ᠲᠤᠭᠳᠠᠬᠤ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ︽ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠭᠰᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢ ᠬᠢᠴᠢᠶᠡᠯ ᠤᠨ ᠲᠠᠩᠬᠢᠮ ᠳᠤ ᠤᠷᠤᠭᠤᠯᠬᠤ︾ ᠰᠤᠳᠤᠯᠤᠨ ᠶᠠᠷᠢᠯᠴᠠᠬᠤ ᠬᠤᠷᠠᠯ ᠡᠷᠬᠢᠯᠡᠪᠡ
ᠨᠡᠶᠢᠲᠡᠯᠡᠭᠰᠡᠨ ᠴᠠᠭ᠄
2023/4/23
      ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠣᠶ ᠪᠣᠯᠭᠠᠵᠤ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠵᠢᠭᠠᠨ ᠰᠤᠷᠭᠠᠯᠲᠠ ᠶᠢᠨ ᠪᠥᠬᠦ ᠶᠠᠪᠤᠴᠠ ᠳᠤ ᠠᠭᠤᠰᠤᠯᠴᠠᠭᠤᠯᠬᠤ ᠶᠢᠨ ᠲᠥᠯᠥᠭᠡ᠂ 4 ᠳ᠋ᠤᠭᠡᠷ ᠰᠠᠷ᠎ᠠ ᠶᠢᠨ 21 ᠤ ᠡᠳᠦᠷ᠂ ᠲᠣᠭᠲᠠᠬᠤ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ︽ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠣᠶ ᠪᠣᠯᠭᠠᠵᠤ ᠬᠢᠴᠢᠶᠡᠯ ᠤᠨ ᠲᠠᠩᠬᠢᠮ ᠳᠤ ᠣᠷᠣᠭᠤᠯᠬᠤ ︾ ᠰᠤᠳᠤᠯᠤᠨ ᠶᠠᠷᠢᠯᠴᠠᠬᠤ ᠬᠤᠷᠠᠯ ᠢ ᠡᠷᠭᠢᠯᠡᠪᠡ᠃      ᠰᠤᠳᠤᠯᠤᠨ ᠶᠠᠷᠢᠯᠴᠠᠬᠤ ᠬᠤᠷᠠᠯ ᠳᠡᠭᠡᠷ᠎ᠡ᠂ ᠲᠤᠭᠳᠠᠬᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠪᠠᠭᠰᠢ ᠫᠠᠨ ᠱᠦ ᠵᠢᠶᠦ᠋ᠨ᠂ ᠲᠤᠭᠳᠠᠬᠤ ᠦᠨᠳᠦᠰᠦᠳᠡᠨ ᠤ ᠳᠤᠮᠳᠠᠳᠤ ᠰᠤᠷᠭᠠᠭᠤᠯᠢ ᠶᠢᠨ ᠪᠠᠭᠰᠢ ᠭᠤᠤ ᠶᠦᠨ ᠧ᠂ ᠲᠤᠭᠳᠠᠬᠤ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠪᠠᠭᠰᠢ ᠶᠠᠩ ᠴᠦᠨ ᠰᠢᠶᠠ᠂ ᠲᠤᠭᠳᠠᠬᠤ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠪᠠᠭᠰᠢ ᠶᠠᠩ ᠪᠠᠢ ᠧ᠂ ᠲᠤᠭᠳᠠᠬᠤ ᠭᠤᠷᠪᠠᠳᠤᠭᠠᠷ ᠪᠠᠭ᠎ᠠ ᠰᠤᠷᠭᠠᠭᠤᠯᠢ ᠶᠢᠨ ᠪᠠᠭᠰᠢ ᠸᠠᠩ ᠵᠢᠶᠦ᠋ᠨ ᠵᠢᠶᠧ ᠵᠡᠷᠭᠡ ᠲᠠᠪᠤᠨ ᠪᠠᠭᠰᠢ ᠲᠣᠰᠪᠣᠷᠢ ︽ᠵᠢᠭᠠᠨ ᠰᠤᠷᠭᠠᠯᠲᠠ ᠶᠢᠨ ᠣᠶᠢᠯᠠᠭᠠᠭᠳᠠᠬᠤᠨ᠂ ᠵᠢᠷᠤᠭ ᠲᠥᠯᠥᠪᠯᠡᠭᠡ ᠶᠢᠨ ᠰᠡᠳᠬᠢᠴᠡ᠂ ᠵᠢᠭᠠᠨ ᠰᠤᠷᠭᠠᠯᠲᠠ ᠶᠢᠨ ᠠᠷᠭ᠎ᠠ᠂ ᠭᠤᠣᠯᠯᠠᠭᠴᠢ ᠬᠡᠪ ᠪᠣᠯᠪᠠᠰᠤᠷᠠᠯ︾ ᠵᠡᠷᠭᠡ ᠲᠠᠯ᠎ᠠ ᠪᠠᠷ  ᠰᠤᠯᠢᠯᠴᠠᠭᠠᠨ ᠤ ᠶᠠᠷᠢᠶ᠎ᠠ ᠲᠠᠯᠪᠢᠵᠠᠢ᠃      ︽ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠨᠢ ᠡᠷᠳᠡᠮ ᠰᠢᠨᠵᠢᠯᠡᠭᠡᠨ ᠤ ᠮᠡᠳᠡᠯᠭᠡ ᠶᠢ ᠤᠯᠠᠮᠵᠢᠯᠠᠬᠤ ᠪᠠᠷ ᠪᠠᠷᠠᠬᠤ ᠦᠭᠡᠢ᠂ ᠨᠡᠩ ᠴᠤ ᠶᠣᠰᠣ ᠰᠤᠷᠲᠠᠬᠤᠨ ᠢ ᠪᠤᠶ ᠪᠣᠯᠭᠠᠵᠤ ᠬᠥᠮᠥᠨ ᠢ ᠬᠥᠮᠥᠵᠢᠭᠦᠯᠬᠦ ᠪᠠᠷ ᠭᠤᠣᠯ ᠭᠤᠭᠴᠤᠭ᠎ᠠ ᠪᠣᠯᠭᠠᠬᠤ ᠶᠢ ᠪᠠᠷᠢᠮᠲᠠᠯᠠᠵᠤ᠂ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠦᠬᠦ ᠶᠠᠪᠤᠴᠠ ᠳᠤ ᠲᠤᠤᠱᠯᠠᠭᠤᠯᠵᠤ᠂ ᠪᠦᠬᠦ ᠶᠠᠪᠤᠴᠠ ᠳᠤ ᠬᠥᠮᠥᠨ ᠢ ᠬᠥᠮᠥᠵᠢᠭᠦᠯᠬᠦ᠂ ᠪᠦᠬᠦ ᠲᠠᠯ᠎ᠠ ᠪᠠᠷ ᠬᠥᠮᠥᠨ ᠢ ᠬᠥᠮᠥᠵᠢᠭᠦᠯᠬᠦ ᠶᠢ ᠪᠡᠶᠡᠯᠡᠭᠦᠯᠬᠦ ᠳᠤ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠭᠰᠢ ᠨᠠᠷ ᠰᠤᠷᠤᠭᠴᠢᠳ ᠤᠨ ᠤᠶᠤᠨ ᠰᠠᠨᠠᠭᠠᠨ ᠳᠤ ᠦᠨᠡᠨ ᠰᠠᠶᠢᠨ ᠰᠠᠶᠢᠬᠠᠨ ᠤ ᠦᠷ᠎ᠡ ᠶᠢ ᠪᠤᠯᠠᠵᠤ᠂ ᠰᠤᠷᠤᠭᠴᠢᠳ ᠢ ᠬᠥᠲᠥᠯᠥᠨ ᠵᠢᠯᠤᠭᠤᠳᠴᠤ ᠪᠠᠶᠢᠭᠠᠳ ᠬᠥᠮᠥᠨ ᠤ ᠠᠮᠢᠳᠤᠷᠠᠯ ᠤᠨ ᠠᠩᠬᠠᠨ ᠤ ᠲᠣᠪᠴᠢ ᠶᠢ ᠰᠠᠶᠢᠲᠤᠷ ᠲᠣᠪᠴᠢᠯᠠᠭᠤᠯᠵᠤ᠂ ᠪᠠᠭᠰᠢ ᠨᠠᠷ ᠳᠤᠮᠳᠠᠳᠤ ᠶᠢᠨ ᠦᠨᠳᠦᠰᠦᠲᠡᠨ ᠤ ᠦᠯᠢᠬᠡᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠯᠢᠬᠡᠷ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠯᠢᠬᠡᠷ᠂ ᠣᠨᠴᠠᠭᠠᠶᠢᠯᠠᠨ ᠰᠢᠨ᠎ᠡ ᠴᠠᠭ ᠦᠶ᠎ᠡ ᠶᠢᠨ ᠦᠯᠢᠭᠡᠷ ᠢ ᠰᠠᠶᠢᠲᠤᠷ ᠶᠠᠷᠢᠭᠤᠯᠬᠤ ᠬᠡᠷᠡᠭᠲᠡᠢ︾ ᠭᠡᠵᠦ ᠲᠤᠭᠳᠠᠬᠤ ᠦᠨᠳᠦᠰᠦᠳᠡᠨ ᠤ ᠳᠤᠮᠳᠠᠳᠤ ᠰᠤᠷᠭᠠᠭᠤᠯᠢ ᠶᠢᠨ ᠤᠯᠤᠰ ᠲᠦᠷᠦ ᠶᠢᠨ ᠪᠠᠭᠰᠢ ᠵᠠᠩ ᠶᠦᠩ ᠴᠦᠨ ᠬᠡᠯᠡᠪᠡ᠃      ︽︿ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠵᠤ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠳᠤ ᠠᠭᠤᠰᠤᠯᠴᠠᠭᠤᠯᠬᠤ ᠬᠡᠷᠡᠭᠲᠡᠢ﹀᠂ ᠰᠤᠷᠤᠭᠴᠢᠳ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠦᠨᠳᠦᠰᠦᠲᠡᠨ ᠤ ᠪᠦᠯᠬᠦᠮᠳᠡᠯ ᠤᠨ ︿ᠭᠤᠷᠪᠠᠨ ᠰᠠᠯᠵᠤ ᠴᠢᠳᠠᠬᠤ ᠦᠭᠡᠢ﹀ ︿ᠲᠠᠪᠤᠨ ᠮᠡᠳᠡᠷᠡᠮᠵᠢ﹀ ᠶᠢ ᠭᠦᠨᠵᠡᠭᠡᠢ ᠲᠠᠨᠢᠭᠤᠯᠵᠤ᠂ ᠤᠯᠤᠰ ᠤᠨ ᠨᠢᠭᠡᠳᠦᠯ ᠪᠠ ᠦᠨᠳᠦᠰᠦᠲᠡᠨ ᠤ ᠪᠦᠯᠬᠦᠮᠳᠡᠯ ᠢ ᠡᠷᠡᠰ ᠬᠠᠮᠠᠭᠠᠯᠠᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ︾ ᠭᠡᠵᠦ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠪᠠᠭᠰᠢ ᠫᠠᠨ ᠱᠦ ᠵᠢᠶᠦ᠋ᠨ ᠬᠡᠯᠡᠪᠡ᠃      ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠲᠠᠯ᠎ᠠ ᠪᠠᠷ ᠴᠢᠬᠤᠯᠠ ᠶᠡᠭᠡ ᠰᠢᠨ᠎ᠡ ᠪᠠᠶᠢᠷᠢᠯᠠᠭᠤᠯᠤᠯᠲᠠ ᠬᠢᠵᠦ᠂ ᠰᠤᠷᠭᠠᠨ ᠬᠥᠮᠦᠵᠢᠯ ᠢ ᠤᠷᠢᠳ ᠢᠶᠠᠷ ᠬᠥᠭᠵᠢᠭᠦᠯᠬᠦ ᠪᠣᠯ ᠨᠠᠮ ᠪᠠ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠮᠥᠨ᠂ ᠪᠢᠳᠡ ᠥᠨᠥᠳᠥᠷ ᠲᠤᠭᠳᠠᠬᠤ ᠭᠤᠷᠪᠠᠳᠤᠭᠠᠷ ᠳᠤᠮᠳᠠᠳᠤ ᠰᠤᠷᠭᠠᠭᠤᠯᠢ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠳᠤ ᠠᠭᠤᠰᠬᠠᠨ ᠣᠷᠣᠭᠤᠯᠬᠤ ᠰᠣᠯᠢᠯᠴᠠᠭᠠᠨ ᠤ ᠰᠤᠳᠤᠯᠤᠨ ᠶᠠᠷᠢᠯᠴᠠᠬᠤ ᠬᠤᠷᠠᠯ ᠢ ᠬᠤᠷᠠᠯᠳᠤᠭᠤᠯᠵᠤ᠂ ᠪᠢᠳᠡᠨ ᠳᠤ ᠮᠠᠰᠢ ᠣᠯᠠᠨ ᠠᠰᠢᠭ ᠲᠤᠰᠠ ᠬᠦᠷᠲᠡᠭᠡᠭᠰᠡᠨ ᠪᠥᠭᠡᠳ ᠬᠤᠶᠢᠰᠢᠳᠠ ᠶᠢᠨ ᠠᠵᠢᠯ ᠤᠨ ᠳᠤᠮᠳᠠ ᠪᠠᠨ ᠲᠤᠭᠳᠠᠬᠤ ᠰᠢᠶᠠᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠶᠢ ᠵᠣᠷᠢᠭᠵᠢᠭᠤᠯᠤᠭᠰᠠᠨ ᠶᠤᠮ︾ ᠭᠡᠵᠦ ᠲᠤᠭᠳᠠᠬᠤ ᠰᠢᠶᠠᠨ ᠤ ᠰᠤᠷᠭᠠᠨ ᠬᠥᠮᠦᠵᠢᠯ ᠤᠨ ᠲᠣᠪᠴᠢᠶᠠᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠰᠤᠳᠤᠯᠭᠠᠨ ᠤ ᠲᠥᠪ ᠤᠨ ᠰᠤᠳᠤᠯᠤᠭᠴᠢ ᠵᠣᠤ ᠯᠢ ᠶᠢᠩ ᠬᠡᠯᠡᠪᠡ᠃      ᠲᠣᠰ ᠤᠳᠠᠭᠠᠨ ᠤ ᠰᠤᠳᠤᠯᠤᠨ ᠶᠠᠷᠢᠯᠴᠠᠬᠤ ᠬᠤᠷᠠᠯ ᠨᠢ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠨᠠᠷ ᠤᠨ ᠨᠢᠭᠡᠳᠦᠯᠲᠡᠢ ᠰᠠᠶᠢᠨ ᠦᠨᠡᠯᠡᠯᠲᠡ ᠶᠢ ᠣᠯᠵᠤ᠂ ᠣᠯᠠᠨ ᠢᠶᠠᠷ ᠢᠶᠠᠨ ᠲᠣᠰ ᠤᠳᠠᠭᠠᠨ ᠤ ᠵᠢᠭᠠᠨ ᠰᠤᠷᠭᠠᠯᠲᠠ ᠶᠢᠨ ᠰᠤᠳᠤᠯᠤᠨ ᠶᠠᠷᠢᠯᠴᠠᠬᠤ ᠬᠤᠷᠠᠯ ᠨᠢ ᠣᠨᠣᠯ ᠤᠨ ᠲᠤᠬᠠᠢ ᠭᠦᠨᠵᠡᠭᠡᠢ ᠲᠠᠶᠢᠯᠪᠤᠷᠢᠯᠠᠯᠲᠠ ᠬᠢᠭᠰᠡᠨ ᠮᠥᠷᠲᠡᠭᠡᠨ ᠪᠠᠰᠠ ᠵᠢᠭᠠᠨ ᠰᠤᠷᠭᠠᠯᠲᠠ ᠶᠢᠨ ᠦᠢᠯᠡᠳᠦᠯᠭᠡ ᠶᠢᠨ ᠲᠤᠬᠠᠢ ᠨᠠᠷᠢᠯᠢᠭ ᠣᠨᠣᠴᠠᠲᠠᠢ ᠵᠢᠯᠣᠭᠤᠳᠤᠯᠭ᠎ᠠ ᠬᠢᠭᠰᠡᠨ ᠪᠣᠯᠬᠤᠷ ᠵᠢᠭᠠᠨ ᠰᠤᠷᠭᠠᠯᠲᠠ ᠶᠢᠨ ᠬᠠᠷᠠᠭ᠎ᠠ ᠶᠢ ᠤᠯᠠᠮ ᠨᠢᠭᠡ ᠠᠯᠬᠤᠮ ᠥᠷᠭᠡᠳᠬᠡᠵᠦ᠂ ᠵᠢᠭᠠᠨ ᠰᠤᠷᠭᠠᠯᠲᠠ ᠶᠢᠨ ᠰᠡᠳᠬᠢᠮᠵᠢ ᠶᠢ ᠲᠣᠳᠣᠷᠬᠠᠢ ᠪᠣᠯᠭᠠᠭᠰᠠᠨ ᠪᠣᠯᠬᠤᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠣᠶ ᠪᠣᠯᠭᠠᠬᠤ ᠵᠢᠭᠠᠨ ᠰᠤᠷᠭᠠᠯᠲᠠ ᠶᠢᠨ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠬᠦ ᠳᠤ ᠠᠰᠢᠭᠲᠠᠢ ᠭᠡᠵᠦ ᠦᠵᠡᠵᠦ ᠪᠠᠶᠢᠨ᠎ᠠ᠃ ᠤᠯᠠᠨ ᠢᠶᠠᠷ ᠢᠶᠠᠨ ᠬᠤᠶᠢᠰᠢᠳᠠ ᠶᠢᠨ ᠠᠵᠢᠯ ᠳᠤᠮᠳᠠ ᠪᠠᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠢ ᠰᠠᠶᠢᠲᠤᠷ ᠶᠠᠷᠢᠵᠤ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠵᠦ᠂ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠤᠨ ᠠᠵᠢᠯ ᠢ ᠨᠠᠷᠢᠨ ᠪᠣᠳᠠᠲᠠᠢ ᠠᠳᠬᠤᠨ᠎ᠠ ᠭᠡᠵᠦ ᠢᠯᠡᠳᠬᠡᠵᠡᠭᠡᠪᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1