ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠪᠣᠯ | ᠲᠠᠷᠢᠶᠠᠴᠢᠳ ᠢ ᠲᠤᠬᠠᠢ ᠶᠢᠨ ᠭᠠᠵᠠᠷ ᠲᠤᠨᠢ ᠤᠳᠤ ᠦᠶ᠎ᠡ ᠶᠢᠨ ᠪᠣᠯᠪᠠᠰᠤᠨ ᠠᠮᠢᠳᠤᠷᠠᠯ ᠲᠠᠢ ᠪᠣᠯᠭᠠᠬᠤ ᠴᠢᠬᠤᠯᠠ | ᠠᠷᠭ᠎ᠠ ᠬᠡᠮᠵᠢᠶ᠎ᠡ ᠮᠥᠨ᠃ ᠣᠳᠣᠬᠠᠨ ᠳᠤ᠂ ᠮᠠᠨ ᠤ ᠰᠢᠶᠠᠨ ᠤ ᠡᠯ᠎ᠡ ᠪᠠᠯᠭᠠᠰᠤ᠂ ᠬᠠᠲᠤᠨ ᠭᠤᠣᠯ ᠤᠨ ᠨᠤᠭᠤ | ᠭᠠᠵᠠᠷ ᠢ ᠬᠠᠮᠢᠶᠠᠷᠤᠨ ᠬᠠᠮᠠᠭᠠᠯᠠᠬᠤ ᠲᠥᠪ ᠶᠠᠭ ᠪᠥᠬᠦ ᠰᠢᠶᠠᠨ ᠤ ᠬᠥᠳᠡᠭᠡ ᠲᠣᠰᠬᠤᠨ ᠤ ᠣᠷᠣᠰᠢᠨ ᠰᠠᠭᠤᠬᠤ | ᠣᠷᠴᠢᠨ ᠨᠥᠬᠦᠴᠡᠯ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠬᠥᠳᠡᠭᠡ | ᠲᠣᠰᠬᠤᠨ ᠤ ᠣᠷᠴᠢᠨ ᠠᠬᠤᠢ ᠶᠢᠨ ᠠᠰᠠᠭᠤᠳᠠᠯ ᠢ ᠶᠡᠭᠡ ᠪᠠᠷ ᠰᠢᠢᠳᠪᠦᠷᠢᠯᠡᠬᠦ᠂ ᠳᠦᠷᠰᠦ ᠪᠠᠶᠢᠳᠠᠯ ᠢ ᠶᠡᠭᠡ ᠪᠠᠷ | ᠰᠠᠶᠢᠵᠢᠷᠠᠭᠤᠯᠬᠤ᠂ ᠶᠠᠰᠤ ᠴᠢᠨᠠᠷ ᠢ ᠶᠡᠭᠡ ᠪᠠᠷ ᠳᠡᠭᠡᠭᠰᠢᠯᠡᠭᠦᠯᠬᠦ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ | ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ | ᠲᠦᠷᠭᠡᠪᠴᠢᠯᠡᠨ ᠪᠦᠲᠦᠭᠡᠨ ᠪᠠᠶᠢᠭᠤᠯᠵᠤ ᠪᠠᠶᠢᠨ᠎ᠠ᠃ ᠲᠠᠪᠢᠨ ᠭᠡᠷ ᠪᠠᠯᠭᠠᠰᠤᠨ ᠤ ᠰᠢᠷ᠎ᠠ ᠤᠰᠤ ᠲᠣᠰᠬᠤᠨ ᠳᠤ | ᠬᠦᠷᠬᠦ ᠳᠤ᠂ ᠲᠤᠰ ᠲᠣᠰᠬᠤᠨ ᠤ ᠵᠡᠭᠡᠯᠢ ᠭᠤᠳᠤᠮᠵᠢ ᠨᠢ ᠵᠢᠭᠳᠡ᠂ ᠠᠷᠤ ᠥᠪᠥᠷ ᠢᠶᠠᠷ ᠢᠶᠠᠨ ᠴᠡᠪᠡᠷ ᠴᠡᠮᠴᠡᠭᠡᠷ᠂ | ᠤᠢ ᠮᠣᠳᠣ ᠬᠥᠬᠡᠷᠡᠨ ᠨᠣᠭᠤᠭᠠᠷᠠᠵᠤ᠂ ᠡᠪᠡᠰᠦ ᠴᠡᠴᠡᠭ ᠪᠠᠳᠠᠷᠠᠨ ᠳᠡᠯᠭᠡᠷᠡᠵᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠭᠤᠶᠤ ᠰᠠᠶᠢᠬᠠᠨ ᠵᠢᠷᠤᠭ ᠢ ᠪᠦᠷᠢᠯᠳᠦᠭᠦᠯᠦᠭᠰᠡᠨ ᠢ ᠣᠯᠵᠤ ᠬᠠᠷᠠᠨ᠎ᠠ᠃ | | | | | | | | ᠣᠶᠢᠷ᠎ᠠ ᠶᠢᠨ ᠵᠢᠯ ᠠᠴᠠ᠂ ᠰᠢᠷ᠎ᠠ ᠤᠰᠤ ᠲᠣᠰᠬᠤᠨ ᠤ ᠬᠢᠨ ᠳᠡᠭᠡᠳᠦ ᠱᠠᠲᠤᠨ ᠤ ᠡᠬᠢ ᠪᠠᠶᠠᠯᠢᠭ ᠢ | ᠢᠳᠡᠪᠬᠢᠲᠡᠢ ᠲᠡᠮᠡᠴᠡᠨ ᠣᠯᠬᠤ ᠪᠠ ᠲᠤᠰ ᠲᠣᠰᠬᠤᠨ ᠤ ᠪᠠᠨ ᠬᠤᠭ ᠨᠣᠪᠰᠢ ᠶᠢ ᠴᠡᠪᠡᠷᠯᠡᠬᠦ ᠳᠦᠷᠢᠮ ᠢ | ᠲᠣᠭᠲᠠᠭᠠᠬᠤ ᠪᠠᠷ ᠳᠠᠮᠵᠢᠭᠤᠯᠵᠤ᠂ ᠬᠤᠭ ᠨᠣᠪᠰᠢ ᠶᠢ ᠳᠤᠷ᠎ᠠ ᠪᠠᠷ ᠢᠶᠠᠨ ᠣᠪᠣᠭᠠᠯᠠᠬᠤ ᠦᠭᠡᠢ᠂ ᠴᠡᠪᠡᠷᠯᠡᠬᠦ ᠳᠤ | ᠬᠠᠮᠢᠶᠠᠷᠬᠤ ᠬᠥᠮᠥᠨ ᠲᠠᠢ ᠰᠠᠶᠢᠨ ᠰᠠᠶᠢᠬᠠᠨ ᠠᠵᠢᠯᠯᠠᠭᠠᠨ ᠤ ᠲᠣᠭᠲᠠᠴᠠ ᠶᠢ ᠠᠯᠬᠤᠮ ᠠᠯᠬᠤᠮ ᠢᠶᠠᠷ | ᠪᠦᠷᠢᠯᠳᠦᠭᠦᠯᠵᠡᠢ᠃ ᠪᠥᠬᠦ ᠲᠣᠰᠬᠤᠨ ᠳᠤ ᠣᠲᠣ 5 ᠬᠤᠭ ᠨᠣᠪᠰᠢ ᠬᠠᠳᠠᠭᠠᠯᠠᠵᠤ᠂ ᠲᠣᠰᠬᠤᠨ ᠤ ᠬᠤᠶᠠᠷ | ᠵᠥᠪᠯᠡᠯ ᠤᠨ ᠪᠦᠷᠢᠯᠳᠦᠭᠦᠨ ᠤ ᠬᠡᠰᠡᠭ ᠳᠠᠭᠠᠭᠠᠴᠢᠯᠠᠨ ᠬᠠᠮᠢᠶᠠᠷᠬᠤ ᠳᠦᠷᠢᠮ ᠢ ᠲᠣᠭᠲᠠᠭᠠᠵᠤ᠂ ᠲᠣᠭᠲᠠᠮᠠᠯ | ᠬᠤᠭᠤᠴᠠᠭ᠎ᠠ ᠲᠠᠢ ᠪᠠᠷ ᠬᠠᠮᠲᠤ ᠶᠢᠨ ᠡᠳ᠋ ᠬᠥᠷᠥᠩᠭᠡ ᠶᠢᠨ ᠠᠴᠢᠶᠠᠯᠠᠪᠤᠷᠢ ᠶᠢᠨ ᠮᠠᠰᠢᠨ ᠢᠶᠠᠷ ᠴᠡᠪᠡᠷᠯᠡᠪᠡ᠃ 40 | ᠲᠦᠮᠡᠨ ᠲᠥᠭᠦᠷᠢᠭ ᠤᠨ ᠪᠡᠯᠡ ᠣᠷᠣᠭᠤᠯᠵᠤ᠂ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ | ᠰᠢᠢᠳᠪᠦᠷᠢᠯᠡᠬᠦ ᠥᠷᠲᠡᠭᠡ ᠨᠢᠭᠡ᠂ ᠤᠰᠤ ᠪᠠᠷ ᠤᠬᠢᠶᠠᠬᠤ ᠵᠣᠷᠯᠣᠩ ᠬᠤᠶᠠᠷ ᠪᠠᠶᠢᠭᠤᠯᠪᠠ᠃ 3.8 ᠲᠦᠮᠡᠨ | ᠲᠥᠭᠦᠷᠢᠭ ᠤᠨ ᠪᠡᠯᠡ ᠮᠥᠩᠭᠦ ᠣᠯᠵᠤ ᠪᠠᠶᠢᠭᠠᠳ ᠪᠣᠬᠢᠷ ᠤᠰᠤ ᠲᠠᠲᠠᠬᠤ 1 ᠲᠡᠷᠭᠡ ᠬᠤᠳᠠᠯᠳᠤᠨ ᠠᠪᠴᠤ᠂ ᠪᠦᠬᠦ | ᠲᠣᠰᠬᠤᠨ ᠤ ᠬᠤᠭ ᠨᠣᠪᠰᠢ᠂ ᠪᠣᠬᠢᠷ ᠤᠰᠤ ᠰᠢᠢᠳᠪᠦᠷᠢᠯᠡᠬᠦ ᠴᠢᠳᠠᠪᠤᠷᠢ ᠨᠢᠭᠡᠨᠲᠡ ᠪᠦᠬᠦ ᠪᠠᠯᠭᠠᠰᠤᠨ ᠤ ᠡᠮᠦᠨ᠎ᠡ | ᠡᠩᠨᠡᠭᠡᠨ ᠳᠤ ᠣᠷᠣᠵᠠᠢ᠃ | | | | | ︽ᠪᠢᠳᠡ ᠴᠡᠪᠡᠷᠯᠡᠭᠴᠢ 4 ᠬᠥᠮᠥᠨ ᠲᠣᠬᠢᠷᠠᠭᠤᠯᠵᠤ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠴᠡᠪᠡᠷᠯᠡᠵᠦ᠂ | ᠬᠤᠭ ᠨᠣᠪᠰᠢ ᠶᠢ ᠬᠠᠳᠠᠭᠠᠯᠠᠬᠤ ᠦᠭᠡᠢ ᠪᠠᠶᠢᠬᠤ ᠶᠢ ᠡᠷᠡᠰ ᠪᠡᠶᠡᠯᠡᠭᠦᠯᠵᠦ᠂ ᠲᠣᠰᠬᠤᠨ ᠤ ᠠᠷᠠᠳ ᠤᠨ ᠬᠢᠭᠰᠡᠨ | ᠪᠠᠶᠢᠪᠠᠯ ᠬᠤᠪᠢ ᠬᠤᠷᠠᠮᠳᠤᠭᠤᠯᠵᠤ᠂ ᠬᠤᠪᠢ ᠬᠤᠷᠠᠮᠳᠤᠭᠤᠯᠵᠤ ᠪᠡᠯᠡᠭ ᠰᠡᠯᠲᠡ ᠰᠣᠯᠢᠵᠤ ᠪᠣᠯᠣᠨ᠎ᠠ᠂ ᠣᠲᠣ ᠶᠢᠨ | ᠪᠥᠬᠦ ᠲᠣᠰᠬᠤᠨ ᠤ ᠪᠠᠶᠢᠩᠭᠤ ᠰᠠᠭᠤᠭ᠎ᠠ ᠬᠥᠮᠥᠨ ᠠᠮᠠ ᠶᠢᠨ 95% ᠠᠴᠠ ᠳᠡᠭᠡᠭᠰᠢᠬᠢ ᠶᠢ ᠪᠡᠶᠡᠯᠡᠭᠦᠯᠵᠦ᠂ 2019 | ᠣᠨ ᠠᠴᠠ ᠡᠬᠢᠯᠡᠨ ᠲᠣᠰᠬᠤᠨ ᠤ ᠠᠷᠠᠳ ᠤᠨ ᠵᠥᠪᠯᠡᠯ ᠤᠨ ᠤᠬᠠᠭᠤᠯᠭ᠎ᠠ ᠪᠠ ᠳᠠᠶᠢᠴᠢᠯᠠᠯᠲᠠ ᠪᠠᠷ ᠳᠡᠮᠵᠢᠨ᠂ | ᠲᠣᠰᠬᠤᠨ ᠤ ᠠᠷᠠᠳ ᠤᠨ ᠣᠷᠴᠢᠨ ᠠᠬᠤᠢ ᠶᠢᠨ ᠬᠠᠮᠠᠭᠠᠯᠠᠯᠲᠠ ᠶᠢᠨ ᠲᠤᠬᠠᠢ ᠲᠠᠨᠢᠯᠲᠠ ᠨᠢ ᠴᠥᠮ ᠳᠡᠭᠡᠭᠰᠢᠯᠡᠭᠰᠡᠨ | ᠪᠠᠶᠢᠨ᠎ᠠ︾ ᠭᠡᠵᠦ ᠰᠢᠷ᠎ᠠ ᠤᠰᠤ ᠲᠣᠰᠬᠤᠨ ᠤ ᠨᠠᠮ ᠤᠨ ᠡᠭᠦᠷ ᠤᠨ ᠱᠦᠵᠢ᠂ ᠡᠷᠬᠢᠯᠡᠭᠴᠢ ᠬᠡᠯᠡᠪᠡ᠃ | | | | | ᠣᠳᠣᠬᠠᠨ ᠳᠤ᠂ ᠰᠢᠷ᠎ᠠ ᠤᠰᠤ ᠪᠦᠬᠦ ᠲᠣᠰᠬᠤᠨ ᠤ 5 ᠭᠤᠣᠯ ᠵᠠᠮ ᠵᠢᠴᠢ 16 ᠨᠠᠷᠢᠨ ᠭᠤᠳᠤᠮᠵᠢ ᠶᠢᠨ | ᠵᠠᠮ ᠢ ᠦᠨᠳᠦᠰᠦᠨ ᠳᠡᠭᠡᠨ ᠬᠠᠲᠠᠭᠤᠷᠠᠭᠤᠯᠵᠤ᠂ ᠪᠦᠬᠦ ᠲᠣᠰᠬᠤᠨ ᠤ ᠶᠠᠪᠤᠵᠤ ᠰᠠᠭᠤᠬᠤ᠂ ᠠᠮᠢ ᠠᠬᠤᠢ ᠶᠢᠨ | ᠣᠷᠴᠢᠨ ᠲᠣᠭᠤᠷᠢᠨ᠂ ᠠᠮᠤᠷ ᠠᠮᠤᠭᠤᠯᠠᠩ ᠣᠷᠣᠰᠢᠨ ᠰᠠᠭᠤᠬᠤ ᠳᠤ ᠲᠣᠬᠢᠷᠠᠮᠵᠢᠲᠠᠢ ᠵᠡᠷᠭᠡ ᠲᠠᠯ᠎ᠠ ᠪᠠᠷ ᠢᠯᠡᠳᠲᠡ | ᠰᠠᠶᠢᠵᠢᠷᠠᠯᠲᠠ ᠲᠠᠢ ᠪᠣᠯᠵᠠᠢ᠃ | ᠰᠢᠷ᠎ᠠ ᠤᠰᠤ ᠭᠤᠤ ᠲᠣᠰᠬᠤᠨ ᠪᠠᠰᠠ ᠢᠳᠡᠪᠬᠢᠲᠡᠢ ᠪᠠᠷ ᠪᠡᠯᠡ ᠣᠷᠣᠭᠤᠯᠤᠨ ᠤᠢ ᠵᠢᠮᠢᠰ ᠤᠨ ᠮᠣᠳᠣ | ᠲᠠᠷᠢᠵᠦ᠂ ᠪᠦᠬᠦ ᠲᠣᠰᠬᠤᠨ ᠤ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠤᠷᠮ᠎ᠠ 68% ᠳᠤ ᠬᠦᠷᠴᠦ᠂ ᠲᠦᠷᠦᠯ | ᠵᠦᠢᠯ ᠤᠨ ᠣᠯᠠᠩᠬᠢ ᠨᠢ ᠲᠤᠭᠤᠷ᠂ ᠬᠦᠢᠯᠡᠰᠦ᠂ ᠤᠯᠠᠭᠠᠨ ᠭᠦᠢᠯᠡᠰᠦ ᠪᠣᠯᠣᠨ ᠳᠠᠯᠠᠢ ᠶᠢᠨ ᠤᠯᠠᠭᠠᠨ ᠵᠡᠷᠭᠡ | ᠮᠣᠳᠣᠨ ᠤ ᠲᠦᠷᠦᠯ ᠪᠠᠶᠢᠨ᠎ᠠ᠃ ᠡᠭᠦᠨ ᠳᠤ᠂ ᠨᠢᠭᠡᠨᠲᠡ 12 ᠮᠦ ᠶᠡᠭᠡ ᠲᠠᠯᠠᠪᠠᠢ ᠲᠠᠢ ᠤᠷᠭᠤᠮᠠᠯ ᠤᠨ ᠴᠡᠴᠡᠷᠯᠢᠭ ᠢ | ᠪᠠᠶᠢᠭᠤᠯᠵᠤ᠂ ᠵᠡᠭᠡᠯᠢ ᠳᠠᠭᠠᠤ 15 ᠮᠦ ᠰᠢᠬᠠᠮ ᠠᠭᠤᠯᠠᠨ ᠲᠤᠭᠤᠷ ᠤᠨ ᠤᠢ ᠳᠠᠷᠢᠵᠠᠢ᠃ | ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠣᠯ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠬᠠᠲᠠᠭᠤ | ᠳᠠᠶᠢᠯᠠᠯᠳᠤᠭᠠᠨ ᠪᠣᠯᠣᠨ᠎ᠠ᠃ ᠰᠢᠷ᠎ᠡ ᠤᠰᠤ ᠲᠣᠰᠬᠤᠨ ᠨᠢ ᠬᠥᠳᠡᠭᠡ ᠲᠣᠰᠬᠤᠨ ᠤ ᠬᠤᠭ ᠨᠣᠪᠰᠢ ᠶᠢ ᠵᠠᠰᠠᠬᠤ᠂ | ᠠᠮᠢᠳᠤᠷᠠᠯ ᠤᠨ ᠵᠠᠩ ᠳᠠᠳᠬᠠᠯ ᠢ ᠰᠠᠶᠢᠵᠢᠷᠠᠭᠤᠯᠬᠤ᠂ ᠲᠣᠰᠬᠤᠨ ᠤ ᠳᠦᠷᠰᠦ ᠪᠠᠶᠢᠳᠠᠯ ᠢ ᠳᠡᠭᠡᠭᠰᠢᠯᠡᠭᠦᠯᠬᠦ ᠪᠠᠷ | ᠭᠤᠣᠯ ᠠᠭᠤᠯᠭ᠎ᠠ ᠪᠣᠯᠭᠠᠵᠤ᠂ ᠡᠬᠢ ᠪᠠᠶᠠᠯᠢᠭ ᠢ ᠦᠷᠭᠦᠯᠵᠢᠯᠡᠨ ᠡᠮᠬᠢᠯᠡᠨ ᠨᠡᠶᠢᠯᠡᠭᠦᠯᠵᠦ᠂ ᠠᠭᠤᠯᠤᠭᠳᠠᠬᠤᠨ ᠢ | ᠤᠷᠲᠤᠳᠬᠠᠨ᠂ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ᠂ ᠶᠡᠭᠡ ᠡᠷᠴᠢᠮ᠂ ᠪᠣᠳᠠᠲᠠᠢ ᠠᠷᠭ᠎ᠠ ᠬᠡᠮᠵᠢᠶ᠎ᠡ ᠪᠠᠷ | ᠬᠥᠳᠡᠭᠡ ᠲᠣᠰᠬᠤᠨ ᠢ ᠴᠡᠪᠡᠷᠰᠢᠭᠦᠯᠬᠦ᠂ ᠨᠣᠭᠤᠭᠠᠷᠠᠭᠤᠯᠬᠤ᠂ ᠭᠤᠶᠣᠵᠢᠭᠤᠯᠬᠤ᠂ ᠭᠡᠷᠡᠯᠲᠦᠭᠦᠯᠬᠦ᠂ ᠬᠠᠲᠠᠭᠤᠷᠠᠭᠤᠯᠬᠤ | ᠂ ᠪᠠᠶᠢᠩᠭᠤᠵᠢᠭᠤᠯᠬᠤ ᠶᠢ ᠪᠥᠬᠦ ᠲᠠᠯ᠎ᠠ ᠪᠠᠷ ᠬᠡᠷᠡᠭᠵᠢᠭᠦᠯᠦᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ | ᠬᠥᠳᠡᠯᠭᠡᠭᠡᠨ᠂ ᠲᠣᠰᠬᠤᠨ ᠤ ᠳᠦᠷᠰᠦ ᠪᠠᠶᠢᠳᠠᠯ ᠢ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠴᠡᠪᠡᠷ | ᠲᠡᠭᠰᠢ᠂ ᠭᠤᠶᠢᠳᠠ ᠰᠠᠶᠢᠬᠠᠨ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠵᠤ᠂ ᠲᠣᠰᠬᠤᠨ ᠤ ᠱᠠᠲᠤᠨ ᠤ | ᠶᠡᠷᠦᠩᠬᠡᠶᠢᠯᠡᠨ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠡᠭᠦᠨ ᠤ | ᠬᠠᠮᠲᠤ ᠲᠣᠰᠬᠤᠨ ᠤ ᠠᠷᠠᠳ ᠤᠨ ᠡᠷᠡᠭᠦᠯ ᠰᠠᠷᠠᠭᠤᠯ ᠪᠣᠯᠪᠠᠰᠤᠨ ᠠᠮᠢᠳᠤᠷᠠᠯ ᠤᠨ ᠵᠠᠩ ᠳᠠᠳᠬᠠᠯ ᠢ ᠦᠷᠭᠦᠯᠵᠢᠯᠡᠨ | ᠬᠥᠮᠥᠵᠢᠭᠦᠯᠵᠦ᠂ ᠲᠣᠰᠬᠤᠨ ᠤ ᠠᠷᠠᠳ ᠤᠨ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠠᠭᠠᠯᠠᠮᠵᠢᠲᠠᠢ᠂ | ᠡᠷᠡᠭᠦᠯ ᠰᠠᠷᠠᠭᠤᠯ ᠪᠣᠯᠪᠠᠰᠤᠨ ᠬᠥᠳᠡᠭᠡ ᠲᠣᠰᠬᠤᠨ ᠢ ᠬᠠᠮᠲᠤᠪᠠᠷ ᠪᠦᠲᠦᠭᠡᠨ ᠪᠠᠶᠢᠭᠤᠯᠬᠤ ᠶᠢ ᠵᠣᠷᠢᠭᠵᠢᠭᠤᠯᠤᠨ᠎ᠠ᠃ |