ᠲᠤᠭᠳᠠᠬᠤ ᠰᠢᠶᠠᠨ ᠤ ᠱᠦ ᠭᠤᠸᠠᠩ ᠬᠡᠦᠬᠡᠳ ᠤᠨ ᠴᠡᠴᠡᠷᠯᠢᠭ ᠭᠡᠷ ᠤᠨ ᠠᠬᠠᠮᠠᠳ ᠤᠨ ᠨᠡᠭᠡᠭᠡᠯᠲᠡᠲᠤ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/4/21
      ᠭᠡᠷ ᠤᠨ ᠠᠬᠠᠮᠠᠳ ᠲᠤ ᠬᠡᠦᠬᠡᠳ ᠤᠨ ᠴᠡᠴᠡᠷᠯᠢᠭ ᠲᠠᠬᠢ ᠰᠤᠷᠤᠯᠭ᠎ᠠ ᠠᠮᠢᠳᠤᠷᠠᠯ ᠤᠨ ᠪᠠᠶᠢᠳᠠᠯ ᠢ ᠨᠠᠩ ᠰᠠᠶᠢᠨ ᠣᠶᠢᠯᠠᠭᠠᠭᠤᠯᠵᠤ᠂ ᠭᠡᠷ ᠤᠨ ᠠᠬᠠᠮᠠᠳ ᠢ ᠬᠠᠪᠰᠤᠷᠤᠨ ᠲᠠᠰᠤᠷᠠᠯᠲᠠ ᠦᠭᠡᠢ ᠰᠢᠨ᠎ᠡ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠲᠠᠢ ᠪᠣᠯᠭᠠᠵᠤ᠂ ᠬᠡᠦᠬᠡᠳ ᠤᠨ ᠴᠡᠴᠡᠷᠯᠢᠭ᠂ ᠪᠠᠭᠰᠢ᠂ ᠭᠡᠷ ᠤᠨ ᠠᠬᠠᠮᠠᠳ ᠤᠨ ᠬᠤᠭᠤᠷᠣᠨᠳᠣᠬᠢ ᠬᠠᠷᠢᠯᠴᠠᠭ᠎ᠠ ᠪᠠ ᠨᠡᠪᠲᠡᠷᠡᠯᠴᠡᠭᠡ ᠶᠢ ᠨᠡᠮᠡᠭᠳᠡᠭᠦᠯᠦᠨ᠂ ᠭᠡᠷ ᠣᠷᠣᠨ ᠢᠶᠠᠨ ᠬᠠᠮᠲᠤ ᠪᠠᠷ ᠴᠡᠴᠡᠭᠯᠡᠭᠦᠯᠬᠦ ᠵᠣᠷᠢᠯᠭ᠎ᠠ ᠳᠤ ᠨᠠᠩ ᠰᠠᠶᠢᠨ ᠬᠦᠷᠦᠭᠦᠯᠬᠦ ᠶᠢᠨ ᠲᠥᠯᠥᠭᠡ᠂ 2023 ᠣᠨ ᠤ 4 ᠳ᠋ᠤᠭᠡᠷ ᠰᠠᠷ᠎ᠠ ᠶᠢᠨ 19 ᠤ ᠡᠳᠦᠷ ᠤᠨ ᠦᠳᠡ ᠶᠢᠨ ᠡᠮᠦᠨ᠎ᠡ᠂ ᠱᠦ ᠭᠤᠸᠠᠩ ᠬᠡᠦᠬᠡᠳ ᠤᠨ ᠴᠡᠴᠡᠷᠯᠢᠭ ᠭᠡᠷ ᠤᠨ ᠠᠬᠠᠮᠠᠳ ᠤᠨ ᠨᠡᠭᠡᠭᠡᠯᠲᠡᠲᠤ ᠡᠳᠦᠷ ᠤᠨ ᠠᠵᠢᠯᠯᠠᠭ᠎ᠠ ᠶᠢ ᠠᠮᠵᠢᠯᠲᠠ ᠲᠠᠢ ᠶᠠᠪᠤᠭᠳᠠᠭᠤᠯᠵᠠᠢ᠃ ᠲᠤᠬᠠᠢ ᠶᠢᠨ ᠡᠳᠦᠷ᠂ ᠭᠡᠷ ᠤᠨ ᠠᠬᠠᠮᠠᠳ ᠬᠡᠦᠬᠡᠳ ᠤᠳ ᠤᠨ ᠴᠡᠴᠡᠷᠯᠢᠭ ᠲᠠᠬᠢ ᠠᠵᠢᠯᠯᠠᠭ᠎ᠠ ᠶᠢ ᠲᠣᠭᠤᠷᠢᠨ ᠦᠵᠡᠵᠦ᠂ ᠬᠡᠦᠬᠡᠳ ᠤᠳ ᠤᠨ ᠴᠡᠴᠡᠷᠯᠢᠭ ᠲᠠᠬᠢ ᠠᠮᠢᠳᠤᠷᠠᠯ ᠪᠠ ᠰᠤᠷᠤᠯᠭ᠎ᠠ ᠶᠢᠨ ᠪᠠᠶᠢᠳᠠᠯ ᠢ ᠭᠦᠨᠵᠡᠭᠡᠢ ᠣᠶᠢᠯᠠᠭᠠᠨ᠂ ᠭᠡᠷ ᠣᠷᠣᠨ ᠢᠶᠠᠨ ᠬᠠᠮᠲᠤ ᠪᠠᠷ ᠴᠡᠴᠡᠭᠯᠡᠭᠦᠯᠬᠦ ᠵᠣᠷᠢᠯᠭ᠎ᠠ ᠳᠠᠭᠠᠨ ᠭᠦᠷᠦᠭᠰᠡᠨ ᠪᠠᠶᠢᠨ᠎ᠠ᠃      ᠲᠣᠰ ᠤᠳᠠᠭᠠᠨ ᠤ ᠠᠵᠢᠯᠯᠠᠭ᠎ᠠ ᠳᠤ᠂ ᠬᠡᠦᠬᠡᠳ ᠤᠨ ᠴᠡᠴᠡᠷᠯᠢᠭ ᠠᠴᠠ ᠭᠡᠷ ᠤᠨ ᠠᠬᠠᠮᠠᠳ ᠲᠤ ᠪᠠᠶᠠᠷ ᠬᠥᠷ ᠲᠠᠢ ᠥᠷᠯᠥᠭᠡ ᠶᠢᠨ ᠲᠠᠮᠢᠷ᠂ ᠰᠢᠮ᠎ᠡ ᠲᠡᠵᠢᠭᠡᠯ ᠲᠠᠢ ᠥᠷᠯᠥᠭᠡ ᠶᠢᠨ ᠬᠤᠭᠤᠯᠠ᠂ ᠵᠢᠭᠠᠨ ᠰᠤᠷᠭᠠᠯᠲᠠ ᠶᠢᠨ ᠠᠵᠢᠯᠯᠠᠭ᠎ᠠ ᠪᠠ ᠪᠤᠳᠤᠭᠲᠤ ᠵᠢᠷᠤᠭ ᠵᠢᠷᠤᠬᠤ ᠠᠵᠢᠯᠯᠠᠭ᠎ᠠ ᠶᠢᠨ ᠭᠤᠭᠴᠤᠭ᠎ᠠ ᠶᠢ ᠨᠡᠭᠡᠭᠡᠵᠦ᠂ ᠬᠡᠦᠬᠡᠳ ᠤᠨ ᠴᠡᠴᠡᠷᠯᠢᠭ ᠲᠠᠬᠢ ᠰᠤᠷᠤᠯᠭ᠎ᠠ᠂ ᠠᠮᠢᠳᠤᠷᠠᠯ ᠤᠨ ᠪᠠᠶᠢᠳᠠᠯ ᠢ ᠳᠡᠯᠭᠡᠨ ᠦᠵᠡᠭᠦᠯᠵᠡᠢ᠃ ᠪᠠᠭ᠎ᠠ ᠠᠩᠭᠢ ᠶᠢᠨ ᠳᠠᠭᠤᠤ ᠬᠥᠭᠵᠢᠮ ᠤᠨ ᠲᠣᠭᠯᠠᠭᠠᠮ ︽ᠪᠠᠲᠠᠭᠠᠨ᠎ᠠ ᠶᠢ ᠠᠯᠠᠭᠠᠳᠠᠨ᠎ᠠ︾᠂ ᠳᠤᠮᠳᠠ ᠠᠩᠭᠢ ᠶᠢᠨ ᠨᠡᠶᠢᠭᠡᠮ ᠤᠨ ᠬᠥᠳᠡᠯᠭᠡᠭᠡᠨ ︽ᠮᠢᠨᠤ ᠡᠵᠢ︾᠂ ᠶᠡᠭᠡ ᠠᠩᠭᠢ ᠶᠢᠨ ᠪᠤᠳᠤᠭᠲᠤ ᠵᠢᠷᠤᠭ ᠤᠨ ᠠᠵᠢᠯᠯᠠᠭ᠎ᠠ ᠨᠢ ︽ᠪᠢᠷ ᠤᠨ ᠦᠵᠦᠭᠦᠷ ᠲᠤ ᠬᠦᠰᠡᠯ ᠵᠡᠭᠦᠳᠦ ᠶᠢ ᠵᠢᠷᠤᠭᠯᠠᠵᠤ᠂ ᠬᠠᠪᠤᠷ ᠤᠨ ᠥᠩᠭᠡ ᠶᠢ ᠰᠣᠨᠢᠷᠬᠠᠭᠤᠯᠤᠨ᠎ᠠ︾᠂ ᠪᠠᠭᠰᠢ ᠨᠠᠷ ᠤᠨ ᠨᠠᠷᠢᠨ ᠨᠢᠮᠪᠠᠢ ᠲᠣᠬᠢᠷᠠᠭᠤᠯᠤᠯᠲᠠ ᠪᠠ ᠵᠣᠬᠢᠶᠠᠨ ᠪᠠᠶᠢᠭᠤᠯᠤᠯᠲᠠ ᠶᠢᠨ ᠳᠤᠮᠳᠠ ᠡᠯ᠎ᠡ ᠠᠩᠭᠢ   ᠶᠢᠨ ᠬᠢᠨ ᠰᠢᠨ᠎ᠡ ᠰᠤᠷᠭᠠᠨ ᠬᠥᠮᠦᠵᠢᠯ ᠤᠨ ᠦᠵᠡᠯᠲᠡ ᠶᠢ ᠳᠡᠯᠭᠡᠨ ᠦᠵᠡᠭᠦᠯᠵᠦ᠂ ᠪᠠᠶᠠᠷ ᠴᠡᠩᠭᠡᠯ ᠳᠤ ᠪᠠᠭᠲᠠᠭᠠᠨ᠂ ᠬᠡᠦᠬᠡᠳ ᠤᠨ ᠪᠡᠶᠡᠴᠢ ᠴᠣᠭᠴᠠ ᠶᠢᠨ ᠣᠷᠣᠯᠴᠠᠬᠤ ᠴᠢᠨᠠᠷ ᠢ ᠭᠦᠢᠴᠡᠳ ᠢᠯᠡᠷᠡᠭᠦᠯᠬᠦ ᠶᠢᠨ ᠬᠠᠮᠲᠤ ᠮᠠᠨ ᠤ ᠪᠠᠭᠰᠢ ᠶᠢᠨ ᠠᠪᠢᠶᠠᠰ ᠴᠢᠳᠠᠪᠤᠷᠢ  ᠶᠢ ᠭᠦᠢᠴᠡᠳ ᠢᠯᠡᠷᠡᠭᠦᠯᠵᠦ᠂ ᠪᠠᠰᠠ ᠵᠠᠷᠢᠮ ᠰᠢᠨ᠎ᠡ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠢ ᠭᠡᠷ ᠤᠨ ᠠᠬᠠᠮᠠᠳ ᠲᠤ ᠤᠯᠠᠮᠵᠢᠯᠠᠨ ᠥᠭᠴᠦ᠂ ᠠᠵᠢᠯᠯᠠᠭ᠎ᠠ ᠨᠢ ᠨᠡᠯᠢᠶᠡᠳ ᠰᠠᠶᠢᠨ ᠦᠷ᠎ᠡ ᠪᠦᠲᠦᠮᠵᠢ ᠣᠯᠣᠭᠰᠠᠨ ᠪᠠᠶᠢᠨ᠎ᠠ᠃ ᠲᠣᠰ ᠠᠵᠢᠯᠯᠠᠭ᠎ᠠ ᠳᠤ ᠪᠠᠰᠠ ᠡᠯ᠎ᠡ ᠠᠩᠭᠢ ᠶᠢᠨ ᠭᠡᠷ ᠤᠨ ᠠᠬᠠᠮᠠᠳ ᠤᠨ ᠵᠥᠪᠯᠡᠯ ᠤᠨ ᠭᠡᠰᠢᠭᠦᠳ ᠢ ᠤᠷᠢᠵᠤ ᠬᠡᠦᠬᠡᠳ ᠤᠨ ᠴᠡᠴᠡᠷᠯᠢᠭ ᠤᠨ ᠬᠤᠭᠤᠯᠠᠨ ᠭᠡᠷ ᠤᠨ ᠠᠵᠢᠯᠯᠠᠭᠠᠨ ᠤ ᠬᠠᠮᠢᠶᠠᠷᠤᠯᠲᠠ ᠶᠢᠨ ᠵᠠᠭᠪᠤᠷ ᠢ ᠣᠶᠢᠯᠠᠭᠠᠭᠤᠯᠵᠤ᠂ ᠲᠤᠬᠠᠢ ᠶᠢᠨ ᠲᠠᠯᠠᠪᠤᠷ ᠲᠤ ᠠᠵᠢᠯᠯᠠᠭᠤᠯᠤᠨ ᠦᠵᠡᠭᠦᠯᠵᠦ᠂ ᠭᠡᠷ ᠤᠨ ᠠᠬᠠᠮᠠᠳ ᠲᠤ ᠬᠡᠦᠬᠡᠳ ᠤᠨ ᠴᠡᠴᠡᠷᠯᠢᠭ ᠤᠨ ᠠᠵᠢᠯ ᠤᠨ ᠪᠠᠶᠢᠳᠠᠯ ᠢ ᠵᠠᠢ ᠵᠠᠪᠰᠠᠷ ᠦᠭᠡᠢ ᠣᠶᠢᠯᠠᠭᠠᠭᠤᠯᠵᠤ᠂ ᠬᠡᠦᠬᠡᠳ ᠤᠨ ᠴᠡᠴᠡᠷᠯᠢᠭ ᠲᠠᠬᠢ ᠠᠮᠢᠳᠤᠷᠠᠯ᠂ ᠢᠳᠡᠭᠡᠨ ᠤᠮᠳᠠᠭᠠᠨ ᠢ ᠪᠥᠬᠦ ᠲᠠᠯ᠎ᠠ ᠪᠠᠷ ᠤᠶᠢᠯᠠᠭᠠᠭᠤᠯᠪᠠ︕      ᠲᠣᠰ ᠤᠳᠠᠭᠠᠨ ᠤ ᠠᠵᠢᠯᠯᠠᠭ᠎ᠠ ᠪᠠᠷ ᠳᠡᠮᠵᠢᠨ᠂ ᠭᠡᠷ ᠤᠨ ᠠᠬᠠᠮᠠᠳ ᠢ ᠬᠡᠦᠬᠡᠳ ᠤᠨ ᠴᠡᠴᠡᠷᠯᠢᠭ ᠲᠤ ᠣᠷᠣᠭᠤᠯᠵᠤ᠂ ᠬᠡᠦᠬᠡᠳ ᠤᠨ ᠴᠡᠴᠡᠷᠯᠢᠭ ᠲᠤ ᠬᠠᠭᠠᠰ ᠡᠳᠦᠷ ᠬᠥᠳᠡᠯᠭᠡᠭᠡᠨ ᠬᠢᠵᠦ ᠪᠠᠶᠢᠭ᠎ᠠ ᠪᠠᠶᠢᠳᠠᠯ ᠢ ᠣᠶᠢᠯᠠᠭᠠᠭᠰᠠᠨ ᠢᠶᠠᠷ ᠪᠠᠷᠠᠬᠤ ᠦᠭᠡᠢ᠂ ᠪᠠᠰᠠ ᠭᠡᠷ ᠤᠨ ᠠᠬᠠᠮᠠᠳ ᠲᠤ ᠬᠡᠦᠬᠡᠳ ᠤᠨ ᠬᠥᠳᠡᠯᠭᠡᠭᠡᠨ ᠳᠤ ᠣᠷᠣᠯᠴᠠᠬᠤ ᠶᠢᠨ ᠪᠠᠶᠠᠷ ᠪᠠᠶᠠᠰᠤᠯ ᠢ ᠮᠡᠳᠡᠷᠡᠭᠦᠯᠵᠦ᠂ ︽ᠭᠡᠷ ᠣᠷᠣᠨ︾ ᠢ ᠰᠤᠷᠭᠠᠨ ᠬᠥᠮᠦᠵᠢᠯ ᠳᠤ ᠬᠠᠮᠵᠢᠯᠴᠠᠭᠤᠯᠬᠤ ᠶᠢᠨ ᠴᠢᠬᠤᠯᠠ ᠴᠢᠨᠠᠷ ᠢ ᠣᠶᠢᠯᠠᠭᠠᠭᠤᠯᠤᠭᠰᠠᠨ ᠪᠠᠶᠢᠨ᠎ᠠ᠃ ᠡᠨᠡ ᠤᠳᠠᠭ᠎ᠠ ᠶᠢᠨ ︽ᠭᠡᠷ ᠤᠨ ᠠᠬᠠᠮᠠᠳ ᠤᠨ ᠨᠡᠭᠡᠭᠡᠯᠲᠡ ᠶᠢᠨ ᠡᠳᠦᠷ︾ ᠤᠨ ᠠᠵᠢᠯᠯᠠᠭ᠎ᠠ ᠶᠢ ᠥᠷᠨᠢᠭᠦᠯᠦᠭᠰᠡᠨ ᠢᠶᠠᠷ᠂ ︽ᠭᠡᠷ ᠣᠷᠣᠨ︾ ᠤ ᠬᠤᠭᠤᠷᠣᠨᠳᠣᠬᠢ ᠨᠡᠪᠲᠡᠷᠡᠯᠴᠡᠭᠡ ᠶᠢᠨ ᠡᠷᠴᠢᠮ ᠢ ᠴᠢᠩᠭᠠᠷᠠᠭᠤᠯᠵᠤ᠂ ᠬᠡᠦᠬᠡᠳ ᠤᠨ ᠴᠡᠴᠡᠷᠯᠢᠭ ᠪᠣᠯᠣᠨ ᠭᠡᠷ ᠤᠨ ᠠᠬᠠᠮᠠᠳ ᠤᠨ ᠬᠤᠭᠤᠷᠣᠨᠳᠣᠬᠢ ᠵᠠᠢ ᠶᠢ ᠣᠶᠢᠷᠠᠲᠤᠭᠤᠯᠵᠤ᠂ ᠰᠤᠷᠭᠠᠨ ᠬᠥᠮᠦᠵᠢᠯ ᠤᠨ ᠰᠢᠨ᠎ᠡ ᠣᠶᠢᠯᠠᠭᠠᠭᠳᠠᠬᠤᠨ ᠢ ᠤᠯᠠᠮᠵᠢᠯᠠᠵᠤ᠂ ᠰᠤᠷᠭᠠᠨ ᠬᠥᠮᠦᠵᠢᠯ ᠤᠨ ᠦᠵᠡᠯ ᠰᠠᠨᠠᠭ᠎ᠠ ᠶᠢ ᠨᠢᠭᠡᠳᠬᠡᠨ᠂ ᠭᠡᠷ ᠣᠷᠣᠨ ᠢᠶᠠᠨ ᠬᠠᠮᠲᠤ ᠪᠠᠷ ᠴᠡᠴᠡᠭᠯᠡᠭᠦᠯᠬᠦ ᠥᠷᠨᠢᠯᠲᠡ ᠶᠢ ᠪᠣᠶ ᠪᠣᠯᠭᠠᠵᠤ᠂ ᠭᠡᠷ ᠣᠷᠣᠨ ᠢᠶᠠᠨ ᠬᠠᠮᠲᠤ ᠪᠠᠷ ᠴᠡᠴᠡᠭᠯᠡᠭᠦᠯᠬᠦ ᠳᠤ ᠰᠣᠯᠢᠯᠴᠠᠭᠠᠨ ᠤ ᠲᠠᠪᠴᠠᠩ ᠢ ᠪᠠᠶᠢᠭᠤᠯᠵᠤ ᠥᠭᠭᠦᠭᠰᠡᠨ ᠪᠠᠶᠢᠨ᠎ᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1