ᠲᠤᠭᠳᠠᠬᠤ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ︽ᠤᠮᠠᠷᠠᠲᠤ ᠬᠢᠯᠢ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠬᠠᠷᠢᠶᠠᠲᠤ ᠣᠷᠣᠨ ᠤ ᠡᠮᠨᠡᠯᠭᠡ ᠶᠢᠨ ᠬᠤᠷᠢᠶ᠎ᠠ ᠳᠤ ᠭᠦᠨᠵᠡᠭᠡᠶᠢᠷᠡᠨ ᠭᠠᠯ ᠤᠨᠲᠠᠷᠠᠭᠠᠬᠤ ᠠᠮᠤᠷ ᠲᠦᠪᠰᠢᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/4/23
      ᠣᠶᠢᠷ᠎ᠠ ᠶᠢᠨ ᠬᠤᠭᠤᠴᠠᠭᠠᠨ ᠤ ᠭᠠᠯ ᠤᠨ ᠠᠶᠤᠯ ᠤᠨ ᠡ᠊ᠨᠳᠡᠯ ᠤᠨ ᠰᠤᠷᠭᠠᠮᠵᠢ ᠶᠢ ᠭᠦᠨᠵᠡᠭᠡᠢ ᠭᠥᠯᠢᠶᠡᠨ ᠠᠪᠴᠦ᠂ ᠬᠠᠷᠢᠶ᠎ᠠ ᠣᠷᠣᠨ ᠤ ᠤᠯᠠᠨ ᠲᠦᠮᠡᠨ ᠤ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠦᠵᠡᠯ ᠤᠬᠠᠮᠰᠠᠷ ᠢ ᠤᠯᠠᠮ ᠨᠢᠭᠡ ᠠᠯᠬᠤᠮ ᠲᠡᠭᠡᠭᠰᠢᠯᠡᠭᠦᠯᠬᠦ ᠶᠢᠨ ᠲᠦᠯᠦᠭᠡ᠂ 4 ᠳ᠋ᠤᠭᠡᠷ ᠰᠠᠷ᠎ᠠ ᠶᠢᠨ 20 ᠤ ᠡᠳᠦᠷ᠂ ᠲᠤᠭᠳᠠᠬᠤ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ︽ᠤᠮᠠᠷᠠᠲᠤ ᠬᠢᠯᠢ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠬᠠᠷᠢᠶ᠎ᠠ ᠣᠷᠣᠨ ᠤ ᠪᠠᠨ ᠡᠮᠨᠡᠯᠭᠡ ᠶᠢᠨ ᠬᠤᠷᠢᠶ᠎ᠠ ᠳᠤ ᠭᠦᠨᠵᠡᠭᠡᠶᠢᠷᠡᠨ ᠭᠠᠯ ᠤᠨᠲᠠᠷᠠᠭᠠᠬᠤ ᠠᠮᠤᠷ ᠲᠦᠪᠰᠢᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃
     ᠡᠮᠨᠡᠯᠭᠡ ᠶᠢᠨ ᠬᠤᠷᠢᠶᠠᠨ ᠤ ᠠᠵᠢᠯᠲᠠᠨ ᠤ ᠨᠡᠭᠦᠳᠡᠯ ᠴᠢᠨᠠᠷ ᠶᠡᠭᠡ᠂ ᠥᠪᠡᠷ ᠢ ᠪᠠᠨ ᠰᠡᠷᠭᠡᠶᠢᠯᠡᠵᠦ ᠥᠪᠡᠷ ᠢ ᠪᠠᠨ ᠠᠪᠤᠷᠠᠬᠤ ᠴᠢᠳᠠᠪᠤᠷᠢ ᠪᠠᠭᠤᠷᠠᠢ ᠵᠡᠷᠭᠡ ᠣᠨᠴᠠᠯᠢᠭ ᠲᠤ ᠴᠢᠭᠯᠡᠭᠦᠯᠦᠨ᠂ ᠭᠠᠯ ᠤᠨᠲᠠᠷᠠᠭᠠᠬᠤ ᠰᠠᠶᠢᠨ ᠳᠤᠷ᠎ᠠ ᠶᠢᠨ ᠦᠢᠯᠡᠴᠢᠯᠡᠭᠴᠢᠳ ᠡᠮᠨᠡᠯᠭᠡ ᠶᠢᠨ ᠬᠤᠷᠢᠶᠠᠨ ᠤ ᠭᠠᠯ ᠤᠨ ᠭᠠᠮᠰᠢᠭ ᠤᠨ ᠠᠶᠤᠯᠲᠤ ᠴᠢᠨᠠᠷ ᠢ ᠳᠥᠭᠦᠮ ᠣᠶᠢᠯᠠᠭᠠᠮᠵᠢᠲᠠᠢ ᠦᠭᠡ ᠬᠡᠯᠡ ᠪᠠᠷ ᠣᠯᠠᠨ ᠳᠤ ᠶᠠᠷᠢᠵᠤ ᠥᠭᠪᠡ᠃ ᠡᠮᠨᠡᠯᠭᠡ ᠶᠢᠨ ᠬᠤᠷᠢᠶᠠᠨ ᠤ ᠭᠠᠯ ᠤᠨ ᠭᠠᠮᠰᠢᠭ ᠤᠨ ᠰᠢᠯᠲᠠᠭᠠᠨ ᠪᠠ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠭᠦᠨᠵᠡᠭᠡᠢ ᠵᠠᠳᠠᠯᠵᠤ᠂ ᠡᠭᠦᠨ ᠤ ᠬᠠᠮᠲᠤ ᠨᠠᠰᠢ ᠴᠠᠰᠢ ᠵᠣᠷᠴᠢᠬᠤ ᠣᠯᠠᠨ ᠲᠦᠮᠡᠨ ᠳᠤ ᠤᠬᠠᠭᠤᠯᠭ᠎ᠠ ᠶᠢᠨ ᠳᠡᠪᠲᠡᠷ ᠲᠠᠷᠬᠠᠭᠠᠵᠤ᠂ ᠡᠮᠨᠡᠯᠭᠡ ᠶᠢᠨ ᠬᠤᠷᠢᠶᠠᠨ ᠤ ᠡᠳᠦᠷ ᠲᠤᠲᠤᠮ ᠤᠨ ᠭᠠᠯ ᠰᠡᠷᠭᠡᠶᠢᠯᠡᠬᠦ᠂ ᠭᠠᠯ ᠤᠨᠲᠠᠷᠠᠭᠠᠬᠤ ᠡᠬᠢᠨ ᠤ ᠦᠶ᠎ᠡ ᠶᠢᠨ ᠭᠠᠯ ᠤᠨ ᠠᠶᠤᠯ᠂ ᠠᠮᠢ ᠵᠢᠭᠤᠲᠠᠬᠤ᠂ ᠥᠪᠡᠷ ᠢ ᠪᠠᠨ ᠠᠪᠤᠷᠠᠬᠤ ᠵᠠᠷᠴᠢᠮ ᠵᠢᠴᠢ ᠠᠩᠬᠠᠷᠬᠤ ᠵᠦᠢᠯᠡᠰ᠂ ︽ᠳᠥᠷᠪᠡᠨ ᠴᠢᠳᠠᠪᠤᠷᠢ︾ ᠶᠢᠨ ᠪᠠᠶᠢᠭᠤᠯᠤᠯᠲᠠ᠂ ᠬᠡᠷᠬᠢᠨ ᠴᠠᠬᠢᠯᠭᠠᠨ᠂ ᠬᠡᠢ᠂ ᠭᠠᠯ ᠢ ᠵᠥᠪ ᠬᠡᠷᠡᠭᠯᠡᠬᠦ᠂ ᠡᠯ᠎ᠡ ᠲᠥᠷᠥᠯ ᠤᠨ ᠭᠠᠯ ᠤᠨ ᠠᠶᠤᠯ ᠤᠨ ᠣᠨᠴᠠᠯᠢᠭ ᠪᠠ ᠭᠠᠯ ᠤᠨᠲᠠᠷᠠᠭᠠᠬᠤ ᠠᠷᠭ᠎ᠠ ᠶᠢ ᠵᠥᠪ ᠣᠨᠣᠪᠴᠢᠲᠠᠢ ᠬᠡᠷᠡᠭᠯᠡᠬᠦ᠂ ︽119︾ ᠶᠢᠨ ᠰᠡᠷᠡᠮᠵᠢ ᠶᠢᠨ ᠳ᠋ᠢᠶᠠᠩᠬᠤᠸᠠ᠂ ᠭᠠᠯ ᠤᠨ ᠲᠠᠯᠠᠪᠠᠶ ᠶᠢᠨ ᠠᠮᠢ ᠵᠢᠭᠤᠲᠠᠵᠤ ᠥᠪᠡᠷ ᠢ ᠪᠠᠨ ᠠᠪᠤᠷᠠᠬᠤ ᠵᠡᠷᠭᠡ ᠠᠭᠤᠯᠭ᠎ᠠ ᠶᠢ ᠨᠠᠷᠢᠨ ᠲᠠᠶᠢᠯᠪᠤᠷᠢᠯᠠᠵᠤ  ᠦᠭᠪᠡ᠃
     ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠬᠠᠷᠢᠶᠠᠲᠤ ᠣᠷᠣᠨ ᠤ ᠣᠯᠠᠨ ᠲᠦᠮᠡᠨ ᠳᠤ ᠭᠠᠯ ᠤᠨᠲᠠᠷᠠᠭᠠᠬᠤ ᠮᠡᠳᠡᠯᠭᠡ ᠶᠢᠨ ᠲᠤᠬᠠᠢ ᠤᠯᠠᠮ ᠨᠢᠭᠡ ᠠᠯᠬᠤᠮ ᠲᠠᠨᠢᠯᠲᠠ ᠪᠠ ᠣᠶᠢᠯᠠᠭᠠᠯᠲᠠ ᠲᠠᠢ ᠪᠣᠯᠭᠠᠵᠤ᠂ ᠥᠪᠡᠷ ᠢ ᠪᠠᠨ ᠰᠡᠷᠭᠡᠶᠢᠯᠡᠵᠦ ᠥᠪᠡᠷ ᠢ ᠪᠠᠨ ᠠᠪᠤᠷᠠᠬᠤ ᠴᠢᠳᠠᠪᠤᠷᠢ ᠶᠢ ᠦᠨᠡᠨᠬᠦ ᠳᠡᠭᠡᠭᠰᠢᠯᠡᠭᠦᠯᠦᠨ᠂ ᠭᠠᠯ ᠤᠨᠲᠠᠷᠠᠭᠠᠬᠤ ᠶᠢ ᠰᠤᠷᠤᠯᠴᠠᠬᠤ᠂ ᠭᠠᠯ ᠤᠨᠲᠠᠷᠠᠭᠠᠬᠤ ᠳᠤ ᠣᠷᠣᠯᠴᠠᠬᠤ ᠢᠳᠡᠪᠬᠢᠵᠢᠯ ᠢ ᠨᠢ ᠬᠥᠭᠵᠢᠭᠡᠵᠦ᠂ ᠡᠮᠨᠡᠯᠭᠡ ᠶᠢᠨ ᠬᠤᠷᠢᠶ᠎ᠠ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠰᠠᠶᠢᠨ ᠰᠠᠶᠢᠬᠠᠨ ᠣᠷᠴᠢᠨ ᠲᠣᠭᠤᠷᠢᠨ ᠢ ᠡᠭᠦᠳᠦᠨ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1