ᠤ ᠮᠡᠳᠡᠭᠦᠯᠦᠯᠲᠡ ᠳᠤ ᠵᠢᠭᠠᠵᠤ | ᠭᠠᠷᠭᠠᠭᠰᠠᠨ ᠨᠢ᠂ ᠮᠠᠨ ᠤ ᠤᠯᠤᠰ ᠤᠨ ᠵᠢᠯ ᠪᠦᠷᠢ ᠶᠢᠨ ᠰᠢᠨ᠎ᠡ ᠪᠠᠷ ᠡᠭᠦᠰᠬᠦ ᠬᠤᠳᠣᠭᠤᠳᠤᠨ ᠥᠮᠡᠨ ᠪᠠᠷᠤᠭ 39. | 7 ᠲᠦᠮᠡ ᠳᠤ ᠬᠦᠷᠴᠦ᠂ ᠪᠣᠶ ᠪᠦᠬᠦᠢ ᠬᠠᠪᠤᠳᠠᠷ ᠤᠨ ᠳᠣᠲᠣᠷ᠎ᠠ ᠭᠤᠷᠪᠠᠳᠤᠭᠠᠷ ᠲᠤ ᠵᠢᠭᠰᠠᠭᠠᠭᠳᠠᠵᠤ ᠪᠣᠶ᠂ | ᠡᠭᠦᠨ ᠳᠤ ᠡᠷᠡᠭᠲᠡᠶᠢᠴᠦᠳ ᠨᠢ ᠡᠮᠡᠭᠲᠡᠶᠢᠴᠦᠳ ᠠᠴᠠ ᠢᠯᠡᠳᠲᠡ ᠥᠨᠳᠥᠷ ᠪᠠᠶᠢᠨ᠎ᠠ᠃ | ᠡᠪᠡᠳᠴᠢᠨ ᠡᠭᠦᠰᠬᠦ ᠨᠣᠷᠮ᠎ᠠ ᠪᠠ ᠦᠬᠦᠬᠦ ᠨᠣᠷᠮ᠎ᠠ ᠠᠴᠠ ᠠᠪᠴᠤ ᠦᠵᠡᠪᠡᠯ᠂ ᠬᠤᠳᠣᠭᠤᠳᠤᠨ ᠥᠮᠡᠨ | ᠶᠡᠷᠦᠩᠬᠡᠢ ᠳᠡᠭᠡᠨ ᠳᠣᠷᠣᠭᠰᠢᠯᠠᠬᠤ ᠬᠠᠨᠳᠤᠰᠢ ᠲᠠᠢ ᠪᠠᠶᠢᠨ᠎ᠠ᠃ ᠵᠠᠷᠢᠮ ᠰᠤᠳᠤᠯᠭᠠᠨ ᠳᠤ ᠢᠯᠡᠷᠡᠭᠦᠯᠦᠭᠰᠡᠨ ᠢᠶᠠᠷ᠂ | ᠬᠤᠳᠣᠭᠤᠳᠤᠨᠥᠮᠡᠨ ᠤ ᠬᠤᠳᠣᠭᠤᠳᠤᠨ ᠳᠤᠷᠠᠨ ᠤ ᠪᠠᠶᠢᠴᠠᠭᠠᠯᠲᠠ ᠶᠢ ᠡᠷᠲᠡᠬᠡᠨ ᠬᠢᠬᠦ ᠨᠢ ᠬᠤᠳᠣᠭᠤᠳᠤᠨ | ᠥᠮᠡᠨ ᠤ ᠦᠬᠦᠬᠦ ᠨᠣᠷᠮ᠎ᠠ ᠶᠢ ᠶᠡᠭᠡ ᠪᠠᠷ ᠪᠠᠭᠤᠷᠠᠭᠤᠯᠬᠤ ᠳᠤ ᠠᠰᠢᠭᠲᠠᠢ ᠶᠤᠮ᠃ ᠡᠮᠴᠢ ᠶᠢᠨ | ᠰᠠᠨᠠᠭᠤᠯᠤᠭᠰᠠᠨ ᠢᠶᠠᠷ᠂ ᠣᠳᠣᠬᠠᠨ ᠳᠤ ᠬᠤᠳᠣᠭᠤᠳᠤᠨ ᠮᠤᠬᠤᠷ ᠤᠨ ᠱᠤᠷᠠᠭ ᠪᠠᠭᠠᠨᠠᠲᠤ ᠪᠠᠺᠲ᠋ᠧᠷᠢ ᠶᠢᠨ | ᠬᠠᠯᠳᠠᠪᠤᠷᠢᠯᠠᠯ ᠢ ᠣᠨᠴᠠᠭᠠᠶᠢᠯᠠᠨ ᠰᠡᠷᠡᠮᠵᠢᠯᠡᠬᠦ ᠬᠡᠷᠡᠭᠲᠡᠢ᠃ | |