ᠲᠣᠭᠲᠠᠬᠤ ᠰᠢᠶᠠᠨ᠄ ᠠᠷᠠᠳ ᠴᠠᠭᠳᠠᠭ᠎ᠠ ᠬᠤᠯᠪᠣᠯᠴᠠᠨ ᠬᠤᠨ ᠭᠠᠯᠠᠭᠤ ᠶᠢ ᠠᠪᠤᠷᠠᠪᠠ
ᠨᠡᠶᠢᠲᠡᠯᠡᠭᠰᠡᠨ ᠴᠠᠭ᠄
2023/4/23
      ᠣᠶᠢᠷ᠎ᠠ ᠳᠤ᠂ ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠢ ᠠᠬᠤᠢ ᠶᠢᠨ ᠣᠷᠴᠢᠨ ᠲᠣᠭᠤᠷᠢᠨ ᠢᠳᠡᠭᠡᠨ ᠤ ᠵᠦᠢᠯ ᠡᠮ ᠤᠨ ᠵᠦᠢᠯ ᠤᠨ ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠶᠡᠭᠡ ᠠᠩᠭᠢ ᠬᠠᠯᠠᠭᠤᠨ ᠰᠡᠳᠬᠢᠯᠲᠦ ᠲᠣᠰᠬᠤᠨ ᠤ ᠠᠷᠠᠳ ᠯᠢ ᠣᠪᠣᠭᠲᠤ ᠶᠢᠨ ᠴᠠᠭᠳᠠᠭ᠎ᠠ ᠳᠤ ᠮᠡᠳᠡᠭᠦᠯᠬᠦ ᠤᠲᠠᠰᠤ ᠶᠢ ᠲᠤᠰᠴᠤ᠂ ᠵᠠᠮ ᠤᠨ ᠬᠠᠵᠠᠭᠤ ᠠᠴᠠ ᠨᠢᠭᠡ ︽ᠲᠣᠮᠣ ᠰᠢᠪᠠᠭᠤ︾ ᠣᠯᠵᠤ ᠠᠪᠤᠭᠠᠳ ᠵᠢᠭᠦᠷ ᠨᠢ ᠰᠢᠷᠬᠠᠲᠤᠭᠰᠠᠨ ᠪᠣᠯᠣᠯᠲᠠᠢ᠂ ᠵᠠᠮ ᠤᠨ ᠬᠠᠵᠠᠭᠤ ᠳᠤ ᠨᠢᠰᠴᠦ ᠬᠡᠪᠲᠡᠬᠦ ᠶᠢᠨ ᠠᠷᠭ᠎ᠠ ᠦᠭᠡᠢ ᠪᠣᠯᠵᠠᠢ᠂ ᠣᠲᠣ ︽ᠲᠣᠮᠣ ᠰᠢᠪᠠᠭᠤ︾  ᠨᠢ ᠥᠪᠡᠷ ᠤᠨ ᠭᠡᠷ ᠲᠡᠭᠡᠨ ᠠᠪᠠᠴᠢᠵᠤ ᠲᠡᠵᠢᠭᠡᠭᠡᠳ ᠪᠠᠶᠢᠨ᠎ᠠ ᠭᠡᠵᠡᠢ᠃      ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠢ ᠠᠬᠤᠢ ᠶᠢᠨ ᠣᠷᠴᠢᠨ ᠲᠤᠭᠤᠷᠢᠨ ᠢᠳᠡᠭᠡᠨ ᠤ ᠵᠦᠢᠯ ᠡᠮ ᠤᠨ ᠵᠦᠢᠯ ᠤᠨ ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠶᠡᠭᠡ ᠠᠩᠭᠢ ᠶᠢᠨ ᠠᠷᠠᠳ ᠤᠨ ᠴᠠᠭᠳᠠᠭ᠎ᠠ ᠲᠡᠷᠡ ᠳᠠᠷᠤᠢ ᠳᠤᠨᠢ ᠯᠢ ᠣᠪᠣᠭᠲᠤ ᠶᠢᠨ ᠭᠡᠷ ᠲᠤ ᠬᠦᠷᠴᠦ᠂ ᠨᠠᠷᠢᠨ ᠬᠢᠨᠠᠮᠠᠭᠠᠢ ᠬᠠᠷᠢᠴᠠᠭᠤᠯᠬᠤ ᠪᠠᠷ ᠳᠡᠮᠵᠢᠨ᠂ ᠰᠢᠷᠬᠠᠲᠤᠭᠰᠠᠨ ᠰᠢᠪᠠᠭᠤᠨ ᠤ ᠲᠥᠷᠥᠯ ᠪᠣᠯ ᠤᠯᠤᠰ ᠤᠨ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠠᠮᠢᠲᠠᠨ ᠪᠣᠯᠬᠤ ᠴᠠᠭᠠᠨ ᠬᠤᠨ ᠭᠠᠯᠠᠭᠤ ᠮᠥᠨ ᠭᠡᠳᠡᠭ ᠢ ᠲᠣᠳᠣᠯᠠᠵᠠᠢ᠂ ᠴᠠᠭᠠᠨ ᠬᠤᠨ ᠭᠠᠯᠠᠭᠤ ᠶᠢ ᠨᠠᠩ ᠲᠤᠰᠬᠠᠢ ᠠᠪᠤᠷᠠᠨ ᠵᠠᠰᠠᠬᠤ ᠶᠢᠨ ᠲᠥᠯᠥᠭᠡ᠂ ᠠᠷᠠᠳ ᠤᠨ ᠴᠠᠭᠳᠠᠭ᠎ᠠ ᠲᠡᠭᠦᠨ ᠢ ᠲᠣᠭᠲᠠᠬᠤ ᠰᠢᠶᠠᠨ ᠤ ᠱᠧᠨ ᠴᠢᠤᠸᠠᠨ ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠬᠤ ᠥᠷᠲᠡᠭᠡ ᠳᠤ ᠬᠦᠷᠭᠡᠵᠦ᠂ ᠲᠡᠭᠦᠨ ᠢ ᠰᠡᠷᠭᠦᠭᠡᠭᠰᠡᠨ ᠤ ᠳᠠᠷᠠᠭ᠎ᠠ ᠡᠬᠡ ᠪᠠᠶᠢᠭᠠᠯᠢ ᠳᠤ ᠲᠠᠯᠪᠢᠪᠠ᠃      ᠣᠶᠢᠷ᠎ᠠ ᠶᠢᠨ ᠵᠢᠯ ᠤᠳ ᠲᠤ᠂ ᠲᠤᠭᠳᠠᠬᠤ ᠰᠢᠶᠠᠨ ᠤ ᠠᠮᠢ ᠠᠬᠤᠢ ᠶᠢᠨ ᠣᠷᠴᠢᠨ ᠲᠣᠭᠤᠷᠢᠨ ᠲᠤᠶᠢᠯ ᠤᠨ ᠶᠡᠭᠡ ᠪᠠᠷ ᠰᠠᠶᠢᠵᠢᠷᠠᠵᠤ᠂ ᠡᠯ᠎ᠡ ᠵᠦᠢᠯ ᠤᠨ ᠨᠡᠭᠦᠳᠡᠯ ᠤᠨ ᠰᠢᠪᠠᠭᠤᠳ ᠤᠨ ᠲᠠᠭᠠᠰᠢᠶᠠᠯ ᠢ ᠣᠯᠵᠤ᠂ ᠬᠠᠪᠤᠷ ᠤᠨ ᠤᠯᠠᠷᠢᠯ ᠪᠣᠯᠬᠤ ᠪᠦᠷᠢ ᠬᠠᠲᠤᠨ ᠭᠤᠣᠯ ᠤᠨ ᠨᠤᠭᠤ ᠭᠠᠵᠠᠷ ᠤᠨ ᠬᠠᠮᠢᠶᠠᠷᠤᠨ ᠬᠠᠮᠠᠭᠠᠯᠠᠬᠤ ᠣᠷᠣᠨ ᠳᠤ ᠶᠡᠭᠡ ᠣᠯᠠᠨ ᠨᠡᠭᠦᠳᠡᠯ ᠤᠨ ᠰᠢᠪᠠᠭᠤᠳ ᠠᠳᠡ ᠨᠤᠲᠤᠭᠰᠢᠳᠠᠭ ᠪᠠᠶᠢᠨ᠎ᠠ᠃ ᠣᠶᠢᠷ᠎ᠠ ᠶᠢᠨ ᠬᠤᠭᠤᠴᠠᠭᠠᠨ ᠳᠤ ᠶᠡᠭᠡ ᠰᠠᠯᠬᠢ ᠰᠠᠯᠬᠢᠯᠠᠵᠤ᠂ ᠡᠯᠡᠰᠦᠨ ᠰᠢᠭᠤᠷᠭ᠎ᠠ ᠳᠡᠭᠳᠡᠵᠦ᠂ ᠦᠵᠡᠭᠳᠡᠴᠡ ᠳᠣᠣᠷ᠎ᠠ ᠪᠣᠯᠵᠤ᠂ ᠰᠢᠪᠠᠭᠤᠳ ᠤᠨ ᠨᠢᠰᠦᠯᠲᠡ ᠳᠤ ᠠᠰᠢᠭ ᠦᠭᠡᠢ ᠪᠣᠯᠤᠭᠰᠠᠨ ᠨᠢ ᠴᠠᠭᠠᠨ ᠬᠤᠨ ᠭᠠᠯᠠᠭᠤ ᠶᠢᠨ ᠰᠢᠷᠬᠠᠲᠤᠭᠰᠠᠨ ᠤ ᠰᠢᠯᠲᠠᠭᠠᠨ ᠪᠠᠶᠢᠵᠤ ᠮᠡᠳᠡᠨ᠎ᠡ᠃      2021 ᠣᠨ ᠤ 7 ᠰᠠᠷ᠎ᠠ ᠳᠤ᠂ ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠢ ᠠᠬᠤᠢ ᠶᠢᠨ ᠣᠷᠴᠢᠨ ᠲᠣᠭᠤᠷᠢᠨ ᠢᠳᠡᠭᠡᠨ ᠪᠠ ᠡᠮ ᠤᠨ ᠵᠦᠢᠯ ᠤᠨ ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠶᠡᠭᠡ ᠠᠩᠭᠢ ᠪᠠᠶᠢᠭᠤᠯᠤᠭᠳᠠᠭᠰᠠᠨ ᠠᠴᠠ ᠨᠠᠰᠢ᠂ ᠵᠢᠯ ᠪᠦᠷᠢ ᠶᠢᠨ ᠨᠡᠭᠦᠳᠡᠯ ᠤᠨ ᠰᠢᠪᠠᠭᠤ ᠲᠣᠭᠲᠠᠬᠤ ᠰᠢᠶᠠᠨ ᠤ ᠬᠠᠲᠤᠨ ᠭᠤᠣᠯ ᠤᠨ ᠴᠢᠭᠢᠭᠯᠢᠭ ᠭᠠᠵᠠᠷ ᠲᠤ ᠨᠡᠭᠦᠳᠡᠯᠯᠡᠨ ᠵᠣᠭᠰᠣᠬᠤ ᠦᠶᠡᠰ᠂ ᠶᠡᠭᠡ ᠠᠩᠭᠢ ᠶᠢᠨ ᠠᠷᠠᠳ ᠤᠨ ᠴᠠᠭᠳᠠᠭ᠎ᠠ᠂ ᠲᠤᠰᠠᠯᠠᠬᠤ ᠴᠠᠭᠳᠠᠭ᠎ᠠ ᠶᠢᠨ ᠬᠤᠷᠠᠯ ᠨᠢ ᠬᠥᠮᠥᠨ ᠠᠮᠠ ᠨᠢᠭᠲᠠᠷᠠᠨ ᠴᠤᠭᠯᠠᠷᠠᠭᠰᠠᠨ ᠣᠷᠣᠨ ᠂ ᠨᠤᠭᠤ ᠭᠠᠵᠠᠷ ᠤᠨ ᠬᠠᠮᠢᠶᠠᠷᠴᠤ ᠬᠠᠮᠠᠭᠠᠯᠠᠬᠤ ᠣᠷᠣᠨ ᠤ ᠡᠷᠬᠢᠨ ᠲᠣᠭᠤᠷᠢᠨ ᠤ ᠠᠶᠢᠯ ᠲᠣᠰᠬᠤᠨ ᠵᠡᠷᠭᠡ ᠭᠠᠵᠠᠷ ᠣᠷᠣᠨ ᠳᠤ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠤᠬᠠᠭᠤᠯᠭ᠎ᠠ ᠶᠢᠨ ᠠᠵᠢᠯᠯᠠᠭ᠎ᠠ ᠶᠢ ᠴᠢᠩᠭᠠᠳᠬᠠᠵᠤ᠂ ᠠᠶᠢᠯ ᠡᠷᠦᠬᠡ ᠪᠠᠷ ᠰᠤᠷᠪᠤᠯᠵᠢᠯᠠᠬᠤ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠬᠥᠨᠳᠡᠯᠡᠨ ᠪᠢᠴᠢᠭᠡᠰᠦ ᠡᠯᠭᠦᠬᠦ ᠵᠡᠷᠭᠡ ᠬᠡᠯᠪᠡᠷᠢ ᠪᠠᠷ ᠤᠯᠠᠨ ᠲᠦᠮᠡᠨ ᠳᠤ ᠬᠡᠭᠡᠷ᠎ᠡ ᠶᠢᠨ ᠠᠮᠢᠲᠠᠨ ᠢ ᠬᠠᠮᠠᠭᠠᠯᠠᠬᠤ᠂ ᠠᠪᠤᠷᠠᠨ ᠲᠤᠰᠠᠯᠠᠬᠤ ᠵᠡᠷᠭᠡ ᠮᠡᠳᠡᠯᠭᠡ ᠶᠢ ᠲᠦᠭᠡᠮᠡᠯᠵᠢᠭᠦᠯᠵᠦ᠂ ᠥᠷᠭᠡᠨ ᠤᠯᠠᠨ ᠲᠦᠮᠡᠨ ᠤ ᠠᠮᠢ ᠠᠬᠤᠢ ᠶᠢᠨ ᠣᠷᠴᠢᠨ ᠲᠣᠭᠤᠷᠢᠨ ᠪᠣᠯᠣᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠤᠬᠠᠮᠰᠠᠷ ᠢ ᠦᠨᠡᠨᠬᠦ  ᠲᠡᠭᠡᠭᠰᠢᠯᠡᠭᠦᠯᠵᠡᠢ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1